ᠳᠡᠭᠡᠳᠦ ᠬᠤᠷᠲᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠵᠦ᠂ ᠮᠠᠨ ᠤ ᠣᠷᠣᠨ ᠤ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2016/7/4
     ᠰᠤᠷᠪᠤᠯᠵᠢᠯᠠᠭᠰᠠᠨ ᠴᠠᠭ᠄      2016 ᠣᠨ ᠤ 6 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨᠡᠬᠢ 10 ᠴᠠᠭ ᠲᠤ      ᠰᠤᠷᠪᠤᠯᠵᠢᠯᠠᠭᠰᠠᠨ ᠵᠣᠴᠢᠨ᠄      ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠢᠤᠢ ᠬᠠᠶ ᠫᠢᠩ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠳᠡᠭᠡᠳᠦ ᠬᠤᠷᠲᠤ ᠶᠢᠨ ᠥᠷᠭᠡᠨ ᠪᠦᠰᠡ ᠶᠢ ᠲᠦᠷᠭᠡᠨ ᠪᠠᠶᠢᠭᠤᠯᠵᠤ᠂ ᠰᠦᠯᠵᠢᠶᠡᠨ ᠤ ᠬᠤᠷᠳᠤᠴᠠ ᠶᠢ ᠨᠡᠮᠡᠭᠳᠡᠭᠦᠯᠦᠨ ᠰᠦᠢᠳᠬᠡᠯ ᠢ ᠪᠠᠭᠤᠷᠠᠭᠤᠯᠬᠤ ᠠᠵᠢᠯ ᠢ ᠠᠬᠢᠭᠤᠯᠵᠤ᠂ ᠡᠭᠦᠯᠡᠨ ᠪᠣᠳᠣᠯᠳᠠ ᠂ ᠶᠡᠭᠡ ᠲᠤᠭ᠎ᠠ ᠪᠠᠷᠢᠮᠲᠠ ᠵᠢᠴᠢ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢᠨ ᠬᠢᠷᠢ ᠬᠡᠮᠵᠢᠶ᠎ᠡ ᠶᠢ  ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ︽ᠳᠡᠭᠡᠳᠦ ᠬᠤᠷᠲᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠰᠤᠳᠤᠯᠤᠨ ᠲᠤᠭᠤᠷᠪᠢᠵᠤ᠂ ᠣᠷᠴᠢᠮᠬᠠᠨ ᠪᠦᠬᠦ ᠣᠷᠣᠨ ᠳᠤ ᠳᠠᠷᠤᠮᠠᠯᠯᠠᠨ ᠲᠠᠷᠬᠠᠭᠠᠵᠠᠢ᠃ ︽ᠰᠠᠨᠠᠯ︾ ᠤᠨ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠲᠤᠰᠠᠳᠠ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠢᠤᠢ ᠬᠠᠶ ᠫᠢᠩ ᠢ ︽ᠳᠤᠮᠳᠠᠳᠤ ᠤᠯᠤᠰ ᠂ ᠥᠪᠥᠷ ᠮᠣᠩᠭᠤᠯ ︾ ᠰᠦᠯᠵᠢᠶᠡᠨ ᠳᠤ ᠤᠷᠢᠪᠠ᠂ ᠥᠷᠭᠡᠨ ᠣᠯᠠᠨ ᠰᠦᠯᠵᠢᠶᠡᠨ ᠠᠨᠳᠠ ᠨᠠᠷ ᠢᠳᠡᠪᠬᠢᠲᠡᠶ ᠣᠷᠣᠯᠴᠠᠬᠤ ᠪᠤᠯᠪᠠᠣ︕                         ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ ᠪᠦᠬᠦᠨ ᠤ ᠲᠣᠰ ᠬᠤᠭᠤᠴᠠᠭ᠎ᠠ ᠶᠢᠨ ︽ᠳᠤᠮᠳᠠᠳᠤ ᠤᠯᠤᠰ᠂ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠠᠷᠢᠯᠴᠠᠯᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠢᠤᠢ ᠬᠠᠶ ᠫᠢᠩ ᠢ ᠤᠷᠢᠵᠤ ︽ᠰᠠᠨᠠᠯ︾ ᠳᠤ ᠳᠤᠷᠠᠳᠤᠭᠰᠠᠨ ᠮᠠᠨ ᠤ ᠣᠷᠣᠨ ᠤ ᠳᠡᠭᠡᠳᠦ ᠬᠤᠷᠳᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢ ᠬᠡᠷᠬᠢᠨ ᠲᠦᠷᠭᠡᠳᠬᠡᠬᠦ ᠲᠤᠬᠠᠶ ᠬᠠᠮᠢᠶ᠎ᠠ ᠪᠦᠬᠦᠢ ᠰᠠᠨᠠᠯ ᠢᠶᠠᠨ ᠰᠦᠯᠵᠢᠶᠡᠨ ᠠᠨᠳᠠ ᠨᠠᠷ ᠲᠠᠢ ᠰᠣᠯᠢᠯᠴᠠᠬᠤ ᠪᠦᠭᠡᠳ ᠰᠦᠯᠵᠢᠶᠡᠨ ᠠᠨᠳᠠ ᠨᠠᠷ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠬᠤ ᠪᠣᠯᠣᠨ᠎ᠠ᠃ ᠰᠢᠦᠢ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ︕      ᠰᠢᠤᠢ ᠬᠠᠶ ᠫᠢᠩ᠄      ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠲᠠ ᠪᠦᠭᠦᠨ ᠰᠠᠶᠢᠨ ᠪᠠᠶᠢᠵᠠᠭᠠᠨ᠎ᠠ ᠦᠦ︕ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃ ᠡᠨᠡᠬᠦ ᠲᠠᠰᠢᠷᠠᠮ ᠳᠤ᠂ ᠪᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠡᠮᠦᠨ᠎ᠡ ᠠᠴᠠ ᠮᠠᠨ ᠤ ᠣᠷᠣᠨ ᠤ ᠳᠡᠭᠡᠳᠦ ᠬᠤᠷᠳᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠷ ᠲᠠᠭᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃      ᠬᠥᠲᠥᠯᠥᠭᠴᠢ᠄      ᠰᠢᠦᠢ ᠡᠷᠬᠢᠯᠡᠭᠴᠢ ᠡ᠂ ᠨᠢᠳᠤᠨᠤᠨ ᠠᠴᠠ ᠨᠠᠰᠢ᠂ ᠳᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ ᠰᠠᠶᠢᠳ ᠯᠢ  ᠺᠧ ᠴᠢᠶᠠᠩ ︽ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠢ ᠪᠠᠭᠤᠷᠠᠭᠤᠯᠬᠤ︾ ᠳᠤᠷᠠᠳᠤᠯᠭ᠎ᠠ ᠭᠠᠷᠭᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠨᠢᠭᠡᠳᠦᠯᠲᠡᠶ ᠪᠠᠶᠢᠷᠢᠯᠠᠭᠤᠯᠵᠤ᠂ ᠴᠢᠮᠡᠭᠡ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠳ ᠤᠷᠢᠳ ᠬᠤᠵᠢᠳ ᠬᠤᠷᠳᠤ ᠶᠢ ᠨᠡᠮᠡᠭᠳᠡᠭᠦᠯᠦᠨ ᠰᠦᠢᠳᠬᠡᠯ ᠢ ᠪᠠᠭᠤᠷᠠᠭᠤᠯᠬᠤ ᠲᠥᠰᠦᠯ ᠭᠠᠷᠭᠠᠵᠤ᠂ ᠱᠠᠳᠤ ᠱᠠᠳᠤ ᠪᠠᠷ ᠬᠡᠷᠡᠭᠵᠢᠭᠦᠯᠪᠡ᠃ ᠲᠡᠭᠡᠪᠡᠯ ᠮᠠᠨ ᠤ ᠣᠷᠣᠨ ᠳᠠᠬᠢ ᠡᠨᠡᠬᠦ ᠠᠵᠢᠯ ᠤᠨ ᠠᠬᠢᠴᠠ ᠶᠢᠨ ᠪᠠᠶᠢᠳᠠᠯ ᠶᠠᠮᠠᠷᠰᠢᠤ ᠪᠠᠶᠢᠬᠤ ᠪᠤᠢ︖      ᠰᠢᠤᠢ ᠬᠠᠶ ᠫᠢᠩ᠄      ᠪᠣᠯᠣᠨ᠎ᠠ᠂ ᠪᠢ ᠥᠪᠡᠷᠲᠡᠭᠡᠨ ᠵᠠᠰᠠᠬᠤ ᠣᠷᠣᠨ ᠤ ᠰᠦᠢᠳᠬᠡᠯ ᠪᠠᠭᠤᠷᠠᠭᠤᠯᠤᠭᠰᠠᠨ ᠪᠠᠶᠢᠳᠠᠯ ᠢ ᠲᠣᠪᠴᠢᠬᠠᠨ ᠲᠠᠨᠢᠯᠴᠠᠭᠤᠯᠤᠶ᠎ᠠ᠃ 2015 ᠣᠨ ᠳᠤ᠂ ᠴᠢᠮᠡᠭᠡ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠳ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠢ ᠪᠠᠭᠤᠷᠠᠭᠤᠯᠬᠤ ᠲᠥᠰᠦᠯ ᠤᠨ ᠢᠶᠠᠨ ᠶᠣᠰᠣᠭᠠᠷ᠂ ᠰᠢᠯᠵᠢᠮᠡᠯ ᠳ᠋ᠠᠶᠢᠲ᠋ᠠ ᠶᠢᠨ  ᠤᠷᠤᠰᠤᠴᠠ ᠶᠢᠨ ᠶᠡᠷᠦᠩᠬᠡᠶᠢᠯᠡᠭᠰᠡᠨ ᠨᠢᠭᠡᠴᠢ ᠦᠨ᠎ᠡ ᠶᠢ 20 % ᠪᠠᠷ ᠪᠠᠭᠤᠷᠠᠭᠤᠯᠬᠤ᠂ ᠲᠣᠭᠲᠠᠮᠠᠯ ᠥᠷᠭᠡᠨ ᠪᠦᠰᠡᠲᠦ ᠰᠦᠯᠵᠢᠶᠡᠨ ᠤ ᠪᠦᠰᠡ ᠶᠢᠨ ᠨᠢᠭᠡᠴᠢ ᠥᠷᠭᠡᠴᠡ ᠶᠢᠨ ᠳᠤᠮᠳᠠᠴᠢ ᠦᠨ᠎ᠡ ᠶᠢ 30 % ᠪᠠᠷ ᠪᠠᠭᠤᠷᠠᠭᠤᠯᠬᠤ ᠶᠢ ᠨᠢᠭᠡᠨᠲᠡ ᠪᠡᠶᠡᠯᠡᠭᠦᠯᠵᠦ᠂ ᠡᠨᠡ ᠵᠢᠯ ᠡᠭᠦᠨ ᠤ ᠰᠠᠭᠤᠷᠢᠨ ᠳᠡᠭᠡᠷ᠎ᠡ᠂ ᠡᠯ᠎ᠡ ᠵᠦᠢᠯ ᠤᠨ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠢ ᠪᠠᠭᠤᠷᠠᠭᠤᠯᠵᠤ ᠪᠠᠶᠢᠨ᠎ᠠ᠃      ᠬᠥᠲᠥᠯᠥᠭᠴᠢ᠄      ᠡᠨᠡᠬᠦ ︽ᠰᠠᠨᠠᠯ︾ ᠨᠢ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠢ ᠪᠠᠭᠤᠷᠠᠭᠤᠯᠬᠤ ᠲᠠᠢ ᠶᠠᠮᠠᠷ  ᠬᠤᠯᠪᠣᠭᠳᠠᠯ ᠲᠠᠢ ᠪᠤᠢ︖ ᠥᠭᠡᠷ᠎ᠡ ᠪᠠᠷ ᠬᠡᠯᠡᠪᠡᠯ ᠨᠡᠶᠢᠲᠡᠯᠡᠨ ᠬᠡᠷᠡᠭᠵᠢᠭᠦᠯᠦᠭᠰᠡᠨ ᠵᠣᠷᠢᠯᠭ᠎ᠠ ᠨᠢ ᠶᠠᠭᠤ ᠪᠤᠢ︖ ᠲᠠ ᠮᠠᠨ  ᠳᠤ ᠶᠠᠷᠢᠭᠠᠳ ᠥᠭᠭᠦᠨ᠎ᠡ ᠦᠦ᠃      ᠰᠢᠤᠢ ᠬᠠᠶ ᠫᠢᠩ᠄      ᠰᠠᠶ᠋ᠢᠬᠠᠨ ᠰᠦᠢᠳᠬᠡᠯ ᠪᠠᠭᠤᠷᠠᠭᠤᠯᠤᠭᠰᠠᠨ ᠪᠠᠶᠢᠳᠠᠯ ᠢ ᠤᠯᠠᠨ ᠳᠤ ᠶᠠᠷᠢᠯ᠎ᠠ᠂ ᠲᠡᠭᠡᠪᠡᠯ ︽ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠪᠠᠭᠤᠷᠠᠭᠤᠯᠬᠤ︾ ᠶᠢ ᠬᠡᠷᠬᠢᠨ ᠪᠡᠶᠡᠯᠡᠭᠦᠯᠬᠦ ᠪᠣᠢ᠂ ᠡᠨᠡ ᠪᠣᠯ ᠳᠠᠷᠤᠢ ᠮᠠᠨ ᠤ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠳᠡᠭᠡᠳᠦ ᠬᠤᠷᠳᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠤᠨ ᠬᠦᠰᠡᠭᠰᠡᠨ ᠵᠣᠷᠢᠯᠲᠠ ᠮᠥᠨ᠂ ᠳᠣᠣᠷ᠎ᠠ ᠪᠢ ᠬᠤᠶᠠᠷ ᠲᠠᠯ᠎ᠠ ᠪᠠᠷ ᠶᠠᠷᠢᠶ᠎ᠠ᠄      ᠨᠢᠭᠡ ᠳᠤ ᠤᠯᠤᠰ ᠤᠨ ᠲᠠᠯ᠎ᠠ ᠠᠴᠠ ᠠᠪᠴᠤ ᠬᠡᠯᠡᠪᠡᠯ᠂ 2015 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠳᠡᠭᠡᠳᠦ ᠬᠤᠷᠲᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ ᠰᠦᠯᠵᠢᠶᠡᠨ ᠤ ᠬᠤᠷᠳᠤᠴᠠ ᠶᠢ ᠨᠡᠮᠡᠭᠳᠡᠭᠦᠯᠦᠨ ᠰᠦᠢᠳᠬᠡᠯ ᠪᠠᠭᠤᠷᠠᠭᠤᠯᠬᠤ ᠠᠵᠢᠯ ᠢ ᠲᠦᠷᠭᠡᠳᠬᠡᠬᠦ ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠵᠦ᠂ ᠥᠷᠭᠡᠨ ᠪᠦᠰᠡᠲᠦ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠰᠦᠯᠵᠢᠶᠡᠨ ᠤ ᠬᠤᠷᠳᠤᠴᠠ ᠶᠢ ᠶᠡᠬᠡᠪᠡᠷ ᠳᠡᠭᠡᠭᠰᠢᠯᠡᠭᠦᠯᠬᠦ ᠪᠠᠷ ᠱᠠᠭᠠᠷᠳᠠᠪᠠ᠃      ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ ᠠᠪᠴᠤ ᠬᠡᠯᠡᠪᠡᠯ᠂ ᠤᠢᠢᠷ᠎ᠠ ᠶᠢᠨ ᠬᠡᠳᠦᠨ ᠵᠢᠯ ᠤᠨ ᠲᠤᠷᠰᠢ᠂ ︽ᠥᠷᠭᠡᠨ ᠪᠦᠰᠡᠲᠦ ᠥᠪᠥᠷ ᠮᠣᠩᠭᠤᠯ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠡᠬᠢᠯᠡᠭᠦᠯᠦᠨ ᠬᠡᠷᠡᠭᠵᠢᠭᠦᠯᠬᠦ ᠪᠠ ᠦᠷᠭᠦᠯᠵᠢᠯᠡᠨ ᠲᠦᠯᠬᠢᠨ ᠠᠬᠢᠭᠤᠯᠬᠤ ᠶᠢ ᠳᠠᠭᠠᠯᠳᠤᠨ᠂ ᠮᠠᠨ ᠤ ᠣᠷᠣᠨ ᠤ ᠥᠷᠭᠡᠨ ᠪᠦᠰᠡᠲᠦ ᠬᠥᠭᠵᠢᠯᠲᠡ ᠶᠢᠨ ᠬᠢᠷᠢ  ᠲᠦᠪᠰᠢᠨ ᠢᠯᠡᠳᠲᠡ ᠳᠡᠭᠡᠭᠰᠢᠯᠡᠭᠰᠡᠨ ᠪᠣᠯᠪᠠᠴᠤ ᠬᠥᠭᠵᠢᠭᠰᠡᠨ ᠭᠠᠵᠠᠷ ᠣᠷᠣᠨ ᠲᠠᠢ ᠠᠳᠠᠯᠢᠳᠬᠠᠪᠠᠯ ᠮᠥᠨ ᠯᠡ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠬᠥᠭᠵᠢᠯᠲᠡ ᠶᠢᠨ ᠬᠢᠷᠢ ᠲᠦᠪᠰᠢᠨ ᠥᠨᠳᠥᠷ ᠪᠢᠰᠢ᠂ ᠬᠤᠷᠳᠤ ᠨᠢ ᠤᠳᠠᠭᠠᠪᠲᠤᠷ᠂ ᠬᠤᠳᠠ ᠬᠥᠳᠡᠭᠡ ᠶᠢᠨ ᠮᠡᠳᠡᠭᠡ ᠵᠠᠩᠭᠢ ᠶᠢᠨ ᠬᠥᠭᠵᠢᠯᠲᠡ ᠲᠡᠩᠴᠡᠭᠦᠷᠢ ᠦᠭᠡᠢ᠂ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠬᠤ ᠴᠢᠬᠤᠯᠠᠲᠠᠶ ᠪᠠᠶᠢᠭᠰᠠᠭᠠᠷ᠂ ᠮᠠᠨ ᠤ ᠣᠷᠣᠨ ᠤ ᠥᠷᠭᠡᠨ ᠪᠦᠰᠡᠲᠦ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠤᠷᠳᠤ ᠶᠢ ᠲᠦᠷᠭᠡᠳᠬᠡᠬᠦ ᠶᠢᠨ ᠲᠤᠰᠠᠳᠠ ᠡᠨᠡᠬᠦ ᠰᠠᠨᠠᠯ ᠢ ᠨᠡᠶᠢᠲᠡᠯᠡᠭᠰᠡᠨ ᠪᠠᠶᠢᠨ᠎ᠠ᠃      ᠬᠥᠲᠥᠯᠥᠭᠴᠢ᠄      ᠡᠨᠡ ᠬᠦ ︽ᠰᠠᠨᠠᠯ︾ ᠢ ᠨᠡᠶᠢᠲᠡᠯᠡᠭᠰᠡᠨ ᠦᠨᠳᠦᠰᠦᠯᠡᠯ ᠪᠤᠯᠤᠨ ᠠᠭᠤᠯᠭ᠎ᠠ ᠨᠢ ᠶᠠᠭᠤ ᠪᠤᠢ︖      ᠰᠢᠤᠢ ᠬᠠᠶ ᠫᠢᠩ᠄      ︽ᠰᠠᠨᠠᠯ︾ ᠨᠢ ︽ ︿ᠥᠷᠭᠡᠨ ᠪᠦᠰᠡᠲᠦ ᠳᠤᠮᠳᠠᠳᠤ ᠤᠯᠤᠰ﹀ ᠤᠨ ᠪᠠᠶᠢᠯᠳᠤᠬᠤ ᠪᠣᠳᠣᠯᠭ᠎ᠠ ᠵᠢᠴᠢ ᠬᠡᠷᠡᠭᠵᠢᠭᠦᠯᠬᠦ ᠲᠥᠰᠦᠯ ᠤᠨ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2013﹈ 31  ᠳ᠋ᠤᠭᠡᠷ ᠲᠣᠭᠠᠲᠤ︶᠂ ︽ᠳᠡᠭᠡᠳᠦ ᠬᠤᠷᠳᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ ᠰᠦᠯᠵᠢᠶᠡᠨ ᠤ ᠬᠤᠷᠳᠤᠴᠠ ᠶᠢ ᠨᠡᠮᠡᠭᠳᠡᠭᠦᠯᠦᠨ ᠰᠦᠢᠳᠬᠡᠯ ᠢ ᠪᠠᠭᠤᠷᠠᠭᠤᠯᠬᠤ ᠠᠵᠢᠯ ᠢ ᠲᠦᠷᠭᠡᠳᠬᠡᠬᠦ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2015﹈ 41 ᠳ᠋ᠤᠭᠡᠷ ᠲᠣᠭᠠᠲᠤ︶ ᠪᠤᠯᠤᠨ ︽ᠥᠷᠭᠡᠨ ᠪᠦᠰᠡᠲᠦ ᠥᠪᠥᠷ ᠮᠣᠩᠭᠤᠯ ᠤᠨ ᠬᠥᠭᠵᠢᠯᠲᠡ ᠶᠢᠨ ᠲᠥᠯᠥᠪᠵᠢᠭᠦᠯᠭᠡ︾ ᠵᠡᠷᠭᠡ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠲᠤᠭᠲᠠᠭᠠᠵᠤ᠂ ᠭᠤᠣᠯ ᠠᠭᠤᠯᠭ᠎ᠠ ᠳᠤ ︽ᠰᠡᠳᠬᠢᠮᠵᠢ ᠪᠣᠯᠤᠨ ᠬᠠᠷᠠᠯᠲᠠ᠂ ᠭᠤᠣᠯ ᠡᠭᠦᠷᠭᠡ᠂ ᠪᠠᠲᠤᠯᠠᠬᠤ ᠠᠷᠭ᠎ᠠ ᠬᠡᠮᠵᠢᠶ᠎ᠡ︾ ᠵᠡᠷᠭᠡ ᠨᠡᠶᠢᠳᠡ ᠭᠤᠷᠪᠠᠨ ᠬᠡᠰᠡᠭ ᠬᠤᠪᠢᠶᠠᠨ 16 ᠵᠦᠢᠯ ᠤᠨ ᠠᠭᠤᠯᠭ᠎ᠠ ᠶᠢ ᠪᠠᠭᠲᠠᠭᠠᠪᠠ᠃      ᠬᠥᠲᠥᠯᠥᠭᠴᠢ᠄      ᠲᠡᠭᠡᠪᠡᠯ᠂ ︽ᠰᠠᠨᠠᠯ︾ ᠤᠨ ᠦᠨᠳᠦᠰᠦᠯᠡᠯ ᠪᠤᠯᠤᠨ ᠠᠭᠤᠯᠭ᠎ᠠ ᠶᠢ ᠮᠡᠳᠡᠯ᠎ᠡ᠂ ᠡᠨᠡᠬᠦ ︽ᠰᠠᠨᠠᠯ︾ ᠢ ᠶᠠᠮᠠᠷ ᠰᠡᠳᠬᠢᠮᠵᠢ ᠪᠠᠷ ᠨᠠᠶᠢᠷᠠᠭᠤᠯᠤᠨ ᠪᠢᠴᠢᠭᠰᠡᠨ ᠪᠤᠢ︖ ᠭᠤᠣᠯ ᠬᠠᠷᠠᠯᠲᠠ ᠨᠤᠭᠤᠳ ᠨᠢ ᠶᠠᠭᠤ ᠪᠤᠢ︖      ᠰᠢᠤᠢ ᠬᠠᠶ ᠫᠢᠩ᠄      ᠪᠢᠳᠡᠨ ᠤ ᠨᠠᠶᠢᠷᠠᠭᠤᠯᠤᠨ ᠪᠢᠴᠢᠭᠰᠡᠨ ᠶᠡᠷᠦᠩᠬᠡᠶ ᠰᠡᠳᠬᠢᠮᠵᠢ ᠪᠣᠯ᠄ ᠰᠦᠯᠵᠢᠶ᠎ᠡ ᠪᠠᠷ ᠤᠯᠤᠰ ᠢᠶᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠰᠦᠯᠵᠢᠶ᠎ᠡ ᠪᠠᠷ ᠣᠷᠣᠨ ᠢᠶᠠᠨ ᠬᠦᠴᠦᠷᠭᠡᠭᠵᠢᠬᠦᠯᠬᠦ ᠶᠢ ᠨᠠᠶᠢᠳᠠᠪᠤᠷᠢᠵᠢᠭᠤᠯᠤᠨ᠂ ᠳᠡᠭᠡᠳᠦ ᠬᠤᠷᠳᠤ ᠶᠢᠨ ᠥᠷᠭᠡᠨ ᠪᠦᠰᠡᠲᠦ ᠰᠦᠯᠵᠢᠶ᠎ᠡ ᠶᠢᠨ ᠪᠠᠶᠢᠭᠤᠯᠤᠯᠲᠠ ᠶᠢ ᠲᠦᠷᠭᠡᠳᠭᠡᠵᠤ᠂ ᠰᠦᠯᠵᠢᠶᠡᠨ ᠤ ᠬᠤᠷᠳᠤᠴᠠ ᠶᠢ ᠨᠡᠮᠡᠭᠳᠡᠭᠦᠯᠦᠨ ᠰᠦᠢᠳᠬᠡᠯ ᠪᠠᠭᠤᠷᠠᠭᠤᠯᠬᠤ ᠠᠵᠢᠯ ᠢᠶᠠᠷ ᠭᠤᠣᠯᠳᠠᠯᠭ᠎ᠠ ᠪᠤᠯᠭᠠᠬᠤ ᠶᠢ ᠲᠦᠯᠬᠢᠨ ᠠᠬᠢᠭᠤᠯᠵᠤ᠂ ᠡᠭᠦᠯᠡᠨ ᠪᠤᠳᠤᠯᠳᠠ ᠶᠢᠨ ᠲᠤᠮᠤ ᠳ᠋ᠠᠶᠢᠲ᠋ᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠦᠢ ᠣᠯᠠᠨ ᠢᠶᠠᠷ ᠢᠶᠠᠨ ᠰᠢᠨ᠎ᠡ ᠶᠢ ᠡᠭᠦᠳᠬᠦ ᠰᠢᠨ᠎ᠡ ᠪᠠᠶᠢᠳᠠᠯ ᠢ ᠪᠤᠢ ᠪᠤᠯᠭᠠᠬᠤ ᠶᠢᠨ ᠲᠦᠯᠦᠭᠡ᠂ ︽ᠢᠨᠲ᠋ᠧᠷ ᠰᠦᠯᠵᠢᠶ᠎ᠡ +︾ ᠰᠢᠨ᠎ᠡ ᠬᠥᠭᠵᠢᠯᠲᠡ ᠶᠢ ᠲᠦᠯᠬᠢᠨ ᠠᠬᠢᠭᠤᠯᠵᠤ᠂ ᠮᠡᠳᠡᠭᠡ ᠵᠠᠩᠭᠢ ᠶᠢᠨ ᠬᠡᠷᠡᠭᠯᠡᠭᠡ ᠶᠢᠨ ᠰᠢᠨ᠎ᠡ ᠨᠡᠮᠡᠭᠳᠡᠯ ᠢ ᠠᠬᠢᠭᠤᠯᠬᠤ ᠪᠤᠯᠤᠨ᠎ᠠ᠃      ᠶᠡᠷᠦᠩᠬᠡᠶ ᠬᠠᠷᠠᠯᠲᠠ ᠪᠣᠯ᠄ 2017 ᠣᠨ ᠪᠣᠯᠬᠤ ᠳᠤ᠂ ᠪᠥᠬᠦ ᠣᠷᠣᠨ ᠤ ᠲᠤᠭᠤᠷᠢᠭ ᠤᠨ ᠪᠠᠶᠢᠭᠤᠯᠤᠮᠵᠢᠲᠤ ᠬᠤᠲᠠ ᠪᠦᠬᠦᠨ ᠤ ᠭᠡᠷ ᠪᠦᠯᠢ ᠶᠢ 100Mbps ᠤᠨ ᠬᠡᠷᠡᠯᠯᠢᠭ ᠰᠢᠷᠬᠡᠭ ᠵᠠᠯᠭᠠᠬᠤ ᠴᠢᠳᠠᠪᠤᠷᠢ ᠲᠠᠢ ᠪᠤᠯᠭᠠᠵᠤ᠂ ᠭᠤᠣᠯ ᠬᠤᠲᠠ ᠶᠢᠨ ᠥᠷᠭᠡᠨ ᠪᠦᠰᠡ ᠶᠢᠨ ᠬᠡᠷᠡᠭᠯᠡᠭᠴᠢ ᠶᠢᠨ ᠳᠤᠮᠳᠠᠴᠢ ᠵᠠᠯᠭᠠᠯᠲᠠ ᠶᠢᠨ ᠬᠤᠷᠳᠤᠴᠠ ᠶᠢ 30Mbps ᠠᠴᠠ ᠳᠠᠪᠠᠭᠤᠯᠵᠤ᠂ ᠭᠡᠷᠡᠯᠯᠢᠭ ᠰᠢᠷᠬᠡᠭᠲᠦ ᠰᠦᠯᠵᠢᠶ᠎ᠡ ᠶᠢ 80% ᠠᠴᠠ ᠳᠡᠭᠡᠭᠰᠢᠬᠢ ᠵᠠᠰᠠᠭ ᠵᠠᠬᠢᠷᠭᠠᠨ ᠤ ᠲᠤᠰᠬᠤᠨ ᠳᠤ ᠬᠦᠷᠦᠬᠦᠯᠦᠨ᠎ᠡ᠃ 2020 ᠣᠨ ᠪᠤᠯᠬᠤ ᠳᠤ᠂ ᠪᠦᠬᠦ ᠣᠷᠣᠨ ᠤ ᠥᠷᠭᠡᠨ ᠪᠦᠰᠡᠲᠦ ᠰᠦᠯᠵᠢᠶᠡᠨ ᠤ ᠰᠠᠭᠤᠷᠢ ᠪᠡᠯᠡᠳᠭᠡᠮᠵᠢ ᠶᠢᠨ ᠬᠥᠭᠵᠢᠯᠲᠡ ᠶᠢᠨ ᠬᠢᠷᠢ ᠲᠦᠪᠰᠢᠨ ᠢ ᠦᠨᠳᠦᠰᠦᠨ ᠳᠡᠭᠡᠨ ᠪᠦᠬᠦ ᠤᠯᠤᠰ ᠤᠨ ᠳᠤᠮᠳᠠᠴᠢ ᠲᠦᠪᠰᠢᠨ ᠳᠤ ᠬᠦᠷᠦᠬᠦᠯᠵᠤ᠂ ᠳᠡᠭᠡᠳᠦ ᠬᠤᠷᠳᠤᠴᠠᠲᠤ᠂ ᠲᠦᠭᠡᠮᠡᠯ ᠣᠷᠣᠰᠢᠬᠤ᠂ ᠠᠮᠤᠷ ᠲᠦᠪᠰᠢᠨ᠂ ᠲᠡᠷᠢᠭᠦᠨ ᠤ ᠥᠷᠭᠡᠨ ᠪᠦᠰᠡᠲᠦ ᠰᠦᠯᠵᠢᠶᠡᠨ ᠤ ᠰᠠᠭᠤᠷᠢ ᠪᠡᠯᠡᠳᠭᠡᠮᠵᠢ ᠶᠢ ᠦᠨᠳᠦᠰᠦᠨ ᠳᠡᠭᠡᠨ ᠪᠡᠶᠡᠯᠡᠬᠦᠯᠬᠦ ᠪᠤᠯᠤᠨ᠎ᠠ᠃      ᠬᠥᠲᠥᠯᠥᠭᠴᠢ᠄      ᠰᠡᠳᠬᠢᠮᠵᠢ ᠪᠣᠯᠤᠨ ᠬᠠᠷᠠᠯᠲᠠ ᠶᠢ ᠨᠢᠭᠡᠨᠲᠡ ᠲᠣᠳᠣᠷᠬᠠᠶ ᠮᠡᠳᠡᠭᠰᠡᠨ ᠪᠠᠶᠢᠨ᠎ᠠ᠂ ᠲᠡᠭᠡᠪᠡᠯ ︽ᠰᠠᠨᠠᠯ︾ ᠳᠤ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠨᠢ ᠶᠠᠭᠤ ᠪᠤᠢ︖      ᠰᠢᠤᠢ ᠬᠠᠶ ᠫᠢᠩ᠄      ᠰᠡᠳᠬᠢᠮᠵᠢ ᠪᠤᠯᠤᠨ ᠬᠠᠷᠠᠯᠲᠠ ᠶᠢ ᠨᠠᠶᠢᠳᠠᠪᠤᠷᠢᠵᠢᠭᠤᠯᠬᠤ ᠪᠤᠯ ᠡᠨᠡ ᠤᠳᠠᠭᠠᠨ ᠤ ︽ᠰᠠᠨᠠᠯ︾ ᠢ ᠨᠡᠶᠢᠲᠡᠯᠡᠭᠰᠡᠨ ᠲᠡᠷᠢᠬᠦᠨ ᠴᠢᠬᠤᠯᠠ ᠶᠠᠪᠤᠳᠠᠯ ᠪᠤᠯᠤᠨ᠎ᠠ᠂ ᠪᠤᠳᠠᠲᠠᠢ ᠪᠠᠷ ᠬᠡᠯᠡᠪᠡᠯ᠂ 8 ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠪᠡᠶᠡᠯᠡᠬᠦᠯᠦᠨ᠎ᠡ᠄      1 . ᠬᠤᠳᠡ ᠪᠠᠯᠭᠠᠰᠤᠨ ᠤ ᠰᠦᠯᠵᠢᠶ᠎ᠡ ᠶᠢᠨ ᠬᠡᠷᠡᠯ ᠰᠢᠷᠭᠡᠭᠵᠢᠬᠦᠯᠦᠯᠲᠡ ᠶᠢᠨ ᠦᠭᠡᠷᠡᠴᠢᠯᠡᠯᠲᠡ ᠶᠢ ᠠᠬᠢᠭᠤᠯᠤᠨ᠎ᠠ᠃ ᠵᠢᠱᠢᠶᠡᠯᠡᠪᠡᠯ᠄ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ ᠰᠦᠯᠵᠢᠶᠡᠨ ᠤ ᠭᠡᠷᠡᠯᠯᠢᠭ ᠰᠢᠷᠬᠡᠭ ᠢ ᠡᠷᠦᠬᠡ ᠳᠤ ᠤᠷᠤᠭᠤᠯᠬᠤ ᠤᠯᠤᠰ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠠᠭᠤᠴᠢᠨ ᠣᠷᠣᠨ ᠰᠠᠭᠤᠴᠠ ᠪᠤᠯᠤᠨ ᠠᠰᠠᠷ ᠪᠠᠶᠢᠰᠢᠩ ᠤᠳ ᠲᠤ ︽ᠬᠡᠷᠡᠯᠯᠢᠭ ᠢ ᠤᠷᠤᠭᠤᠯᠵᠤ ᠵᠡᠰ ᠢ ᠬᠠᠶᠠᠬᠤ︾ ᠶᠢ ᠬᠡᠷᠡᠭᠵᠢᠬᠦᠯᠦᠨ᠎ᠡ᠃ ︽ᠥᠷᠭᠡᠨ ᠪᠦᠰᠡᠲᠦ ᠳᠤᠮᠳᠠᠳᠤ ᠤᠯᠤᠰ︾ ᠤᠨ ᠵᠢᠱᠢᠶ᠎ᠡ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠤᠨ᠎ᠠ᠃ ᠬᠥᠬᠡᠬᠤᠲᠠ᠂ ᠤᠷᠳᠤᠰ ᠬᠤᠳᠠ ᠨᠢᠭᠡᠨᠲᠡ ︽ᠥᠷᠭᠡᠨ ᠪᠦᠰᠡᠲᠦ ᠳᠤᠮᠳᠠᠳᠤ ᠤᠯᠤᠰ︾ ᠤᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠭᠰᠡᠨ ᠰᠠᠭᠤᠷᠢᠨ ᠳᠡᠭᠡᠷ᠎ᠡ᠂ ᠨᠡᠩ ᠠᠷᠪᠢᠨ ᠵᠢᠱᠢᠶ᠎ᠡ ᠦᠵᠡᠭᠦᠯᠬᠦ ᠬᠤᠲᠠ ᠶᠢ ᠳᠡᠯᠭᠡᠷᠡᠭᠦᠯᠦᠨ ᠪᠠᠶᠢᠭᠤᠯᠤᠨ᠎ᠠ᠃      2 . ᠥᠷᠭᠡᠨ ᠪᠦᠰᠡᠲᠦ ᠰᠦᠯᠵᠢᠶ᠎ᠡ ᠶᠢᠨ ᠨᠡᠶᠢᠳᠡᠮ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠢᠱᠢᠶᠡᠯᠡᠪᠡᠯ᠄ ᠮᠠᠯᠵᠢᠬᠤ ᠲᠠᠷᠢᠶᠠᠯᠠᠬᠤ ᠣᠷᠣᠨ ᠤ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠪᠤᠯᠤᠨ ᠴᠠᠬᠢᠯᠭᠠᠨ ᠬᠤᠯᠪᠣᠭᠠᠨ ᠤ ᠨᠡᠶᠢᠳᠡᠮ ᠪᠦᠷᠬᠦᠯᠲᠡ ᠶᠢᠨ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠰᠢᠨ᠎ᠡ ᠮᠡᠷᠭᠡᠵᠢᠯ᠂ ᠰᠢᠨ᠎ᠡ ᠪᠡᠯᠡᠳᠭᠡᠮᠵᠢ ᠶᠢᠨ ᠪᠦᠷᠬᠦᠯᠲᠡ ᠶᠢ ᠨᠡᠩ ᠥᠷᠭᠡᠨ ᠪᠤᠯᠭᠠᠬᠤ ᠪᠠᠷ ᠳᠠᠮᠵᠢᠭᠤᠯᠤᠨ ᠪᠤᠶᠢᠳᠠ ᠪᠥᠭᠯᠡᠭᠦᠦ ᠭᠠᠵᠠᠷ ᠣᠷᠣᠨ ᠤ ᠲᠣᠣᠷ ᠰᠦᠯᠵᠢᠶᠡᠨ ᠤ ᠪᠥᠳᠥᠭᠡᠨ ᠪᠠᠶᠢᠭᠤᠯᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ ᠵᠤᠷᠢᠭᠵᠢᠭᠤᠯᠤᠨ᠎ᠠ᠃      3 . ᠷᠠᠳᠢᠤ᠋ ᠰᠦᠯᠵᠢᠶ᠎ᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠵᠢᠱᠢᠶᠡᠯᠡᠪᠡᠯ᠄ 4G᠂ ᠬᠡᠪᠴᠢᠶᠡᠲᠦ ᠷᠠᠳᠢᠤ᠋ ᠰᠦᠯᠵᠢᠶ᠎ᠡ ᠶᠢᠨ ᠪᠠᠶᠢᠭᠤᠯᠤᠯᠲᠠ ᠵᠢᠴᠢ ᠳᠡᠯᠭᠡᠷᠡᠭᠦᠯᠦᠯᠲᠡ ᠶᠢᠨ ᠡᠷᠴᠢᠮ ᠢ ᠴᠢᠩᠭᠠᠷᠠᠭᠤᠯᠵᠤ᠂ ᠤᠯᠠᠨ ᠨᠡᠶᠢᠲᠡ ᠶᠢᠨ ᠲᠠᠯᠠᠪᠤᠷ ᠤᠨ ᠬᠡᠪᠴᠢᠶᠡᠲᠦ ᠰᠦᠯᠵᠢᠶ᠎ᠡ ︵WLAN︶ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠶ᠎ᠡ ᠭᠠᠷᠤᠯ ᠤᠨ ᠬᠡᠷᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃      4 . ᠥᠷᠭᠡᠨ ᠪᠦᠰᠡᠲᠦ ᠭᠤᠣᠯᠯᠠᠭᠴᠢ ᠰᠦᠯᠵᠢᠶᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠵᠢᠱᠢᠶᠡᠯᠡᠪᠡᠯ᠄ ᠡᠷᠬᠢᠨ ᠲᠣᠭᠤᠷᠢᠨ ᠤ ᠭᠠᠵᠠᠷ ᠣᠷᠣᠨ ᠤ ᠬᠤᠭᠤᠷᠤᠨᠳᠤᠬᠢ ᠭᠤᠣᠯ ᠱᠤᠭᠤᠮ ᠤᠨ ᠭᠡᠷᠡᠯᠯᠢᠭ ᠳᠡᠭᠡᠰᠦᠨ ᠤ ᠬᠤᠯᠪᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶᠡᠨ ᠤ ᠮᠤᠵᠢ ᠶᠢᠨ ᠬᠤᠭᠤᠷᠣᠨᠳᠣᠬᠢ ᠪᠦᠰᠡ ᠶᠢᠨ ᠥᠷᠭᠡᠴᠡ ᠪᠤᠯᠤᠨ ᠬᠦᠢᠯᠭᠡᠭᠡ ᠶᠢᠨ ᠵᠠᠯᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠤ᠂ ᠰᠦᠯᠵᠢᠶ᠎ᠡ ᠶᠢᠨ ᠪᠡᠯᠡᠳᠭᠡᠯ ᠬᠡᠯᠬᠢᠶ᠎ᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠣᠣᠷ ᠰᠦᠯᠵᠢᠶᠡᠨ ᠤ ᠪᠠᠭᠲᠠᠭᠠᠮᠵᠢ ᠪᠤᠯᠤᠨ ᠡᠪᠳᠡᠭᠳᠡᠯ ᠢ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠤ᠂ ᠰᠦᠯᠵᠢᠶᠡᠨ ᠦᠷᠲᠡᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭᠯᠡᠭᠡᠨ ᠤ ᠰᠠᠭᠤᠷᠢ ᠪᠡᠯᠡᠳᠭᠡᠮᠵᠢ ᠪᠤᠯᠤᠨ ᠭᠤᠣᠯᠯᠠᠭᠴᠢ ᠰᠦᠯᠵᠢᠶ᠎ᠡ ᠶᠢ ᠬᠠᠮᠵᠢᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃      5 . ᠥᠷᠭᠡᠨ ᠪᠦᠰᠡᠲᠦ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ᠃ ᠵᠢᠱᠢᠶᠡᠯᠡᠪᠡᠯ᠄ ᠤᠶᠤᠨᠴᠢᠷ ᠭᠡᠷ ᠪᠦᠯᠢ ᠶᠢ ᠪᠠᠶᠢᠭᠤᠯᠬᠤ ᠵᠡᠷᠭᠡ ᠠᠵᠢᠯ ᠤᠨ ᠡᠷᠴᠢᠮ ᠢ ᠴᠢᠩᠭᠠᠷᠠᠭᠤᠯᠤᠨ᠂ ᠬᠦᠷᠢᠶᠡᠯᠡᠩ ᠲᠣᠭᠤᠷᠢᠭ ᠤᠨ ᠥᠷᠭᠡᠨ ᠪᠦᠰᠡ ᠶᠢᠨ ᠵᠠᠯᠭᠠᠯᠲᠠ ᠶᠢᠨ ᠬᠢᠷᠢ ᠬᠡᠮᠵᠢᠶ᠎ᠡ᠂ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠵᠢᠴᠢ ︽ᠭᠤᠷᠪᠠᠨ ᠰᠦᠯᠵᠢᠶ᠎ᠡ ᠶᠢᠨ ᠠᠭᠤᠰᠤᠯᠴᠠᠯ︾ ᠢ ᠳᠡᠭᠡᠭᠰᠢᠯᠡᠭᠦᠯᠵᠦ᠂ IPTV᠂ ᠭᠠᠷ ᠤᠲᠠᠰᠤᠨ ᠤ ᠲᠧᠯᠸᠢᠰ᠂ ᠤᠲᠠᠰᠤᠲᠤ ᠲᠧᠯᠸᠢᠰ ᠤᠨ ᠰᠦᠯᠵᠢᠶᠡᠨ ᠳᠤ ᠰᠠᠭᠤᠷᠢᠯᠠᠭᠰᠠᠨ ᠢᠨᠲ᠋ᠧᠷ ᠰᠦᠯᠵᠢᠶ᠎ᠡ ᠶᠢ ᠵᠠᠯᠭᠠᠬᠤ ᠵᠡᠷᠭᠡ ᠵᠦᠪᠰᠢᠶᠡᠷᠡᠯ ᠢ ᠤᠯᠭᠤᠵᠤ᠂ ᠷᠠᠳᠢᠣ᠋ ᠨᠡᠪᠲᠡᠷᠡᠭᠦᠯᠭᠡ ᠲᠧᠯᠸᠢᠰ᠂ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠢ ᠬᠤᠣᠰ ᠴᠢᠭᠯᠡᠯ ᠢᠶᠠᠷ ᠤᠷᠤᠭᠤᠯᠤᠨ᠎ᠠ᠃      6 . ᠮᠡᠳᠡᠭᠡ ᠵᠠᠩᠭᠢ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ  ᠃ ᠵᠢᠱᠢᠶᠡᠯᠡᠪᠡᠯ᠄ ᠬᠤᠳᠠ᠂ ᠬᠥᠳᠡᠭᠡ ᠲᠣᠰᠬᠤᠨ ᠤ ᠴᠠᠬᠢᠯᠭᠠᠨ ᠬᠤᠯᠪᠣᠭ᠎ᠠ᠂ ᠷᠠᠳᠢᠤ᠋ ᠨᠡᠪᠲᠡᠷᠡᠭᠦᠯᠭᠡ ᠲᠧᠯᠸᠢᠰ ᠤᠨ ᠰᠠᠭᠤᠷᠢ ᠪᠡᠯᠡᠳᠬᠡᠮᠵᠢ ᠶᠢ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠬᠦ ᠡᠷᠴᠢᠮ ᠢ ᠴᠢᠩᠭᠠᠷᠠᠭᠤᠯᠵᠤ᠂ ᠲᠡᠮᠦᠷ ᠰᠤᠪᠤᠷᠭ᠎ᠠ ᠡᠵᠡᠩᠨᠡᠬᠦ ᠺᠣᠮᠫᠠᠨᠢ ᠶᠢᠨ ᠮᠡᠳᠡᠭᠡ ᠵᠠᠩᠭᠢ ᠴᠢᠮᠡᠭᠡ ᠬᠤᠯᠪᠣᠭ᠎ᠠ ᠶᠢᠨ ᠰᠠᠭᠤᠷᠢ  ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠪᠤᠯᠤᠨ ᠬᠠᠮᠠᠭᠠᠯᠠᠯᠲᠠ ᠶᠢᠨ ᠲᠠᠯ᠎ᠠ ᠪᠠᠷ ᠬᠢ ᠳᠠᠪᠠᠭᠤᠯᠢᠭ ᠪᠤᠯᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      7 . ᠴᠢᠮᠡᠭᠡ ᠬᠤᠯᠪᠣᠭᠠᠨ ᠤ ᠦᠢᠯᠡᠴᠢᠯᠡᠭᠡ ᠶᠢᠨ ᠶᠠᠰᠤ ᠴᠢᠨᠠᠷ ᠪᠤᠯᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠢᠱᠢᠶᠡᠯᠡᠪᠡᠯ᠄ ᠠᠷᠠᠳ ᠤᠨ ᠬᠥᠷᠥᠩᠭᠡ ᠴᠠᠬᠢᠯᠭᠠᠨ ᠬᠤᠯᠪᠣᠭᠠᠨ ᠤ ᠠᠵᠢᠯ ᠦᠢᠯᠡᠰ ᠲᠤ ᠤᠷᠤᠬᠤ ᠶᠢ ᠵᠤᠷᠢᠭᠵᠢᠭᠤᠯᠵᠤ᠂ ᠵᠠᠬ᠎ᠠ ᠳᠡᠯᠭᠡᠭᠦᠷ ᠤᠨ ᠭᠠᠭᠴᠠᠭᠠᠷ ᠡᠵᠡᠮᠰᠢᠯ ᠢ ᠡᠪᠳᠡᠵᠦ᠂ ᠥᠷᠭᠡᠨ ᠪᠦᠰᠡᠲᠦ ᠰᠦᠯᠵᠢᠶ᠎ᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠤᠳ ᠤᠨ ᠰᠦᠯᠵᠢᠶᠡᠨ ᠤ ᠵᠠᠷᠤᠳᠠᠯ ᠢ ᠪᠠᠭᠤᠷᠠᠭᠤᠯᠬᠤ ᠶᠢ ᠲᠦᠯᠬᠢᠨ ᠠᠬᠢᠭᠤᠯᠤᠨ᠎ᠠ᠃ 2015 ᠣᠨ ᠳᠤ ᠰᠢᠯᠵᠢᠮᠡᠯ ᠳ᠋ᠠᠶᠢᠲ᠋ᠠ ᠶᠢᠨ ᠭᠦᠢᠯᠭᠡᠭᠡᠨ ᠤ ᠶᠡᠷᠦᠩᠬᠡᠶᠢᠯᠡᠭᠰᠡᠨ ᠨᠢᠭᠡᠴᠢ ᠦᠨ᠎ᠡ ᠶᠢ 20% ᠪᠠᠷ ᠪᠠᠭᠤᠷᠠᠭᠤᠯᠵᠤ᠂ ᠲᠣᠭᠲᠠᠮᠠᠯ ᠥᠷᠭᠡᠨ ᠪᠦᠰᠡᠲᠦ ᠰᠦᠯᠵᠢᠶᠡᠨ ᠤ ᠨᠢᠭᠡᠴᠢ ᠶᠢᠨ ᠪᠦᠰᠡ ᠶᠢᠨ ᠥᠷᠭᠡᠴᠡ ᠶᠢᠨ ᠳᠤᠮᠳᠠᠴᠢ ᠦᠨ᠎ᠡ ᠶᠢ 30% ᠪᠠᠷ  ᠪᠠᠭᠤᠷᠠᠭᠤᠯᠤᠭᠰᠠᠨ ᠤ ᠰᠠᠭᠤᠷᠢᠨ ᠳᠡᠭᠡᠷ᠎ᠡ᠂ ᠰᠦᠯᠵᠢᠶᠡᠨ ᠤ ᠬᠤᠷᠳᠤᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠰᠦᠢᠳᠭᠡᠯ ᠢ ᠪᠠᠭᠤᠷᠠᠭᠤᠯᠤᠨ᠎ᠠ᠃      8 . ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠤᠯᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠵᠢᠱᠢᠶᠡᠯᠡᠪᠡᠯ᠄ ᠥᠷᠭᠡᠨ ᠪᠦᠰᠡ ᠵᠠᠯᠭᠠᠬᠤ ᠦᠢᠯᠡᠴᠢᠯᠡᠭᠡ ᠪᠤᠯᠤᠨ ᠵᠠᠷᠤᠳᠠᠯ ᠰᠦᠢᠳᠬᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠨᠡᠶᠢᠴᠡᠬᠦᠶᠢᠴᠡ ᠴᠢᠨᠠᠷ ᠤᠨ ᠦᠨᠡᠯᠡᠯᠲᠡ ᠪᠤᠯᠤᠨ ᠠᠶᠤᠯ ᠲᠦᠭᠰᠢᠭᠦᠷᠢ ᠶᠢᠨ ᠦᠨᠡᠯᠡᠯᠲᠡ ᠶᠢ ᠲᠣᠭᠲᠠᠮᠠᠯ ᠬᠤᠭᠤᠴᠠᠭ᠎ᠠ ᠲᠠᠢ ᠦᠷᠨᠢᠬᠦᠯᠦᠨ᠎ᠡ᠃      ᠬᠥᠲᠥᠯᠥᠭᠴᠢ᠄      ︽ᠰᠠᠨᠠᠯ︾ ᠳᠠᠬᠢ ᠨᠠᠢᠮᠠᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠨᠢ ᠠᠭᠤᠯᠭ᠎ᠠ ᠪᠠᠷ ᠪᠠᠶᠠᠯᠢᠭ᠂ ᠨᠠᠷᠢᠨ ᠪᠣᠳᠠᠲᠠᠶ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠨ᠎ᠠ᠂ ᠭᠡᠪᠡᠴᠦ ᠡᠳᠡᠭᠡᠷ ᠡᠭᠦᠷᠭᠡ ᠶᠢ ᠦᠨᠡᠨ ᠬᠦ ᠪᠡᠶᠡᠯᠡᠭᠦᠯᠬᠦ ᠳᠤ᠂ ᠪᠢᠳᠠ ᠪᠠᠰᠠ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠬᠤ ᠪᠤᠢ︖      ᠰᠢᠤᠢ ᠬᠠᠶ ᠫᠢᠩ᠄      ᠡᠳᠡᠭᠡᠷ ᠡᠭᠦᠷᠭᠡ ᠶᠢ ᠦᠨᠡᠨ ᠬᠦ ᠪᠡᠶᠡᠯᠡᠭᠦᠯᠬᠦ ᠶᠢᠨ ᠲᠥᠯᠥᠭᠡ᠂ ᠪᠢᠳᠡ ᠬᠤᠯᠪᠣᠭᠳᠠᠯ ᠪᠥᠬᠦᠢ ᠲᠢᠩᠬᠢᠮ ᠲᠣᠪᠴᠢᠶ᠎ᠠ᠂ ᠠᠶᠢᠮᠠᠭ ᠬᠤᠲᠠ ᠪᠣᠯᠣᠨ ᠠᠵᠤ ᠠᠬᠤᠶᠢᠯᠠᠯ ᠵᠡᠷᠭᠡ ᠨᠢᠭᠡᠴᠡ ᠠᠴᠠ ᠰᠠᠨᠠᠯ ᠰᠠᠨᠠᠭᠤᠯᠭ᠎ᠠ ᠬᠤᠷᠢᠶᠠᠬᠤ ᠪᠠᠷ ᠳᠠᠮᠵᠢᠭᠤᠯᠤᠨ᠂ ᠨᠠᠷᠢᠨ ᠬᠢᠨᠠᠮᠠᠭᠠᠶ ᠨᠣᠲᠠᠯᠠᠨ ᠡᠮᠬᠢᠯᠡᠭᠡᠳ ᠵᠢᠷᠭᠤᠭᠠᠨ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠲᠣᠭᠲᠠᠵᠤ᠂ ᠭᠤᠣᠯᠳᠠᠯᠭ᠎ᠠ ᠲᠠᠢ ᠨᠠᠢᠮᠠᠨ ᠡᠭᠦᠷᠭᠡ ᠶᠢ  ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠭᠰᠠᠨ ᠪᠠᠶᠢᠨ᠎ᠠ᠃      1 .  ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠳᠦᠭᠦᠮᠴᠢᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠬᠦ ᠬᠤᠷᠳᠤᠴᠠ ᠶᠢ ᠲᠥᠷᠭᠡᠳᠬᠡᠨ᠎ᠡ᠃ ᠵᠢᠱᠢᠶᠡᠯᠡᠪᠡᠯ᠄ ᠭᠤᠶᠤᠴᠢᠯᠠᠨ ᠮᠡᠳᠡᠭᠦᠯᠬᠦ ᠵᠢᠷᠤᠮ ᠢ ᠲᠣᠪᠴᠢᠯᠠᠵᠤ᠂ ᠰᠦᠯᠵᠢᠶᠡᠨ ᠳᠡᠭᠡᠷᠡᠬᠢ ︽ᠨᠢᠭᠡ ᠦᠷᠳᠡᠭᠡᠴᠢᠯᠡᠭᠰᠡᠨ︾ ᠬᠢᠨᠠᠨ ᠵᠥᠪᠰᠢᠶᠡᠷᠡᠯ ᠢ ᠪᠦᠷᠢᠨᠰᠢᠭᠦᠯᠦᠨ᠎ᠡ᠃      2 . ᠢᠵᠢ ᠪᠦᠷᠢᠳᠦᠭᠦᠯᠦᠨ ᠳᠡᠮᠵᠢᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠦᠨ᠎ᠡ᠃ ᠡᠨᠡ ᠬᠡᠰᠡᠭ ᠠᠭᠤᠯᠭ᠎ᠠ ᠶᠢ ᠨᠡᠯᠢᠶᠡᠳ ᠨᠠᠷᠢᠨ ᠲᠣᠳᠣᠷᠬᠠᠶ ᠲᠣᠭᠲᠠᠭᠠᠵᠠᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠠᠮᠢᠶ᠎ᠠ ᠪᠦᠭᠦᠢ ᠲᠦᠷᠦ ᠶᠢᠨ ᠪᠤᠲᠤᠯᠭ᠎ᠠ ᠶᠢ ᠨᠠᠶᠢᠳᠠᠪᠤᠷᠢᠵᠢᠭᠤᠯᠤᠨ᠂ ᠥᠷᠭᠡᠨ ᠪᠦᠰᠡ ᠶᠢᠨ ᠪᠦᠲᠦᠭᠡᠨ ᠪᠠᠶᠢᠭᠤᠯᠤᠯᠲᠠ ᠢ ᠢᠳᠡᠪᠬᠢᠲᠡᠶ ᠪᠠᠷ ᠳᠡᠮᠵᠢᠬᠦ ᠶᠢ ᠱᠠᠭᠠᠷᠳᠠᠪᠠ᠃ ᠵᠢᠱᠢᠶᠡᠯᠡᠪᠡᠯ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠤᠨ ᠪᠡᠯᠡ ᠮᠥᠩᠭᠦᠨ ᠤ ᠳᠡᠮᠵᠢᠯᠭᠡ ᠶᠢ ᠢᠳᠡᠪᠬᠢᠲᠡᠶ ᠪᠠᠷ ᠣᠯᠵᠤ᠂ ᠮᠠᠯᠵᠢᠬᠤ ᠲᠠᠷᠢᠶᠠᠯᠠᠬᠤ ᠣᠷᠣᠨ ᠪᠣᠯᠣᠨ ᠪᠤᠶᠢᠳᠠ ᠪᠥᠭᠯᠡᠭᠦᠦ ᠭᠠᠵᠠᠷ ᠣᠷᠣᠨ ᠤ ᠥᠷᠭᠡᠨ ᠪᠦᠰᠡ ᠶᠢᠨ ᠰᠠᠭᠤᠷᠢ  ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠪᠣᠯᠣᠨ ᠠᠷᠠᠴᠢᠯᠠᠨ ᠬᠠᠮᠠᠭᠠᠯᠠᠯᠲᠠ ᠶᠢ ᠳᠡᠮᠵᠢᠬᠦ ᠡᠷᠴᠢᠮ ᠢ ᠥᠷᠭᠦᠯᠵᠢᠯᠡᠨ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠥᠷᠭᠡᠨ ᠪᠦᠰᠡ ᠶᠢ ᠲᠦᠭᠡᠮᠡᠯᠵᠢᠭᠦᠯᠦᠨ ᠬᠤᠷᠳᠤᠴᠠ ᠶᠢ ᠨᠡᠮᠡᠭᠳᠡᠭᠦᠯᠬᠦ ᠢᠨᠵᠧᠨᠧᠷᠢᠩ ᠤᠨ ᠬᠤᠯᠪᠣᠭᠳᠠᠯ ᠪᠦᠬᠦᠢ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ᠃ ᠡᠯ᠎ᠡ ᠠᠶᠢᠮᠠᠭ ᠬᠤᠲᠠ ᠥᠷᠭᠡᠨ ᠪᠦᠰᠡᠲᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠨᠥᠬᠦᠴᠡᠯ ᠲᠠᠢ ᠭᠠᠵᠠᠷ ᠣᠷᠣᠨ ᠨᠢ ᠢᠨᠲ᠋ᠧᠷ ᠰᠦᠯᠵᠢᠶᠡᠨ ᠤ ᠰᠢᠨ᠎ᠡ ᠶᠢ ᠡᠭᠦᠳᠬᠦ ᠬᠦᠷᠢᠶᠡᠯᠡᠩ ᠤᠨ ᠥᠷᠭᠡᠨ ᠪᠦᠰᠡᠲᠦ ᠰᠦᠯᠵᠢᠶ᠎ᠡ ᠳᠤ ᠵᠣᠬᠢᠰᠲᠠᠶ ᠨᠥᠬᠦᠪᠥᠷᠢ ᠥᠭᠭᠦᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠥᠷᠭᠡᠨ ᠪᠦᠰᠡᠲᠦ ᠰᠦᠯᠵᠢᠶ᠎ᠡ ᠡᠵᠡᠩᠨᠡᠵᠦ ᠪᠠᠶᠢᠭ᠎ᠠ ᠠᠵᠤ ᠠᠬᠤᠶᠢᠯᠠᠯ ᠪᠣᠯᠣᠨ ᠲᠡᠮᠦᠷ ᠰᠤᠪᠤᠷᠭ᠎ᠠ ᠡᠵᠡᠩᠨᠡᠬᠦ ᠺᠣᠮᠫᠠᠨᠢ ᠶᠢᠨ ᠪᠠᠶᠢᠷᠢᠰᠢᠯ ᠢᠶᠠᠨ ᠰᠣᠩᠭᠤᠬᠤ᠂ ᠭᠠᠵᠠᠷ ᠰᠢᠷᠣᠶ ᠲᠠᠲᠠᠪᠤᠷᠢᠯᠠᠬᠤ᠂ ᠣᠷᠴᠢᠨ ᠲᠣᠭᠤᠷᠢᠨ ᠤ ᠦᠨᠡᠯᠡᠯᠲᠡ ᠬᠢᠵᠦ ᠬᠢᠨᠠᠨ ᠵᠥᠪᠰᠢᠶᠡᠷᠡᠬᠦ᠂ ᠴᠠᠬᠢᠯᠭᠠᠨ ᠬᠡᠷᠡᠭᠯᠡᠬᠦ᠂ ᠣᠷᠣᠨ ᠰᠠᠭᠤᠴᠠ ᠳᠤ ᠣᠷᠣᠬᠤ᠂ ᠪᠡᠯᠡ ᠲᠣᠬᠢᠷᠠᠭᠤᠯᠬᠤ ᠵᠡᠷᠭᠡ ᠲᠠᠯ᠎ᠠ ᠪᠠᠷ ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠦᠨ᠎ᠡ᠃ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠰᠦᠢᠳᠬᠡᠯ ᠬᠤᠷᠢᠶᠠᠬᠤ ᠳᠤ ᠬᠠᠷᠠᠭᠠᠯᠵᠠᠯ ᠦᠵᠡᠭᠦᠯᠬᠦ ᠪᠤᠶᠤ ᠬᠥᠩᠭᠡᠷᠡᠭᠦᠯᠵᠦ ᠬᠡᠯᠲᠦᠷᠢᠭᠦᠯᠦᠨ᠎ᠡ᠃      3 . ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠶᠢᠨ ᠨᠡᠪᠲᠡᠷᠡᠭᠦᠯᠭᠡ ᠶᠢ ᠪᠠᠲᠤᠯᠠᠨ᠎ᠠ᠃  ᠬᠤᠳᠠ ᠶᠢᠨ ᠡᠯ᠎ᠡ ᠲᠦᠷᠦᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ᠂ ᠤᠯᠠᠨ ᠨᠡᠶᠢᠲᠡ ᠶᠢᠨ ᠲᠠᠯᠠᠪᠤᠷ ᠭᠠᠵᠠᠷ ᠪᠣᠯᠤᠨ ᠤᠯᠠᠨ ᠨᠡᠶᠢᠲᠡ ᠶᠢᠨ ᠪᠡᠯᠡᠳᠬᠡᠮᠵᠢ ᠶᠢ ᠢᠳᠡᠪᠬᠢᠲᠡᠶ ᠪᠠᠷ ᠴᠢᠯᠥᠭᠡᠲᠡᠶ  ᠪᠣᠯᠭᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠠᠪᠤᠳᠠᠯ ᠢ ᠴᠢᠩᠭ᠎ᠠ ᠴᠠᠭᠠᠵᠠᠯᠠᠨ᠎ᠠ᠃ ᠵᠢᠱᠢᠶᠡᠯᠡᠪᠡᠯ᠄ ᠣᠷᠣᠨ ᠰᠠᠭᠤᠴᠠ ᠶᠢᠨ ᠵᠢᠵᠢᠭ ᠲᠣᠭᠤᠷᠢᠭ᠂ ᠬᠤᠳᠠᠯᠳᠤᠭᠠᠨ ᠤ ᠠᠰᠠᠷ ᠵᠡᠷᠭᠡ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠪᠠᠶᠢᠭᠤᠯᠤᠭᠴᠢ᠂ ᠥᠮᠴᠢᠯᠡᠭᠴᠢ ᠪᠤᠶᠤ ᠬᠠᠮᠢᠶᠠᠷᠤᠭᠴᠢ ᠨᠢ ᠣᠷᠣᠨ ᠪᠦᠰᠡ ᠶᠢᠨ ᠳᠣᠲᠣᠷᠠᠬᠢ ᠢᠵᠢ ᠪᠦᠷᠢᠳᠦᠭᠦᠯᠦᠭᠰᠡᠨ ᠨᠡᠶᠢᠲᠡ ᠶᠢᠨ ᠬᠡᠷᠡᠭᠯᠡᠭᠡᠨ ᠤ ᠮᠡᠳᠡᠭᠡ ᠬᠤᠯᠪᠣᠭᠠᠨ ᠤ  ᠪᠡᠯᠡᠳᠬᠡᠮᠵᠢ ᠳᠤ ᠠᠳᠠᠯᠢ ᠲᠡᠭᠰᠢ ᠨᠥᠬᠦᠴᠡᠯ ᠬᠠᠩᠭᠠᠵᠤ᠂ ᠲᠠᠯᠠᠪᠠᠢ ᠳᠤ ᠣᠷᠣᠬᠤ ᠰᠦᠢᠳᠬᠡᠯ᠂ ᠲᠡᠭᠰᠢᠬᠡᠨ ᠬᠤᠷᠢᠶᠠᠬᠤ ᠰᠦᠢᠳᠬᠡᠯ᠂ ᠵᠣᠬᠢᠴᠠᠭᠤᠯᠬᠤ ᠰᠦᠢᠳᠬᠡᠯ ᠵᠡᠷᠭᠡ ᠵᠦᠢ  ᠪᠤᠰᠤ ᠰᠦᠢᠳᠬᠡᠯ ᠢ ᠡᠯᠳᠡᠪ ᠨᠡᠷ᠎ᠡ ᠪᠠᠷ  ᠬᠤᠷᠢᠶᠠᠬᠤ ᠶᠢ ᠡᠷᠡᠰ ᠴᠠᠭᠠᠵᠠᠯᠠᠨ᠎ᠠ᠃      ᠰᠢᠤᠢ ᠬᠠᠶ ᠫᠢᠩ᠄      4 . ᠤᠬᠠᠭᠤᠯᠭ᠎ᠠ ᠬᠢᠭᠡᠳ ᠬᠠᠮᠠᠭᠠᠯᠠᠯᠲᠠ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠡᠯ᠎ᠡ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠵᠢᠱᠢᠶᠡᠯᠡᠪᠡᠯ᠄ ᠨᠡᠶᠢᠭᠡᠮ ᠤᠨ ᠶᠠᠷᠢᠶ᠎ᠠ ᠬᠡᠯᠡᠯᠴᠡᠭᠡᠨ ᠢ ᠵᠥᠪ ᠢᠶᠠᠷ ᠬᠥᠲᠥᠯᠥᠨ ᠵᠢᠯᠣᠭᠤᠳᠴᠦ ᠪᠠᠶᠢᠭᠠᠳ ᠮᠡᠳᠡᠭᠡ ᠵᠠᠩᠭᠢ ᠴᠢᠮᠡᠭᠡ  ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠪᠣᠯᠣᠨ ᠬᠠᠮᠠᠭᠠᠯᠠᠯᠲᠠ ᠶᠢ ᠳᠡᠮᠵᠢᠵᠦ᠂ ᠤᠯᠠᠨ ᠨᠡᠶᠢᠲᠡ ᠶᠢᠨ ᠰᠠᠭᠤᠷᠢ ᠥᠷᠲᠡᠭᠡ᠂ ᠷᠠᠳᠢᠣ᠋ ᠨᠡᠪᠲᠡᠷᠡᠭᠦᠯᠭᠡ ᠲᠧᠯᠸᠢᠰ ᠤᠨ ᠰᠠᠴᠣᠷᠠᠭᠤᠯᠬᠤ ᠰᠤᠪᠤᠷᠭ᠎ᠠ ᠶᠢᠨ ᠴᠠᠬᠢᠯᠭᠠᠨ ᠰᠣᠷᠢᠨᠵᠢᠨ ᠰᠠᠴᠤᠷᠠᠯᠲᠠ ᠶᠢᠨ ᠲᠤᠬᠠᠶ ᠥᠷᠥᠭᠡᠰᠦᠭᠡᠯ ᠲᠠᠨᠢᠯᠲᠠ ᠶᠢ ᠠᠷᠢᠯᠭᠠᠵᠤ᠂  ᠮᠡᠳᠡᠭᠡ ᠵᠠᠩᠭᠢ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ  ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠨ᠎ᠠ᠃      5 . ᠴᠢᠮᠡᠭᠡ ᠬᠤᠯᠪᠣᠭᠠᠨ ᠤ ᠪᠦᠳᠤᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠭᠡᠷᠡᠯᠯᠢᠭ ᠰᠢᠷᠬᠡᠭ ᠤᠨ ᠡᠷᠦᠬᠡ ᠳᠤ ᠣᠷᠣᠭᠤᠯᠬᠤ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠬᠤᠶᠠᠷ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠡᠷᠴᠢᠮ ᠢ ᠨᠡᠮᠡᠭᠳᠡᠭᠦᠯᠦᠨ᠎ᠡ᠃ ᠵᠢᠱᠢᠶᠡᠯᠡᠪᠡᠯ᠄ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠴᠢᠮᠡᠭᠡ ᠬᠤᠯᠪᠣᠭᠠᠨ ᠤ ᠢᠵᠢ ᠪᠦᠷᠢᠳᠦᠭᠦᠯᠬᠦ ᠪᠡᠯᠡᠳᠬᠡᠮᠵᠢ ᠶᠢᠨ ᠡᠬᠢ ᠪᠠᠶᠠᠯᠢᠭ ᠢ ᠤᠷᠢᠳᠴᠢᠯᠠᠨ ᠦᠯᠡᠳᠡᠭᠡᠵᠦ᠂ ᠲᠡᠭᠦᠨ ᠳᠤ ᠬᠡᠷᠡᠭᠰᠡᠬᠦ ᠪᠡᠯᠡ ᠣᠷᠣᠭᠤᠯᠤᠯᠲᠠ ᠶᠢ ᠴᠢᠮᠡᠭᠡ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠳᠤ ᠰᠢᠯᠵᠢᠭᠦᠯᠵᠦ ᠪᠣᠯᠬᠤ ᠦᠭᠡᠢ᠃ ᠴᠢᠮᠡᠭᠡ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠪᠠᠷᠢᠯᠭ᠎ᠠ ᠶᠢᠨ ᠶᠠᠪᠤᠴᠠ ᠪᠠᠨ ᠰᠢᠯᠢᠳᠡᠭᠵᠢᠭᠦᠯᠦᠨ᠎ᠡ᠃ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠡ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠨᠢᠭᠡᠴᠡ ᠨᠦᠭᠦᠳ  ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠤᠳ ᠤᠨ ᠤᠭᠰᠠᠷᠠᠨ ᠬᠡᠷᠡᠭᠯᠡᠬᠦ ᠶᠢ ᠶᠠᠮᠠᠷᠪᠠ ᠬᠡᠯᠪᠡᠷᠢ ᠪᠠᠷ ᠬᠢᠵᠠᠭᠠᠷᠯᠠᠵᠤ ᠪᠣᠯᠬᠤ ᠦᠭᠡᠢ᠃      6 . ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠥᠷᠭᠡᠨ ᠪᠦᠰᠡᠲᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠠᠲᠤ ᠬᠤᠷᠠᠯ ᠤᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠵᠢᠱᠢᠶᠡᠯᠡᠪᠡᠯ᠄ ᠡᠯ᠎ᠡ ᠠᠶᠢᠮᠠᠭ ᠬᠤᠳᠠ ᠨᠤᠭᠤᠳ ᠮᠡᠳᠡᠭᠡ ᠵᠠᠩᠭᠢ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠪᠠᠨ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠂ ᠬᠤᠳᠠ ᠬᠥᠳᠡᠭᠡ ᠶᠢᠨ ᠪᠦᠳᠦᠭᠡᠠ ᠪᠠᠶᠢᠭᠤᠯᠤᠯᠲᠠ ᠶᠢᠨ ᠲᠥᠯᠥᠪᠵᠢᠭᠦᠯᠭᠡ᠂ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠦᠯᠭᠡ ᠵᠡᠷᠭᠡ ᠬᠠᠮᠢᠶ᠎ᠠ ᠪᠦᠬᠦᠢ ᠲᠥᠯᠥᠪᠵᠢᠭᠦᠯᠭᠡ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ ᠭᠠᠵᠠᠷ ᠣᠷᠣᠨ ᠤ ᠥᠷᠭᠡᠨ ᠪᠦᠰᠡᠲᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠪᠣᠯᠣᠨ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠵᠦ ᠰᠦᠢᠳᠬᠡᠯ ᠢ ᠪᠠᠭᠤᠷᠠᠭᠤᠯᠬᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ  ᠪᠠᠶᠢᠴᠠᠭᠠᠵᠤ ᠰᠢᠯᠭᠠᠨ ᠦᠨᠡᠯᠡᠨ᠎ᠡ᠃       ᠥᠪᠥᠷ ᠮᠣᠩᠭᠤᠯ ᠤᠨ ᠮᠡᠳᠡᠭᠡ ᠵᠠᠩᠭᠢᠵᠢᠯᠲᠠ ᠶᠢᠨ ᠬᠢᠷᠢ ᠲᠥᠪᠰᠢᠨ ᠢᠯᠠᠩᠭᠤᠶ᠎ᠠ ᠥᠷᠭᠡᠨ ᠪᠦᠰᠡᠲᠦ ᠰᠦᠯᠵᠢᠶᠡᠨ ᠤ ᠰᠠᠭᠤᠷᠢ ᠶᠢ ᠪᠤᠰᠤᠳ ᠮᠤᠵᠢ ᠬᠤᠲᠠ ᠲᠠᠢ ᠬᠠᠷᠢᠴᠠᠭᠤᠯᠪᠠᠯ ᠪᠠᠰᠠ ᠨᠡᠯᠢᠶᠡᠳ ᠬᠤᠴᠣᠷᠤᠩᠭᠤᠶ ᠪᠠᠶᠢᠭᠰᠠᠭᠠᠷ᠂ ᠡᠨᠡ ᠨᠢ ᠮᠠᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠳᠠᠷᠬᠠᠶ ᠪᠤᠲᠠᠷᠬᠠᠶ ᠰᠠᠭᠤᠷᠢᠰᠢᠭᠰᠠᠨ ᠵᠡᠷᠭᠡ ᠪᠤᠰᠤᠳᠴᠢ ᠬᠦᠴᠦᠨ ᠵᠦᠢᠯ ᠠᠴᠠ ᠪᠣᠯᠵᠤ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠳᠤ ᠮᠠᠰᠢ ᠤᠯᠠᠨ ᠬᠦᠴᠢᠷ ᠪᠡᠷᠬᠡᠰᠢᠶᠡᠯ ᠲᠤᠯᠭᠠᠷᠠᠭᠤᠯᠪᠠ᠃ ᠭᠡᠪᠡᠴᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠮᠠᠨ ᠤ ᠣᠷᠣᠨ ᠤ ᠳᠡᠭᠡᠳᠦ ᠬᠤᠷᠲᠤ ᠶᠢᠨ ᠥᠷᠭᠡᠨ ᠪᠦᠰᠡᠲᠦ ᠰᠦᠯᠵᠢᠶᠡᠨ ᠤ ᠪᠠᠶᠢᠭᠤᠯᠤᠯᠲᠠ ᠯᠠᠪᠲᠠᠶ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠳᠡᠭᠡᠳᠦ ᠱᠠᠲᠤᠨ ᠤ ᠪᠠᠭᠤᠯᠭᠠᠭᠰᠠᠨ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠨ᠂  ᠮᠠᠨ ᠤ ᠣᠷᠣᠨ ᠤ ᠮᠡᠳᠡᠭᠡ ᠵᠠᠩᠭᠢᠵᠢᠯᠲᠠ ᠶᠢᠨ ᠡᠷᠡᠭᠦᠯ ᠢᠶᠠᠷ ᠬᠦᠭᠵᠢᠬᠦ ᠶᠢ ᠪᠢᠳᠡ ᠪᠠᠲᠤ ᠢᠲᠡᠭᠡᠵᠦ ᠪᠠᠶᠢᠨ᠎ᠠ᠃      ᠬᠥᠲᠥᠯᠥᠭᠴᠢ᠄      ᠰᠢᠦᠢ ᠡᠷᠬᠢᠯᠡᠭᠴᠢ ᠶᠢᠨ ᠬᠦᠯᠢᠴᠡᠩᠭᠦᠶ ᠲᠠᠶᠢᠯᠤᠮᠵᠢ ᠳᠤ ᠲᠤᠶᠢᠯ ᠢᠶᠠᠷ ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠶ᠎ᠠ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠲᠠᠶᠢᠬᠠᠨ ᠠᠭᠤᠯᠵᠠᠶ᠎ᠠ︕
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号