2016 ᠣᠨ ᠤ ᠪᠥᠸᠧᠬᠠᠢ ᠲᠠᠩᠭᠢᠰ ᠳᠠᠭᠠᠤ ᠶᠢᠨ ᠮᠡᠷᠭᠡᠵᠢᠯ ᠰᠢᠯᠵᠢᠭᠦᠯᠬᠦ ᠬᠤᠯᠪᠣᠭ᠎ᠠ ᠶᠢᠨ ᠣᠨ ᠤ ᠬᠤᠷᠠᠯ ᠵᠢᠴᠢ ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ ᠮᠡᠷᠭᠡᠵᠢᠯ ᠰᠢᠯᠵᠢᠭᠦᠯᠬᠦ ᠬᠠᠮᠲᠤᠷᠠᠯᠴᠠᠭ᠎ᠠ ᠶᠢᠨ ᠶᠠᠷᠢᠶᠠᠨ ᠤ ᠲᠠᠪᠴᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/7/5
     7 ᠳ᠋ᠤᠭᠠᠷ ᠰᠠᠷ᠎ᠠ ᠶᠢᠨ 4᠎ ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ︵ᠮᠠᠨᠵᠤᠤᠷ︶᠎ ᠤᠨ ᠤᠮᠠᠷᠠᠲᠤ ᠤᠷᠤᠨ ᠤ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠢ ᠡᠷᠬᠢᠯᠡᠬᠦ ᠲᠠᠰᠢᠷᠠᠮ ᠳᠤ᠂ ︽2016 ᠣᠨ ᠤ ᠪᠥᠸᠧᠬᠠᠢ ᠲᠠᠩᠭᠢᠰ ᠳᠠᠭᠠᠤ ᠶᠢᠨ ᠮᠡᠷᠭᠡᠵᠢᠯ ᠰᠢᠯᠵᠢᠭᠦᠯᠬᠦ ᠬᠤᠯᠪᠣᠭ᠎ᠠ ᠶᠢᠨ ᠣᠨ ᠤ ᠬᠤᠷᠠᠯ ᠵᠢᠴᠢ ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ ᠮᠡᠷᠭᠡᠵᠢᠯ ᠰᠢᠯᠵᠢᠭᠦᠯᠬᠦ ᠬᠠᠮᠲᠤᠷᠠᠯᠴᠠᠭ᠎ᠠ ᠶᠢᠨ ᠶᠠᠷᠢᠶᠠᠨ ᠤ ᠲᠠᠪᠴᠠᠩ ᠤᠨ ᠬᠤᠷᠠᠯ︾ ︵ᠳᠣᠷᠣᠭᠰᠢ ᠣᠨ ᠤ ᠬᠤᠷᠠᠯ ᠪᠠ ᠶᠠᠷᠢᠶᠠᠨ ᠤ ᠲᠠᠪᠴᠠᠩ ᠤᠨ ᠬᠤᠷᠠᠯ ᠭᠡᠵᠦ ᠲᠣᠪᠴᠢᠯᠠᠨ᠎ᠠ︶᠎ ᠢ ᠮᠠᠨᠵᠤᠤᠷ ᠬᠤᠲᠠ ᠳᠤ ᠬᠢᠪᠡ᠃     ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠭᠠᠯ ᠪᠠᠮᠪᠠᠷ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠬᠦ ᠲᠥᠪ᠂ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠦᠪᠯᠡᠯ ᠵᠢᠴᠢ ᠣᠷᠣᠰ ᠤᠨ ᠬᠤᠯᠪᠤᠭᠠᠨ ᠤ ᠪᠥᠬᠦᠳᠡ ᠨᠠᠶᠢᠷᠠᠮᠳᠠᠬᠤ ᠪᠤᠷᠢᠶᠠᠳ ᠤᠯᠤᠰ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠶᠠᠮᠤᠨ᠂ ᠢᠷᠺᠦ᠋ᠼᠺ ᠵᠧᠤ ᠶᠢᠨ ᠬᠥᠳᠡᠭᠡ ᠠᠵᠤ ᠠᠬᠤᠶ ᠶᠢᠨ ᠲᠥᠪ︔ ᠮᠣᠩᠭᠤᠯ ᠤᠯᠤᠰ ᠤᠨ ᠰᠤᠷᠭᠠᠨ ᠬᠥᠮᠦᠵᠢᠯ ᠰᠣᠶᠣᠯ ᠪᠣᠯᠪᠠᠰᠤᠷᠠᠯ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠰᠢᠨᠵᠢᠯᠡᠬᠦ ᠤᠬᠠᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠮᠥᠩᠭᠦᠨ ᠤ ᠺᠤᠮᠢᠰ ᠵᠡᠷᠭᠡ ᠠᠴᠠ ᠢᠷᠡᠭᠰᠡᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠪᠦᠸᠧᠬᠠᠢ ᠲᠠᠩᠭᠢᠰ ᠳᠠᠭᠠᠤ ᠶᠢᠨ ᠡᠯ᠎ᠡ ᠮᠤᠵᠢ ᠣᠷᠣᠨ ᠤ ᠮᠡᠷᠭᠡᠵᠢᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠡᠷᠭᠡᠵᠢᠯ ᠰᠢᠯᠵᠢᠭᠦᠯᠬᠦ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠣᠳᠤᠯᠤᠯ ᠤᠨ ᠨᠢᠭᠡᠴᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠲᠦᠯᠦᠭᠡᠯᠡᠭᠴᠢᠳ ᠨᠡᠶᠢᠲᠡ 100 ᠭᠠᠷᠤᠢ ᠬᠦᠮᠦᠨ ᠣᠨ ᠤ ᠬᠤᠷᠠᠯ ᠪᠠ ᠶᠠᠷᠢᠶᠠᠨ ᠤ ᠲᠠᠪᠴᠠᠩ ᠤᠨ ᠬᠤᠷᠠᠯ ᠳᠤ ᠣᠷᠣᠯᠴᠠᠭᠰᠠᠨ ᠪᠠᠶᠢᠨ᠎ᠠ᠃      ᠮᠠᠨᠵᠤᠤᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠭᠦᠢ ᠴᠢᠩ ᠶᠠᠷᠢᠶ᠎ᠠ ᠲᠠᠯᠪᠢᠪᠠ︔ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠭᠠᠯ ᠪᠠᠮᠪᠠᠷ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠬᠦ ᠲᠥᠪ ᠤᠨ ᠳᠡᠳ᠋ ᠲᠣᠪᠴᠢᠶᠠᠨ ᠤ ᠳᠡᠰ ᠤᠨ ᠪᠠᠶᠢᠴᠠᠭᠠᠨ ᠰᠤᠳᠤᠯᠤᠭᠴᠢ ᠳ᠋ᠤᠸᠠᠨ ᠵᠢᠶᠦ᠋ᠨ ᠬᠤ᠋︔ ᠮᠣᠩᠭᠤᠯ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠮᠥᠩᠭᠦᠨ ᠤ ᠵᠥᠪᠯᠡᠯ ᠤᠨ ᠡᠷᠬᠢᠯᠡᠭᠴᠢ ᠬ᠊ · ᠳᠤᠨᠳᠤᠭ︔ ᠣᠷᠣᠰ ᠤᠨ ᠬᠤᠯᠪᠤᠭᠠᠨ ᠤ ᠪᠥᠬᠦᠳᠡ ᠨᠠᠶᠢᠷᠠᠮᠳᠠᠬᠤ ᠪᠤᠷᠢᠶᠠᠳ ᠤᠯᠤᠰ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ᠂ ᠠᠵᠤ ᠠᠬᠤᠶ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠲᠥᠷᠦ ᠶᠢᠨ ᠪᠤᠳᠤᠯᠭ᠎ᠠ ᠶᠢᠨ ᠺᠣᠮᠢᠰ ᠤᠨ ᠲᠡᠷᠢᠭᠦᠯᠡᠭᠴᠢ ᠠᠨᠵᠢᠶᠠᠷᠬᠠᠶᠧᠹ ᠨᠠᠷ ᠲᠤᠰ ᠲᠤᠰ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠤᠨ ᠳᠡᠳ᠋ ᠳᠠᠷᠤᠭ᠎ᠠ ᠡᠦ ᠰᠦ᠋ ᠬᠠᠢ ᠣᠨ ᠤ ᠬᠤᠷᠠᠯ ᠪᠠ ᠶᠠᠷᠢᠶᠠᠨ ᠤ ᠲᠠᠪᠴᠠᠩ ᠢ ᠡᠷᠬᠢᠯᠡᠪᠡ᠃      ᠲᠤᠰ ᠤᠳᠠᠭᠠᠨ ᠤ ᠣᠨ ᠤ ᠬᠤᠷᠠᠯ ᠪᠣᠯ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠬᠤ ᠶᠤᠮ᠃ ᠬᠤᠷᠠᠯ ᠨᠢ ︽ᠮᠡᠷᠭᠡᠵᠢᠯ ᠤᠨ ᠵᠠᠬ᠎ᠠ ᠳᠡᠯᠭᠡᠭᠦᠷ ᠢ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠦᠢᠯᠡᠴᠢᠯᠡᠶ᠎ᠡ ᠭᠡᠰᠡᠨ ᠭᠤᠣᠯ ᠰᠡᠳᠦᠪ ᠢᠶᠠᠷ ᠣᠷᠣᠨ ᠪᠦᠰᠡ ᠶᠢᠨ ᠴᠢᠨᠠᠷᠲᠠᠶ ᠮᠡᠷᠭᠡᠵᠢᠯ ᠤᠨ ᠠᠷᠠᠯᠵᠢᠶ᠎ᠠ ᠰᠣᠯᠢᠯᠴᠠᠭᠠᠨ ᠤ ᠲᠠᠪᠴᠠᠩ ᠢ ᠪᠦᠲᠦᠭᠡᠨ ᠪᠠᠶᠢᠭᠤᠯᠬᠤ᠂ ᠮᠡᠷᠭᠡᠵᠢᠯ ᠰᠢᠯᠵᠢᠭᠦᠯᠬᠦ ᠪᠠᠶᠢᠭᠤᠯᠤᠮᠵᠢ ᠪᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠪᠣᠶᠢᠵᠢᠭᠤᠯᠬᠤ᠂ ᠤᠷᠤᠰ᠂ ᠮᠣᠩᠭᠤᠯ ᠬᠤᠶᠠᠷ ᠤᠯᠤᠰ ᠎ ᠯᠤᠭ᠎ᠠ ᠮᠡᠷᠭᠡᠵᠢᠯ ᠰᠢᠯᠵᠢᠭᠦᠯᠬᠦ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ ᠵᠡᠷᠭᠡ ᠠᠰᠠᠭᠤᠳᠠᠯ ᠢ ᠭᠤᠣᠯᠳᠠᠯᠭ᠎ᠠ ᠎ ᠲᠠᠢ ᠰᠣᠳᠤᠯᠤᠨ ᠶᠠᠷᠢᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号