ᠳᠡᠭᠡᠷ᠎ᠡ ᠬᠠᠭᠠᠰ ᠵᠢᠯ ᠳᠤ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ ᠤᠨ ᠭᠠᠶᠢᠯᠢ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 9.1%᠎ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2016/7/5
     6 ᠳ᠋ᠤᠭᠠᠷ ᠰᠠᠷ᠎ᠠ ᠶᠢᠨ 30᠎ ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ ᠤᠨ ᠡᠯ᠎ᠡ ᠲᠥᠷᠥᠯ ᠤᠨ ᠭᠠᠶᠢᠯᠢ ᠶᠢᠨ ᠣᠷᠣᠯᠭ᠎ᠠ 966.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 80.3 ᠳ᠋ᠦᠩᠰᠢᠭᠤᠷ ᠲᠥᠭᠦᠷᠢᠭ  ᠤᠨ ᠣᠷᠣᠯᠭ᠎ᠠ ᠨᠡᠮᠡᠭᠳᠡᠨ᠂ 9.1%᠎ ᠪᠠᠷ ᠨᠡᠮᠡᠭᠳᠡᠪᠡ᠃ ᠡᠭᠦᠨ ᠳᠤ᠂ ᠣᠷᠣᠨ ᠨᠤᠲᠤᠭ ᠤᠨ ᠱᠠᠲᠤᠨ ᠤ ᠭᠠᠶᠢᠯᠢ ᠶᠢᠨ ᠣᠷᠣᠯᠭ᠎ᠠ ᠶᠢ 588.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 38.9 ᠳ᠋ᠦᠩᠰᠢᠭᠤᠷ ᠲᠥᠭᠦᠷᠢᠭ ᠤᠨ ᠣᠷᠣᠯᠭ᠎ᠠ ᠨᠡᠮᠡᠭᠳᠡᠨ᠂ 7.1%᠎ ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 54.9%᠎ ᠳᠤ ᠬᠦᠷᠪᠡ᠃      ᠣᠶᠢᠯᠠᠭᠠᠭᠰᠠᠨ ᠢᠶᠠᠷ᠂ ᠣᠷᠣᠯᠭ᠎ᠠ ᠶᠢᠨ ᠨᠡᠮᠡᠭᠳᠡᠯ ᠤᠨ ᠬᠤᠪᠢᠷᠠᠯᠲᠠ ᠶᠢᠨ ᠪᠠᠶᠢᠳᠠᠯ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠨᠢ ᠠᠵᠤ ᠠᠬᠤᠶ ᠯᠤᠭ᠎ᠠ ᠵᠣᠬᠢᠴᠠᠩᠭᠤᠢ ᠪᠠᠷ ᠨᠡᠮᠡᠭᠳᠡᠪᠡ᠃ ᠠᠵᠤ ᠦᠢᠯᠡᠰ ᠤᠨ ᠭᠠᠶᠢᠯᠢ ᠠᠴᠠ ᠦᠵᠡᠪᠡᠯ᠂ ᠭᠤᠷᠪᠠᠳᠤᠭᠠᠷ ᠠᠵᠤ ᠦᠢᠯᠡᠰ ᠤᠨ ᠭᠠᠶᠢᠯᠢ ᠲᠠᠲᠠᠪᠤᠷᠢ ᠨᠢ 382.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.5% ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠭᠠᠶᠢᠯᠢ ᠨᠢ 291 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.3%᠎ ᠪᠠᠷ ᠨᠡᠮᠡᠭᠳᠡᠵᠦ᠂ ᠮᠠᠨ ᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠦᠷ᠎ᠡ ᠪᠦᠲᠦᠭᠡᠯ ᠠᠯᠬᠤᠮ ᠠᠯᠬᠤᠮ ᠢᠶᠠᠷ ᠢᠯᠡᠷᠡᠵᠦ ᠪᠠᠶᠢᠭ᠎ᠠ ᠶᠢ ᠲᠤᠰᠬᠠᠵᠠᠢ᠃ ᠠᠵᠢᠯ ᠲᠦᠷᠦᠯ ᠤᠨ ᠭᠠᠶᠢᠯᠢ ᠠᠴᠠ ᠦᠵᠡᠪᠡᠯ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠣᠨ ᠳᠡᠭᠡᠳᠦ ᠲᠡᠰ ᠤᠨ ᠦᠢᠯᠡᠳᠬᠦ ᠦᠢᠯᠡᠰ ᠤᠨ ᠭᠠᠶᠢᠯᠢ ᠶᠢᠨ ᠨᠡᠮᠡᠭᠳᠡᠯ ᠨᠡᠯᠢᠶᠡᠳ ᠲᠥᠷᠭᠡᠳᠴᠦ᠂ ᠲᠦᠷᠢᠶᠡᠰᠦᠯᠡᠯ ᠪᠣᠯᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠰᠣᠶᠣᠯ ᠲᠠᠮᠢᠷ ᠵᠤᠭ᠎ᠠ ᠴᠡᠩᠭᠡᠯ᠂ ᠰᠠᠭᠤᠭᠠᠯᠢ ᠠᠷᠠᠳ ᠤᠨ ᠦᠢᠯᠡᠴᠢᠯᠡᠭᠡ᠂ ᠤᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠦᠢᠯᠡᠰ ᠲᠤᠰ ᠲᠤᠰ 30.9%᠂ 32.4%᠂ 24.4%᠂ 21.3% ᠨᠡᠮᠡᠭᠳᠡᠵᠦ᠂ ᠦᠢᠯᠡᠳᠪᠦᠷᠢᠯᠡᠯ ᠤᠨ ᠴᠢᠳᠠᠪᠤᠷᠢ ᠬᠡᠳᠦ ᠢᠯᠡᠭᠦᠳᠡᠵᠦ ᠪᠠᠶᠢᠭ᠎ᠠ  ᠨᠡᠭᠦᠷᠡᠰᠦ ᠪᠣᠯᠣᠨ ᠪᠤᠯᠤᠳ ᠲᠡᠮᠦᠷ ᠤᠨ ᠠᠵᠢᠯ ᠲᠥᠷᠥᠯ ᠤᠨ ᠭᠠᠶᠢᠯᠢ ᠲᠠᠲᠠᠪᠤᠷᠢ ᠪᠠᠭᠤᠷᠠᠵᠤ᠂ ᠮᠠᠨ ᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠠᠵᠢᠯ ᠠᠮᠵᠢᠯᠲᠠ ᠣᠯᠣᠭᠰᠠᠨ ᠢ ᠬᠠᠷᠠᠭᠤᠯᠪᠠ᠃ ᠭᠡᠲᠡᠯ᠎ᠡ ᠭᠡᠷ ᠭᠠᠵᠠᠷ ᠬᠥᠷᠤᠩᠭᠡ ᠶᠢᠨ ᠭᠠᠶᠢᠯᠢ ᠨᠢ ᠬᠥᠮᠥᠷᠭᠡ ᠶᠢᠨ ᠦᠯᠡᠭᠦᠦ ᠬᠠᠳᠠᠭᠠᠯᠠᠮᠵᠢ ᠶᠢ ᠥᠭᠡᠶᠢᠰᠭᠡᠬᠦ ᠪᠠ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠳᠤ ᠨᠥᠯᠥᠭᠡᠯᠡᠭᠳᠡᠭᠡᠳ᠂ 0.6%᠎ ᠢᠶᠠᠷ ᠪᠠᠭᠤᠷᠠᠭᠰᠠᠨ ᠪᠠᠶᠢᠨ᠎ᠠ᠃ ᠭᠤᠣᠯᠳᠠᠯᠭ᠎ᠠ ᠲᠠᠢ ᠭᠠᠶᠢᠯᠢ ᠶᠢᠨ ᠳᠣᠲᠣᠷ᠎ᠠ ᠡᠬᠢ ᠪᠠᠶᠠᠯᠢᠭ ᠤᠨ ᠭᠠᠶᠢᠯᠢ ᠠᠴᠠ ᠠᠰᠳᠠᠭᠠᠨ ᠭᠠᠶᠢᠯᠢ ᠶᠢᠨ ᠣᠷᠣᠯᠭ᠎ᠠ ᠴᠦᠮ ᠨᠡᠮᠡᠭᠳᠡᠭᠰᠡᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠬᠦ ᠳᠡᠭᠡᠨ᠂ ᠡᠨᠡ ᠵᠢᠯ ᠠᠴᠠ ᠨᠠᠰᠢ ᠣᠷᠣᠨ ᠨᠤᠲᠤᠭ ᠤᠨ ᠭᠠᠶᠢᠯᠢ ᠶᠢᠨ ᠰᠠᠯᠠᠭ᠎ᠠ ᠮᠥᠴᠢᠷ ᠤᠳ ᠡᠳ᠋ ᠤᠨ ᠵᠠᠰᠠᠭ ᠪᠣᠯᠤᠨ ᠤᠯᠤᠰ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠳᠡᠮᠵᠢᠵᠦ᠂ ᠭᠠᠶᠢᠯᠢ ᠲᠤᠰᠢᠶᠠᠭᠴᠢ ᠶᠢᠨ ᠡᠭᠦᠷᠭᠡᠯᠡᠯ ᠢ ᠴᠢᠷᠮᠠᠶᠢᠨ ᠬᠥᠩᠭᠡᠷᠡᠬᠦᠯᠵᠦ᠂ ᠳᠡᠭᠡᠷ᠎ᠡ ᠬᠠᠭᠠᠰ ᠵᠢᠯ ᠳᠤ ᠣᠷᠣᠨ ᠨᠤᠲᠤᠭ  ᠤᠨ ᠭᠠᠶᠢᠯᠢ ᠶᠢ ᠵᠠᠭᠤᠨ ᠳ᠋ᠦᠩᠰᠢᠭᠤᠷ ᠲᠥᠭᠦᠷᠢᠭ ᠰᠢᠬᠠᠮ ᠬᠥᠩᠭᠡᠯᠡᠵᠦ ᠬᠡᠯᠲᠦᠷᠢᠭᠦᠯᠪᠡ᠃ ᠳᠣᠣᠷ᠎ᠠ ᠬᠠᠭᠠᠰ ᠵᠢᠯ ᠳᠤ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ ᠭᠠᠶᠢᠯᠢ ᠲᠠᠲᠠᠪᠤᠷᠢᠯᠠᠬᠤ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ ᠭᠡᠵᠦ ᠪᠠᠶᠢᠯ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号