6 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ | ᠲᠢᠩᠬᠢᠮ ᠠᠴᠠ ︽ᠥᠪᠥᠷ ᠮᠣᠩᠭᠤᠯ ᠤᠨ ᠮᠢᠨ ᠹᠧᠩ ᠲᠠᠷᠢᠮᠠᠯ ᠤᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ 5 | ᠠᠵᠤ ᠠᠬᠤᠶᠢᠯᠠᠯ ᠳᠤ 2015 ᠣᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠨᠡᠷᠡᠮᠵᠢᠲᠦ ᠶᠠᠰᠤ | ᠴᠢᠨᠠᠷ ᠤᠨ ᠱᠠᠩᠨᠠᠯ ᠣᠯᠭᠤᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠠᠷᠯᠠᠯ︾ ᠢ ᠨᠡᠶᠢᠲᠡᠯᠡᠪᠡ᠃ ︽ᠵᠠᠷᠯᠠᠯ︾ ᠳᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ ᠨᠡᠷᠡᠮᠵᠢᠲᠦ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠷᠭ᠎ᠠ︾ ᠶᠢᠨ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ | ᠺᠤᠮᠢᠰ ᠢᠶᠠᠷ ᠬᠢᠨᠠᠨ ᠲᠣᠭᠲᠠᠭᠠᠯᠭᠠᠭᠠᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠥᠪᠥᠷ ᠮᠣᠩᠭᠤᠯ ᠤᠨ ᠮᠢᠨ ᠹᠧᠩ ᠲᠠᠷᠢᠮᠠᠯ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠧ | ᠳ᠋ᠠ ᠬᠦᠩᠭᠡᠨ ᠴᠠᠭᠠᠨ ᠤ ᠦᠢᠯᠡᠰ ᠴᠢᠮᠡᠭᠯᠡᠯ ᠤᠨ ᠪᠠᠷᠢᠯᠭ᠎ᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ | ᠬᠤᠸᠠᠨ ᠭᠡᠷᠡᠯ ᠸᠣᠯᠲ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠂ ᠪᠤᠭᠤᠲᠤ ᠶᠢᠨ ᠳ᠋ᠦᠩ ᠪᠣᠥ ᠠᠮᠢᠳᠤ ᠪᠣᠳᠠᠰ ᠤᠨ | ᠮᠡᠷᠭᠡᠵᠢᠯ ᠤᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠪᠠᠭᠤᠳᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ 2015 ᠣᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠨᠡᠷᠡᠮᠵᠢᠲᠦ ᠶᠠᠰᠤ | ᠴᠢᠨᠠᠷ ᠤᠨ ᠱᠠᠩᠨᠠᠯ ᠢ ᠣᠯᠭᠤᠪᠠ᠃ ᠱᠠᠩᠨᠠᠯ ᠣᠯᠤᠭᠰᠠᠨ ᠠᠵᠤ ᠠᠬᠤᠶᠢᠯᠠᠯ ᠤᠳ ᠲᠤ ᠬᠦᠰᠡᠬᠦ ᠨᠢ᠂ ᠴᠢᠷᠮᠠᠶᠢᠭᠰᠠᠨ | ᠳᠡᠭᠡᠷ᠎ᠡ ᠪᠠᠨ ᠴᠢᠷᠮᠠᠶᠢᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ | ᠪᠠᠳᠠᠷᠠᠭᠤᠯᠵᠦ᠂ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠤᠨ ᠬᠢᠷᠢ ᠲᠥᠪᠰᠢᠨ ᠢ ᠨᠡᠶᠢᠳᠡᠮ ᠳᠤᠨᠢ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠱᠠᠩᠨᠠᠯ | ᠣᠯᠤᠭᠰᠠᠨ ᠠᠵᠤ ᠠᠬᠤᠶᠢᠯᠠᠯ ᠢ ᠤᠬᠠᠭᠤᠯᠬᠤ ᠪᠠ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠂ ᠡᠯ᠎ᠡ | ᠠᠵᠢᠯ ᠲᠦᠷᠦᠯ ᠤᠨ ᠬᠢᠨ ᠢ ᠵᠢᠯᠤᠭᠤᠳᠤᠨ ᠱᠠᠩᠨᠠᠯ ᠣᠯᠤᠭᠰᠠᠨ ᠠᠵᠤ ᠠᠬᠤᠶᠢᠯᠠᠯ ᠠᠴᠠ ᠲᠠᠭᠠᠨ ᠰᠤᠷᠤᠯᠴᠠᠵᠤ᠂ | ᠤᠷᠠᠨ ᠳᠠᠷᠬᠠᠳ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠡᠩ ᠣᠯᠠᠨ ᠬᠡᠷᠡᠭᠯᠡᠭᠴᠢᠳ ᠤᠨ ᠲᠠᠭᠠᠯᠠᠮᠵᠢ ᠶᠢ | ᠣᠯᠤᠭᠰᠠᠨ ᠨᠡᠷᠡᠳᠤ ᠲᠡᠮᠳᠡᠭᠲᠦ ᠶᠢ ᠡᠭᠦᠳᠴᠦ᠂ ᠰᠢᠯᠢᠳᠡᠭ ᠢ ᠬᠦᠭᠡᠭᠡᠴᠡᠯᠳᠦᠬᠦ᠂ ᠶᠠᠰᠤ ᠴᠢᠨᠠᠷ ᠢ ᠡᠷᠬᠢᠮᠯᠡᠬᠦ ᠶᠢ ᠪᠦᠬᠦ | ᠨᠡᠶᠢᠭᠡᠮ ᠤᠨ ᠥᠷᠲᠡᠭ ᠤᠨ ᠤᠳᠤᠷᠢᠳᠤᠮᠵᠢ ᠪᠠ ᠴᠠᠭ ᠦᠶ᠎ᠡ ᠶᠢᠨ ᠵᠣᠷᠢᠭ ᠰᠠᠨᠠᠭ᠎ᠠ ᠪᠣᠯᠭᠠᠬᠤ ᠬᠡᠷᠡᠭᠲᠡᠢ ᠭᠡᠵᠡᠢ᠃ |