ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠥ  ᠶᠡᠷᠤᠩᠬᠡᠢ ᠱᠦᠵᠢ ᠰᠢ ᠶᠢᠨ ᠫᠢᠩ ᠤᠨ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠠ 95 ᠵᠢᠯ ᠤᠨ ᠤᠢ ᠶᠢ ᠪᠡᠯᠬᠡᠯᠡᠬᠦ ᠶᠡᠭᠡ ᠬᠤᠷᠠᠯ ᠲᠡᠭᠡᠷᠡᠬᠢ ᠴᠢᠬᠤᠯᠠ ᠶᠠᠷᠢᠶ᠎ᠠ ᠪᠣᠯᠣᠨ ︽ᠬᠤᠶᠠᠷ ᠲᠦᠷᠢᠮ︾᠎ ᠢ ᠰᠤᠷᠤᠯᠴᠠᠪᠠ
ᠨᠡᠶᠢᠲᠡᠯᠡᠭᠰᠡᠨ ᠴᠠᠭ᠄
2016/7/6
     7 ᠳ᠋ᠤᠭᠠᠷ ᠰᠠᠷ᠎ᠠ ᠶᠢᠨ 1᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠥ᠂ ᠶᠡᠷᠤᠩᠬᠡᠢ ᠱᠦᠵᠢ ᠰᠢ ᠶᠢᠨ ᠫᠢᠩ ᠤᠨ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠠ 95 ᠵᠢᠯ ᠤᠨ ᠤᠢ ᠶᠢ ᠪᠡᠯᠬᠡᠯᠡᠬᠦ ᠶᠡᠭᠡ ᠬᠤᠷᠠᠯ ᠲᠡᠭᠡᠷᠡᠬᠢ ᠴᠢᠬᠤᠯᠠ ᠶᠠᠷᠢᠶ᠎ᠠ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠤᠷᠤᠨ ᠨᠤᠳᠤᠭ ᠤᠨ ᠬᠤᠷᠢᠶ᠎ᠠ ᠶᠢᠨ ᠠᠵᠢᠯ ᠤᠨ ᠲᠦᠷᠢᠮ︾᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠤᠳᠤᠷᠢᠳᠬᠤ ᠲᠤᠭᠤᠢᠢᠯᠠᠩ ᠤᠨ ᠠᠵᠢᠯ ᠤᠨ ᠲᠦᠷᠢᠮ ︵ᠲᠤᠷᠰᠢᠨ ᠬᠡᠷᠡᠭᠵᠢᠬᠦᠯᠬᠦ︶︾᠎ ᠢ ᠰᠤᠷᠤᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠨ ᠤ ᠨᠠᠮ ᠤᠨ 95 ᠵᠢᠯ ᠤᠨ ᠲᠤᠷᠰᠢ ᠶᠠᠪᠤᠵᠥ ᠢᠷᠡᠭᠰᠡᠡ ᠰᠦᠷ ᠲᠠᠯᠠᠶᠢᠴᠠᠳᠠᠢ ᠲᠡᠤᠬᠡ ᠪᠤᠯᠤᠨ ᠠᠭᠤᠤ ᠶᠡᠭᠡ ᠲᠡᠤᠬᠡᠨ ᠬᠤᠪᠢ ᠨᠡᠮᠡᠷᠢ ᠶᠢ ᠡᠷᠬᠢᠴᠡᠬᠦᠯᠵᠥ᠂ ᠢᠷᠡᠬᠡᠳᠤᠢ ᠳᠤ ᠬᠠᠨᠳᠤᠬᠤ ᠳᠤ᠂ ᠦᠷᠢᠰᠦᠯᠳᠦᠭᠡᠨ ᠳᠤ ᠲᠤᠯᠭᠠᠷᠠᠬᠤ ᠳᠤ ᠡᠷᠬᠡᠪᠰᠢ ᠪᠠᠳᠤ ᠡᠵᠡᠮᠰᠢᠬᠦ ᠨᠠᠢᠮᠠᠨ ᠲᠠᠯ᠎ᠠ ᠶᠢᠨ ᠱᠠᠭᠠᠷᠳᠠᠯᠭ᠎ᠠ ᠶᠢ ᠲᠤᠷᠠᠳᠴᠦ᠂ ᠪᠦᠬᠦ ᠨᠠᠮ ᠤᠨ ᠰᠢᠨ᠎ᠡ ᠲᠡᠤᠬᠡᠨ ᠭᠠᠷᠤᠭ᠎ᠠ ᠠᠴᠠ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠶᠢ ᠨᠢᠬᠡᠳᠤᠯᠳᠡᠢ ᠲᠦᠯᠥᠪᠵᠢᠬᠦᠯᠥᠨ ᠠᠬᠢᠭᠤᠯᠬᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠠᠬᠢᠭᠤᠯᠬᠤ᠂ ᠨᠠᠮ ᠪᠤᠯᠤᠨ ᠤᠯᠤᠰ ᠤᠨ ᠡᠯ᠎ᠡ ᠵᠦᠢᠯ ᠤᠨ ᠠᠵᠢᠯ ᠢ ᠰᠠᠶᠢᠳᠤᠷ ᠬᠢᠬᠦ ᠳᠤ ᠲᠦᠢᠯ ᠤᠨ ᠴᠢᠬᠤᠯᠠ ᠵᠢᠯᠤᠭᠤᠳᠬᠤ ᠠᠴᠢ ᠬᠤᠯᠪᠤᠭᠳᠠᠯ ᠲᠠᠢ ᠶᠤᠮ᠃ ᠥᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠲᠠᠢ ᠦᠨᠡᠨᠬᠦ ᠨᠢᠭᠡᠳᠭᠡᠵᠦ᠂ ᠤᠭ ᠰᠠᠨᠠᠭ᠎ᠠ ᠪᠠᠨ ᠥᠯᠥ ᠮᠠᠷᠲᠠᠵᠤ ᠦᠷᠭᠦᠯᠵᠢᠯᠡᠨ ᠤᠷᠤᠭᠰᠢᠯᠠᠬᠤ ᠶᠢ ᠪᠠᠷᠢᠮᠲᠠᠯᠠᠵᠦ᠂ ᠨᠠᠮ ᠳᠠᠭᠠᠨ ᠦᠨᠡᠨᠴᠢ ᠰᠡᠳᠭᠢᠯ ᠢᠶᠠᠨ ᠡᠯ᠎ᠡ ᠵᠦᠢᠯ ᠤᠨ ᠠᠵᠢᠯ ᠳᠡᠭᠡᠷ᠎ᠡ ᠪᠠᠨ ᠢᠯᠡᠷᠡᠭᠦᠯᠵᠦ᠂ ᠡᠭᠦᠷᠭᠡ ᠬᠠᠷᠢᠭᠤᠴᠠᠯᠭ᠎ᠠ ᠶᠢ ᠵᠤᠷᠢᠭᠲᠠᠢ ᠪᠠᠷ ᠡᠭᠦᠷᠭᠡᠯᠡᠨ ᠪᠤᠲᠠᠳᠠᠢ ᠶᠢ ᠡᠷᠬᠢᠮᠯᠡᠨ ᠬᠠᠳᠠᠭᠤᠵᠢᠯᠲᠠᠢ ᠠᠵᠢᠯᠯᠠᠵᠦ᠂ ᠪᠡᠷᠭᠡ ᠶᠢ ᠲᠠᠪᠠᠨ ᠬᠦᠴᠢᠷ ᠢ ᠲᠤᠭᠤᠯᠵᠦ᠂ ᠮᠠᠨ ᠤ ᠤᠷᠤᠨ ᠤ ᠠᠵᠦ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠵᠦ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠳᠠ᠂ ᠳᠤᠮᠳᠠᠳᠦ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠦ ᠶᠢᠨ ᠵᠡᠭᠦᠳᠦ ᠶᠢ ᠲᠡᠷᠭᠡᠯᠰᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠠᠢ ᠬᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ︽ᠳᠤᠮᠳᠠᠳᠦ ᠤᠯᠤᠰ ᠤᠨ ᠡᠪ ᠬᠠᠮᠲᠦ ᠨᠠᠮ ᠤᠨ ᠤᠷᠤᠨ ᠨᠤᠲᠤᠭ ᠤᠨ ᠬᠤᠷᠢᠶ᠎ᠠ ᠶᠢᠨ ᠠᠵᠢᠯ ᠤᠨ ᠲᠦᠷᠢᠮ︾ ᠪᠤᠯᠤᠨ ︽ᠳᠤᠮᠳᠠᠳᠦ ᠤᠯᠤᠰ ᠤᠨ ᠡᠪ ᠬᠠᠮᠲᠦ ᠨᠠᠮ ᠤᠨ ᠨᠠᠮ ᠤᠨ ᠤᠳᠤᠷᠢᠳᠬᠤ ᠲᠤᠭᠤᠢᠢᠯᠠᠩ ᠤᠨ ᠠᠵᠢᠯ ᠤᠨ ᠲᠦᠷᠢᠮ ︵ᠲᠤᠷᠰᠢᠨ ᠬᠡᠷᠡᠭᠵᠢᠬᠦᠯᠬᠦ︶︾ ᠪᠤᠯ ᠡᠯ᠎ᠡ ᠱᠠᠲᠤᠨ ᠤ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠲᠤᠭᠤᠢᠢᠯᠠᠩ ᠢ ᠪᠠᠶᠢᠭᠤᠯᠬᠤ ᠪᠠ ᠠᠵᠢᠯᠯᠠᠭ᠎ᠠ ᠶᠢᠨ ᠶᠡᠷᠦᠩᠬᠡᠢ ᠦᠨᠳᠦᠰᠦᠯᠡᠯ ᠮᠦᠨ᠂ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠲᠤᠭᠤᠢᠢᠯᠠᠩ ᠤᠨ ᠠᠵᠢᠯ ᠤᠨ ᠲᠦᠷᠢᠮᠵᠢᠯ ᠵᠢᠷᠤᠮᠵᠢᠯ ᠤᠨ ᠲᠦᠪᠰᠢᠨ ᠢ ᠴᠢᠨᠠᠭᠰᠢᠳᠠ ᠲᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠳᠤ ᠴᠢᠬᠤᠯᠠ ᠠᠴᠢ ᠬᠤᠯᠪᠤᠭᠳᠠᠯ ᠲᠠᠢ᠃ ᠥᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠨᠢ ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠤᠰᠤᠭᠠᠷ ᠵᠠᠰᠠᠬ ᠤᠨ ᠤᠷᠳᠤᠨ ᠤ ᠠᠵᠢᠯ ᠤᠨ ᠪᠤᠳᠠᠲᠦ ᠪᠠᠶᠢᠳᠠᠯ ᠲᠠᠢ ᠪᠠᠨ ᠤᠶᠠᠯᠳᠤᠭᠤᠯᠤᠨ ︽ᠬᠤᠶᠠᠷ ᠲᠦᠷᠢᠮ︾᠎ ᠢ ᠭᠦᠨᠵᠡᠭᠡᠢ ᠰᠤᠷᠤᠯᠴᠠᠵᠦ᠂ ᠬᠤᠯᠪᠤᠭᠳᠠᠯ ᠪᠦᠬᠦᠢ ᠠᠵᠢᠯ ᠤᠨ ᠵᠠᠷᠴᠢᠮ ᠲᠦᠷᠢᠮ ᠢ ᠱᠠᠯᠠᠪᠲᠠᠨ ᠲᠤᠭᠲᠠᠭᠠᠵᠦ ᠲᠡᠭᠦᠯᠳᠡᠷᠵᠢᠭᠦᠯᠦᠨ᠂ ᠲᠦᠷᠢᠮ ᠲᠤᠭᠲᠠᠭᠠᠯ ᠢ ᠴᠢᠩᠳᠠ ᠵᠢᠷᠤᠮᠯᠠᠨ ᠶᠠᠪᠤᠳᠠᠯ ᠤᠴᠢᠷ ᠢ ᠭᠦᠢᠴᠡᠳᠭᠡᠬᠦ ᠬᠡᠷᠡᠭᠲᠠᠢ᠃ ᠨᠠᠮ ᠤᠨ ᠪᠠᠶᠢᠭᠤᠯᠤᠯᠲᠠ ᠶᠢᠨ ᠠᠵᠢᠯ ᠪᠤᠯᠤᠨ ᠭᠤᠤᠯ ᠠᠵᠢᠯ ᠢ ᠵᠡᠷᠭᠡᠪᠡᠷ ᠲᠦᠰᠦᠪᠯᠡᠬᠦ᠂ ᠵᠡᠷᠭᠡᠪᠡᠷ ᠪᠠᠶᠢᠷᠢᠯᠠᠭᠤᠯᠬᠤ᠂ ᠵᠡᠷᠭᠡᠪᠡᠷ ᠠᠬᠢᠭᠤᠯᠬᠤ ᠶᠢ ᠪᠠᠷᠢᠮᠲᠠᠯᠠᠵᠦ᠂ ᠨᠠᠮ ᠢᠶᠠᠨ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠰᠠᠶᠢᠲᠤᠷ ᠭᠦᠢᠴᠡᠳᠭᠡᠬᠦ ᠬᠡᠷᠡᠭᠲᠠᠢ᠃ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠬᠦᠨ ᠨᠠᠷ ᠲᠦᠷᠦᠭᠦᠯᠡᠨ ᠰᠤᠷᠤᠯᠴᠠᠵᠦ᠂ ᠲᠦᠷᠢᠮ ᠤᠨ ᠵᠤᠷᠢᠭ ᠰᠠᠨᠠᠭ᠎ᠠ ᠶᠢ ᠤᠨᠤᠪᠴᠢᠲᠠᠢ ᠤᠢᠢᠯᠠᠭᠠᠵᠦ ᠡᠵᠡᠮᠰᠢᠨ ᠲᠦᠷᠢᠮ ᠤᠨ ᠲᠤᠭᠲᠠᠭᠠᠯ ᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠵᠦ᠂ ᠡᠯ᠎ᠡ ᠱᠠᠲᠤᠨ ᠤ ᠵᠠᠰᠠᠭ ᠤᠨ ᠤᠷᠳᠤᠨ ᠪᠤᠯᠤᠨ ᠡᠯ᠎ᠡ ᠰᠠᠯᠠᠭ᠎ᠠ ᠮᠦᠴᠢᠷ ᠤᠨ ᠨᠠᠮ ᠤᠨ ᠤᠳᠤᠷᠢᠳᠬᠤ ᠲᠤᠭᠤᠢᠢᠯᠠᠩ ᠢ ᠲᠠᠶᠢᠴᠢᠯᠠᠨ ︽ᠬᠤᠶᠠᠷ ᠲᠦᠷᠢᠮ︾᠎ ᠢ ᠰᠠᠶᠢᠲᠤᠷ ᠰᠤᠷᠤᠯᠴᠠᠵᠦ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠠᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号