ᠮᠠᠨ ᠤ ᠣᠷᠣᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠨᠢ 66% ᠪᠤᠯᠪᠠ
ᠨᠡᠶᠢᠲᠡᠯᠡᠭᠰᠡᠨ ᠴᠠᠭ᠄
2016/7/6
      ᠪᠦᠬᠦ ᠣᠷᠣᠨ ᠤ ᠡᠯ᠎ᠡ ᠭᠠᠵᠠᠷ ᠤᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠰᠠᠶᠢᠨ ᠡᠬᠢᠯᠡᠯᠲᠡ ᠲᠠᠢ ᠪᠣᠯᠵᠠᠶ᠃ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ 2016 ᠣᠨ ᠳᠤ 78 ᠲᠦᠷᠦᠯ ᠵᠦᠢᠯ ᠤᠨ ᠬᠤᠰᠢᠭᠤ ᠰᠢᠶᠠᠨ ᠤ ᠳᠣᠲᠣᠷ᠎ᠠ᠂ ᠳᠦᠷᠦᠯ ᠵᠦᠢᠯ ᠤᠨ ᠪᠠᠷᠢᠯᠭ᠎ᠠ ᠡᠬᠢᠯᠡᠭᠦᠯᠦᠭᠰᠡᠨ ᠬᠤᠰᠢᠭᠤ ᠰᠢᠶᠠᠨ 59 ᠪᠠᠶᠢᠵᠤ᠂ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠨᠢ 2112᠂ ᠨᠢᠭᠡᠨᠲᠡ ᠠᠵᠢᠯ ᠡᠬᠢᠯᠡᠭᠦᠯᠦᠭᠰᠡᠨ ᠲᠦᠷᠦᠯ ᠵᠦᠢᠯ ᠨᠢ 1385 ᠪᠠᠶᠢᠵᠤ᠂ ᠠᠵᠢᠯ ᠡᠬᠢᠯᠡᠭᠦᠯᠦᠭᠰᠡᠨ ᠨᠣᠷᠮ᠎ᠠ ᠨᠢ 66%᠎ ᠳᠤ ᠬᠦᠷᠪᠡ᠃ ᠲᠠᠨᠢᠯᠴᠠᠭᠤᠯᠤᠭᠰᠠᠨ ᠢᠶᠠᠷ᠂ ᠪᠦᠬᠦ ᠤᠯᠤᠰ ᠤᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠠᠴᠠ ᠨᠠᠰᠢ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠨ ᠳᠤ ᠢᠯᠠᠯᠲᠠ ᠤᠯᠬᠤ ︽ᠰᠢᠪᠲᠤᠯᠤᠯᠲᠠ ᠶᠢᠨ ᠫᠤᠤ︾ ᠪᠤᠯᠭᠠᠵᠤ ᠪᠦᠬᠦ ᠣᠷᠣᠨ ᠳᠤ ᠪᠦᠬᠦ ᠲᠠᠯ᠎ᠠ ᠪᠠᠷ ᠡᠬᠢᠯᠡᠭᠦᠯᠪᠡ᠃ ᠪᠥᠬᠦ ᠣᠷᠣᠨ ᠤ ᠡᠯ᠎ᠡ ᠭᠠᠵᠠᠷ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠠᠴᠢᠮ ᠲᠦᠷᠭᠡᠨ ᠬᠥᠳᠡᠯᠦᠯᠴᠡᠨ᠂ ᠪᠦᠬᠦ ᠤᠯᠤᠰ ᠤᠨ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠲᠠᠪᠤᠨ ᠶᠠᠮᠤᠨ ᠵᠦᠪᠯᠡᠯ ᠤᠨ ︽︿13.5﹀᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠠᠬᠢ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠰᠦᠯ︾᠎ ᠤᠨ ᠱᠠᠭᠠᠷᠳᠠᠯᠭ᠎ᠠ ᠶᠤᠰᠤᠭᠠᠷ᠂ ᠨᠢᠭᠲᠠ ᠬᠠᠮᠵᠢᠯᠴᠠᠨ᠂ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠬᠠᠮᠲᠤ ᠪᠠᠷ  ᠰᠤᠪᠢᠨ ᠲᠦᠯᠦᠪᠯᠡᠪᠡ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ᠴᠦᠮ ᠠᠵᠢᠯ ᠢ ᠵᠣᠬᠢᠴᠠᠭᠤᠯᠬᠤ ᠬᠠᠷᠢᠴᠠᠩᠭᠤᠢ ᠳᠤᠭᠤᠶᠢᠯᠠᠩ ᠪᠤᠯᠤᠨ ᠬᠡᠷᠡᠭ ᠡᠷᠬᠢᠯᠡᠬᠦ ᠪᠠᠶᠢᠭᠤᠯᠤᠮᠵᠢ ᠪᠠᠶᠢᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠣᠭᠲᠠᠭᠠᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠪᠠ᠃ ᠡᠯ᠎ᠡ ᠭᠠᠵᠠᠷ ᠤᠳ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠷᠦᠬᠡ ᠠᠮᠠ ᠶᠢᠨ ᠳᠠᠩᠰᠠ ᠶᠢ ᠤᠷᠤᠭᠤᠯᠬᠤ ᠪᠠᠶᠢᠴᠠᠭᠠᠯᠲᠠ ᠪᠠ ᠲᠤᠶᠢᠯ ᠤᠨ ᠤᠨᠤᠪᠴᠢᠲᠠᠢ ᠪᠠᠷ ᠢᠯᠭᠠᠨ ᠲᠠᠨᠢᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠲᠡᠳᠭᠦᠭᠦᠯᠦᠭᠰᠡᠳ ᠢ ᠲᠤᠶᠢᠯ ᠤᠨ ᠤᠨᠤᠪᠴᠢᠲᠠᠢ ᠪᠠᠷ ᠢᠯᠭᠠᠨ ᠲᠤᠭᠲᠠᠭᠠᠵᠤ᠂ ᠣᠳᠣᠬᠠᠨ ᠳᠤ ᠨᠢᠭᠡᠨᠲᠡ 21.67 ᠲᠦᠮᠡᠨ ᠬᠥᠮᠦᠨ ᠤ ᠬᠤᠪᠢ ᠬᠥᠮᠦᠨ ᠤ ᠮᠡᠳᠡᠭᠡ ᠵᠠᠩᠭᠢ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ᠲᠠᠩᠰᠠ ᠡᠪᠬᠡᠮᠡᠯ ᠪᠠᠶᠢᠭᠤᠯᠤᠨ ᠺᠠᠷᠲ ᠬᠢᠬᠦ ᠮᠡᠳᠡᠭᠡ ᠵᠠᠩᠭᠢ ᠶᠢᠨ ᠰᠢᠰᠲ᠋ᠧᠮ ᠳᠤ ᠰᠢᠩᠭᠡᠭᠡᠨ ᠤᠷᠤᠭᠤᠯᠪᠠ᠃ ᠡᠯ᠎ᠡ ᠭᠠᠵᠠᠷ ᠤᠳ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠥᠭᠵᠢᠯ ᠤᠨ ᠬᠠᠨᠳᠤᠰᠢ ᠶᠢ ᠦᠵᠡᠨ ᠬᠥᠲᠥᠯᠥᠨ ᠵᠢᠯᠣᠭᠤᠳᠴᠤ᠂ ᠨᠡᠭᠦᠯᠭᠡᠬᠦ ᠠᠷᠭ᠎ᠠ ᠵᠠᠮ ᠢ ᠤᠯᠠᠨ ᠶᠠᠩᠵᠤᠵᠢᠯᠠᠵᠤ᠂ ᠲᠥᠪᠬᠢᠨᠡᠭᠦᠯᠬᠦ ᠠᠷᠭ᠎ᠠ ᠮᠠᠶ᠋ᠢᠭ ᠢ ᠠᠮᠢᠳᠤᠯᠢᠭᠵᠢᠭᠤᠯᠪᠠ᠃ ᠡᠯ᠎ᠡ ᠲᠥᠷᠥᠯ ᠵᠦᠢᠯ ᠤᠨ ᠬᠤᠰᠢᠭᠤ ᠰᠢᠶᠠᠨ ᠪᠠᠰᠠ ᠵᠠᠯᠭᠠᠮᠵᠢ ᠠᠵᠤ ᠦᠢᠯᠡᠰ ᠢᠶᠠᠷ ᠲᠡᠳᠬᠦᠬᠦ ᠪᠠ ᠠᠵᠢᠯ ᠣᠯᠭᠤᠯᠲᠠ ᠪᠠᠷ ᠲᠡᠳᠭᠦᠭᠦ ᠶᠢ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠵᠤ ᠠᠯᠢ ᠤᠯᠠᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠨᠡᠭᠦᠯᠭᠡᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠲᠣᠭᠲᠠᠪᠤᠷᠢᠲᠠᠶ ᠠᠩᠭᠢᠵᠢᠷᠠᠭᠤᠯᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号