ᠥᠪᠥᠷ ᠮᠣᠩᠭᠤᠯ᠄ ᠶᠡᠭᠡ ᠳᠡᠭᠡᠳᠦ ᠰᠤᠷᠭᠠᠭᠤᠯᠢ ᠶᠢᠨ ᠣᠨᠴᠠ ᠲᠥᠷᠥᠯ ᠤᠨ ᠰᠤᠷᠤᠭᠴᠢ ᠡᠯᠰᠡᠬᠦ ᠪᠦᠯᠦᠭ ᠤᠳᠠᠭ᠎ᠠ ᠶᠢ ᠲᠤᠬᠢᠷᠠᠭᠤᠯᠤᠭᠰᠠᠨ ᠪᠠᠶᠢᠳᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2016/7/6
      ᠥᠪᠡᠷᠲᠡᠭᠡᠨ ᠵᠠᠰᠠᠬᠤ ᠣᠷᠣᠨ ᠤ ᠡᠷᠡᠮᠡᠯᠵᠡᠯ ᠲᠠᠭᠯᠠᠬᠤ ᠪᠠ ᠰᠤᠷᠤᠭᠴᠢ ᠡᠯᠰᠡᠬᠦ ᠬᠠᠮᠢᠶ᠎ᠠ ᠪᠦᠬᠦᠢ ᠲᠣᠬᠢᠷᠠᠭᠤᠯᠤᠯᠲᠠ ᠶᠤᠰᠤᠭᠠᠷ᠂ ᠡᠵᠡᠨ ᠮᠡᠳᠡᠨ ᠰᠤᠩᠭᠤᠬᠤ ︵ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ ᠪᠠᠭᠲᠠᠨ᠎ᠠ︶᠂ ᠳᠡᠭᠡᠲᠦ ᠬᠢᠷᠢ ᠲᠦᠪᠰᠢᠨ ᠪᠦᠬᠦᠢ ᠤᠷᠠᠯᠢᠭ ᠤᠨ ᠪᠦᠯᠬᠦᠮ ᠪᠣᠯᠤᠨ ᠳᠡᠭᠡᠳᠦ ᠬᠢᠷᠢ ᠲᠦᠪᠰᠢᠨ ᠪᠦᠬᠦᠢ ᠲᠠᠮᠢᠷᠴᠢᠨ ᠤ ᠠᠩᠬᠢ ᠶᠢᠨ ᠬᠢᠷᠢ ᠬᠡᠮ ᠢ ᠣᠯᠤᠭᠰᠠᠨ ᠰᠢᠯᠭᠠᠭᠤᠯᠤᠭᠴᠢᠳ ᠵᠤᠬᠢᠴᠠᠩᠭᠤᠢ ᠪᠦᠬᠦᠢ ᠶᠡᠭᠡ ᠳᠡᠭᠡᠲᠦ ᠰᠤᠷᠭᠠᠭᠤᠯᠢ ᠶᠢᠨ ᠤᠨᠴᠠ ᠲᠦᠷᠦᠯ ᠤᠨ ᠰᠤᠷᠤᠭᠴᠢ ᠡᠯᠰᠡᠬᠦ ᠳᠤ ᠤᠷᠤᠯᠴᠠᠬᠤ ᠳᠠᠭᠠᠨ ᠡᠷᠬᠡᠪᠰᠢ ᠨᠢᠭᠡᠳᠦᠭᠡᠷ ᠪᠦᠯᠦᠭ ᠤᠳᠠᠭ᠎ᠠ ᠶᠢᠨ ᠣᠨᠴᠠ ᠲᠥᠷᠥᠯ ᠳᠤ ᠡᠷᠡᠮᠡᠯᠵᠡᠯ ᠢᠶᠠᠨ ᠲᠠᠭᠯᠠᠨ᠎ᠠ᠂ ᠲᠤᠬᠠᠶᠢᠯᠠᠪᠠᠯ᠄ ᠵᠤᠬᠢᠴᠠᠩᠭᠤᠢ ᠪᠦᠬᠦᠢ ᠶᠡᠭᠡ ᠳᠡᠭᠡᠳᠦ ᠰᠤᠷᠭᠠᠭᠤᠯᠢ ᠨᠢ ᠵᠢᠩᠬᠢᠨᠢ ᠠᠩᠭᠢ ᠶᠢᠨ ᠨᠢᠭᠡᠳᠦᠭᠡᠷ ᠤᠳᠠᠭ᠎ᠠ ᠪᠤᠯᠤᠨ ᠪᠤᠰᠤᠳ ᠪᠦᠯᠦᠭ ᠤᠳᠠᠭ᠎ᠠ ᠳᠤ ᠴᠦᠮ ᠰᠤᠷᠤᠭᠴᠢ ᠡᠯᠰᠡᠬᠦ ᠲᠥᠯᠥᠪᠯᠡᠭᠡ ᠲᠠᠢ ᠪᠤᠯ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠡᠷᠡᠮᠡᠯᠵᠡᠯ ᠢᠶᠠᠨ ᠲᠠᠭᠯᠠᠨ᠎ᠠ︔ ᠵᠤᠬᠢᠴᠠᠩᠭᠤᠢ ᠪᠦᠬᠦᠢ ᠶᠡᠭᠡ ᠳᠡᠭᠡᠲᠦ ᠰᠤᠷᠭᠠᠭᠤᠯᠢ ᠨᠢ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠪᠤᠯᠤᠨ ᠪᠤᠰᠤᠳ ᠪᠦᠯᠦᠭ ᠤᠳᠠᠭ᠎ᠠ ᠳᠤ ᠴᠦᠮ ᠰᠤᠷᠤᠭᠴᠢ ᠡᠯᠰᠡᠬᠦ ᠲᠥᠯᠥᠪᠯᠡᠭᠡ ᠲᠠᠢ ᠪᠤᠯ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠳᠠᠭ᠎ᠠ ᠳᠤ ᠡᠷᠡᠮᠡᠯᠵᠡᠯ ᠢᠶᠠᠨ ᠲᠠᠭᠯᠠᠨ᠎ᠠ᠃ ᠣᠶᠢᠯᠠᠭᠠᠭᠰᠠᠨ ᠢᠶᠠᠷ᠂ ᠪᠤᠰᠤᠳ ᠰᠢᠯᠭᠠᠭᠤᠯᠤᠭᠴᠢᠳ ᠲᠠᠢ ᠠᠳᠠᠯᠢ ᠨᠢ ᠭᠡᠪᠡᠯ᠂ ᠰᠢᠯᠭᠠᠭᠤᠯᠤᠭᠴᠢᠳ ᠣᠨᠴᠠ ᠲᠥᠷᠥᠯ ᠳᠤ ᠡᠷᠡᠮᠡᠯᠵᠡᠯ ᠲᠠᠭᠯᠠᠬᠤ ᠴᠠᠭ᠂ ᠡᠯ᠎ᠡ ᠦᠶᠡᠯᠡᠯ ᠳᠤ ᠡᠷᠡᠮᠡᠯᠵᠡᠯ ᠲᠠᠭᠯᠠᠵᠤ ᠳᠠᠭᠤᠰᠬᠤ ᠴᠠᠭ ᠨᠢ ᠪᠤᠰᠤᠳ ᠰᠢᠯᠭᠠᠭᠤᠯᠤᠭᠴᠢᠳ ᠲᠠᠢ ᠠᠳᠠᠯᠢ᠂ ᠬᠡᠷᠪᠡ ᠡᠷᠡᠮᠡᠯᠵᠡᠯ ᠢᠶᠠᠨ ᠲᠠᠭᠯᠠᠬᠤ ᠦᠭᠡᠶ ᠪᠣᠯ ᠵᠤᠬᠢᠴᠠᠩᠭᠤᠢ ᠪᠦᠬᠦᠢ ᠶᠡᠭᠡ ᠳᠡᠭᠡᠳᠦ ᠰᠤᠷᠭᠠᠭᠤᠯᠢ ᠶᠢᠨ ᠣᠨᠴᠠ ᠲᠥᠷᠥᠯ ᠳᠤ ᠡᠯᠰᠡᠭᠳᠡᠬᠦ ᠬᠢᠷᠢ ᠬᠡᠮ ᠢᠶᠠᠨ ᠲᠠᠶᠠᠭᠳᠠᠭᠰᠠᠨ ᠢᠶᠠᠷ ᠦᠵᠡᠨ᠎ᠡ᠃ 2016 ᠣᠨ ᠤ ᠰᠤᠷᠤᠭᠴᠢ ᠡᠯᠰᠡᠯᠲᠡ ᠶᠢᠨ ᠶᠡᠭᠡ ᠳᠡᠭᠡᠳᠦ ᠰᠤᠷᠭᠠᠭᠤᠯᠢ ᠶᠢᠨ ᠣᠨᠴᠠ ᠲᠥᠷᠥᠯ ᠤᠨ ᠰᠤᠷᠤᠭᠴᠢ ᠡᠯᠰᠡᠬᠦ ᠪᠣᠳᠠᠲᠠᠶ ᠡᠯᠰᠡᠬᠦ ᠪᠦᠯᠦᠭ ᠤᠳᠠᠭ᠎ᠠ ᠶᠢ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠤᠨ ᠸᠢᠴᠠᠲ ᠤᠨ ᠣᠯᠠᠨ ᠨᠡᠶᠢᠲᠡ ᠶᠢᠨ ᠨᠣᠮᠧᠷ ᠲᠤ ᠪᠠᠶᠢᠴᠠᠭᠠᠨ ᠯᠠᠪᠯᠠᠵᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号