ᠣᠶᠢᠷ᠎ᠠ ᠶᠢᠨ ᠬᠤᠭᠤᠴᠠᠭᠠᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠤᠨ ᠴᠠᠭ ᠠᠭᠤᠷ ᠤᠨ ᠨᠥᠬᠦᠴᠡᠯ ᠨᠢ ︽ᠬᠤᠷ᠎ᠠ ᠪᠣᠷᠣᠭᠠᠨ ᠡᠯᠪᠡᠭ᠂ ᠠᠭᠠᠷ ᠤᠨ ᠳᠤᠯᠠᠭᠠᠨ ᠤ | ᠬᠤᠪᠢᠷᠠᠯᠲᠠ ᠶᠡᠭᠡ︾ ᠣᠨᠴᠠᠯᠢᠭ ᠲᠠᠢ ᠪᠣᠯᠵᠤ᠂ ᠡᠯ᠎ᠡ ᠠᠶᠢᠮᠠᠭ ᠬᠤᠳᠠ ᠶᠢᠨ ᠶᠡᠷᠦᠩᠬᠡᠢ ᠲᠤᠨᠳᠠᠰᠤᠨ ᠤ ᠬᠡᠮᠵᠢᠶ᠎ᠡ ᠨᠢ | 10 —140mm ᠬᠦᠷᠦᠭᠰᠡᠨ ᠪᠠᠶᠢᠨ᠎ᠠ᠃ ᠥᠪᠥᠷ ᠮᠣᠩᠭᠤᠯ ᠤᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ | 45 ᠬᠤᠰᠢᠭᠤ ᠰᠢᠶᠠᠨ ᠤ 225 ᠬᠢᠨᠠᠨ ᠬᠡᠮᠵᠢᠬᠦ ᠴᠢᠭ᠋ ᠤᠨ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ᠄ | ᠥᠪᠥᠷ ᠮᠣᠩᠭᠤᠯ ᠤᠨ 1 ᠳ᠋ᠦᠩᠰᠢᠭᠤᠷ ᠭᠠᠷᠤᠶ ᠮᠦ ᠲᠠᠷᠢᠶᠠᠨ ᠭᠠᠵᠠᠷ ᠤᠨ ᠳᠣᠲᠣᠷ᠎ᠠ᠂ ᠬᠥᠷᠥᠰᠥᠨ ᠤ ᠴᠢᠬᠢᠭ ᠤᠨ | ᠪᠠᠶᠢᠳᠠᠯ ᠬᠡᠲᠦᠷᠡᠭᠰᠡᠨ ᠲᠠᠯᠠᠪᠠᠶ ᠨᠢ ᠪᠠᠷᠤᠭ 6% ᠪᠠᠶᠢᠵᠤ᠂ ᠭᠤᠣᠯ ᠨᠢ ᠪᠣᠷᠤᠲᠤᠬᠤᠢ ᠶᠢᠨ ᠤᠰᠤᠯᠠᠯᠲᠠ ᠶᠢᠨ | ᠣᠷᠣᠨ ᠵᠢᠴᠢ ᠵᠡᠭᠦᠨ ᠬᠤᠶᠢᠭᠤᠷ ᠣᠷᠣᠨ ᠳᠤ ᠲᠠᠷᠬᠠᠵᠤ ᠪᠠᠶᠢᠨ᠎ᠠ︔ ᠬᠥᠷᠥᠰᠥᠨ ᠤ ᠴᠢᠬᠢᠭ ᠤᠨ ᠪᠠᠶᠢᠳᠠᠯ | ᠲᠣᠬᠢᠷᠠᠮᠵᠢᠲᠠᠶ ᠪᠠᠶᠢᠬᠤ ᠲᠠᠯᠠᠪᠠᠶ ᠨᠢ ᠪᠠᠷᠤᠭ 81% ᠪᠠᠶᠢᠨ᠎ᠠ︔ ᠬᠥᠷᠥᠰᠥᠨ ᠤ ᠴᠢᠬᠢᠭ ᠤᠨ ᠪᠠᠶᠢᠳᠠᠯ ᠬᠦᠷᠦᠯᠴᠡᠬᠦ | ᠦᠭᠡᠢ ᠲᠠᠯᠠᠪᠠᠶ ᠨᠢ ᠪᠠᠷᠤᠭ 13% ᠪᠠᠶᠢᠨ᠎ᠠ᠃ ᠳᠡᠭᠡᠷ᠎ᠡ ᠬᠤᠭᠤᠴᠠᠭᠠᠨ ᠤ ᠬᠢ ᠲᠠᠢ ᠠᠳᠠᠯᠢᠳᠬᠠᠪᠠᠯ ᠬᠥᠷᠥᠰᠥᠨ ᠤ | ᠴᠢᠬᠢᠭ ᠤᠨ ᠪᠠᠶᠢᠳᠠᠯ ᠨᠢ ᠬᠦᠷᠦᠯᠴᠡᠬᠦ ᠦᠭᠡᠢ ᠲᠠᠯᠠᠪᠠᠶ ᠨᠢ 2 ᠵᠠᠭᠤᠨ ᠤ ᠴᠡᠭ ᠬᠠᠰᠤᠭᠳᠠᠵᠤ᠂ ᠬᠥᠷᠥᠰᠥᠨ ᠤ | ᠴᠢᠬᠢᠭ ᠤᠨ ᠪᠠᠶᠢᠳᠠᠯ ᠬᠡᠲᠦᠷᠡᠭᠰᠡᠨ ᠲᠠᠯᠠᠪᠠᠶ ᠨᠢ 2 ᠵᠠᠭᠤᠨ ᠤ ᠴᠡᠭ ᠨᠡᠮᠡᠭᠳᠡᠭᠰᠡᠨ ᠪᠠᠶᠢᠨ᠎ᠠ︔ ᠨᠢᠳᠤᠨᠤᠨ ᠤ ᠠᠳᠠᠯᠢ | ᠬᠤᠭᠤᠴᠠᠭ᠎ᠠ ᠲᠠᠢ ᠬᠠᠷᠢᠴᠠᠭᠤᠯᠪᠠᠯ ᠬᠥᠷᠥᠰᠥᠨ ᠤ ᠴᠢᠬᠢᠭ ᠤᠨ ᠪᠠᠶᠢᠳᠠᠯ ᠳᠡᠩᠳᠡᠭᠦᠦ ᠬᠡᠲᠦᠷᠡᠭᠰᠡᠨ ᠲᠠᠯᠠᠪᠠᠶ ᠨᠢ 2 | ᠵᠠᠭᠤᠨ ᠤ ᠴᠡᠭ ᠬᠠᠰᠤᠭᠳᠠᠵᠤ᠂ ᠬᠥᠷᠥᠰᠥᠨ ᠤ ᠴᠢᠬᠢᠭ ᠤᠨ ᠪᠠᠶᠢᠳᠠᠯ ᠲᠣᠬᠢᠷᠠᠮᠵᠢᠲᠠᠶ ᠪᠠᠶᠢᠬᠤ ᠲᠠᠯᠠᠪᠠᠶ ᠨᠢ 9 | ᠵᠠᠭᠤᠨ ᠤ ᠴᠡᠭ ᠨᠡᠮᠡᠭᠳᠡᠨ᠂ ᠬᠥᠷᠥᠰᠥᠨ ᠤ ᠴᠢᠬᠢᠭ ᠤᠨ ᠪᠠᠶᠢᠳᠠᠯ ᠬᠦᠷᠦᠯᠴᠡᠬᠦ ᠦᠭᠡᠢ ᠲᠠᠯᠠᠪᠠᠶ ᠨᠢ 7 ᠵᠠᠭᠤᠨ ᠤ | ᠴᠡᠭ ᠬᠠᠰᠤᠭᠳᠠᠪᠠ᠃ ᠡᠭᠦᠨ ᠠᠴᠠ ᠭᠠᠳᠠᠨ᠎ᠠ᠂ 6 ᠳ᠋ᠤᠭᠠᠷ ᠰᠠᠷ᠎ᠠ ᠠᠴᠠ ᠨᠠᠰᠢ᠂ ᠬᠦᠢᠲᠡᠨ ᠠᠭᠤᠷ ᠠᠮᠢᠰᠬᠤᠯ ᠤᠨ | ᠨᠦᠯᠦᠭᠡ ᠪᠠᠷ᠂ ᠥᠪᠥᠷ ᠮᠣᠩᠭᠤᠯ ᠤᠨ ᠶᠡᠬᠡᠩᠬᠢ ᠬᠡᠰᠡᠭ ᠭᠠᠵᠠᠷ ᠣᠷᠣᠨ ᠤ ᠠᠭᠤᠷ ᠠᠮᠢᠰᠬᠤᠯ ᠭᠡᠨᠡᠳᠲᠡ ᠬᠠᠯᠠᠵᠤ | ᠭᠡᠨᠡᠳᠲᠡ ᠪᠠᠭᠤᠷᠠᠵᠤ᠂ ᠶᠡᠬᠡᠩᠬᠢ ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ ᠨᠢ ᠶᠡᠷᠦᠳᠡ ᠶᠢᠨ ᠵᠢᠯ ᠤᠨ ᠬᠢ | ᠲᠠᠢ ᠤᠶᠢᠷᠠᠯᠴᠠᠭ᠎ᠠ ᠪᠣᠶᠤ 1 — 2 ℃ ᠳᠣᠣᠷ᠎ᠠ ᠪᠣᠯᠪᠠ᠃ ᠡᠭᠦᠨ ᠤ ᠬᠠᠮᠲᠤ᠂ ᠬᠡᠰᠡᠭ ᠭᠠᠵᠠᠷ ᠣᠷᠣᠨ ᠨᠢ | ᠬᠤᠷ᠎ᠠ ᠪᠣᠷᠣᠭᠠᠨ ᠡᠯᠪᠡᠭ ᠪᠠ ᠮᠥᠨᠳᠥᠷ ᠦᠶᠡᠷ ᠤᠰᠤᠲᠤᠯ ᠤᠨ ᠭᠠᠮᠰᠢᠭ ᠤᠨ ᠨᠦᠯᠦᠭᠡ ᠪᠠᠷ᠂ ᠨᠠᠷᠠᠨ ᠤ ᠭᠡᠷᠡᠯ ᠪᠠ | ᠳᠤᠯᠠᠭᠠᠨ ᠤ ᠬᠡᠮᠵᠢᠶ᠎ᠡ ᠨᠡᠯᠢᠶᠡᠳ ᠳᠤᠲᠠᠭᠳᠠᠵᠤ᠂ ᠲᠠᠷᠢᠮᠠᠯ ᠤᠨ ᠨᠠᠬᠢᠶᠠᠯᠠᠬᠤ ᠪᠠᠭ᠎ᠠ ᠬᠤᠶᠢᠰᠢᠯᠠᠪᠠ᠃ ᠴᠠᠭ | ᠠᠭᠤᠷ ᠤᠨ ᠵᠢᠱᠢᠯᠲᠡ ᠶᠢ ᠦᠨᠳᠦᠰᠦᠯᠡᠪᠡᠯ᠂ ᠣᠶᠢᠷ᠎ᠠ ᠶᠢᠨ ᠬᠤᠭᠤᠴᠠᠭᠠᠨ ᠳᠤ ᠥᠪᠥᠷ ᠮᠣᠩᠭᠤᠯ ᠤᠷᠤᠨ ᠳᠤ ᠨᠢᠭᠡᠨ | ᠤᠳᠠᠭᠠᠨ ᠤ ᠶᠡᠭᠡ ᠬᠡᠪᠴᠢᠶᠡᠨ ᠤ ᠪᠣᠷᠣᠭᠠᠨ ᠲᠠᠢ᠂ ᠡᠭᠦᠨ ᠳᠤ ᠳᠤᠮᠳᠠ ᠪᠠᠷᠠᠭᠤᠨ ᠬᠡᠰᠡᠭ ᠲᠤ ᠪᠠᠭ᠎ᠠ ᠠᠴᠠ ᠳᠤᠮᠳᠠ | ᠵᠡᠷᠭᠡ ᠶᠢᠨ ᠪᠣᠷᠣᠭᠠᠨ ᠲᠠᠢ᠂ ᠵᠡᠭᠦᠨ ᠬᠡᠰᠡᠭ ᠤᠨ ᠭᠠᠵᠠᠷ ᠣᠷᠣᠨ ᠳᠤ ᠬᠤᠷ᠎ᠠ ᠪᠣᠷᠣᠭᠠᠨ ᠶᠡᠭᠡ ᠪᠣᠯᠤᠨ᠎ᠠ︔ | ᠡᠭᠦᠨ ᠠᠴᠠ ᠭᠠᠳᠠᠨ᠎ᠠ᠂ 7 — 8 ᠳ᠋ᠤᠭᠠᠷ ᠰᠠᠷ᠎ᠠ ᠳᠤ ᠬᠡᠰᠡᠭ ᠭᠠᠵᠠᠷ ᠣᠷᠣᠨ ᠳᠤ ᠬᠤᠷ᠎ᠠ ᠲᠣᠨᠣᠳᠠᠰᠤ | ᠬᠠᠷᠢᠴᠠᠩᠭᠤᠶ ᠣᠯᠠᠳᠠᠵᠤ᠂ ᠬᠡᠰᠡᠭ ᠤᠷᠤᠨ ᠳᠤ ᠦᠶᠡᠷᠯᠡᠵᠦ᠂ ᠦᠶᠡᠷ ᠤᠰᠤᠲᠤᠯ ᠤᠨ ᠭᠠᠮᠰᠢᠭ ᠠᠮᠠᠷᠬᠠᠨ ᠡᠭᠦᠰᠬᠦ | ᠪᠣᠯᠤᠨ᠎ᠠ᠂ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠶ᠃ | ᠥᠪᠥᠷ ᠮᠣᠩᠭᠤᠯ ᠤᠨ ᠶᠡᠬᠡᠩᠬᠢ ᠬᠡᠰᠡᠭ ᠲᠤ ᠠᠭᠤᠷ ᠠᠮᠢᠰᠬᠤᠯ ᠭᠡᠨᠡᠳᠲᠡ ᠬᠠᠯᠠᠵᠤ ᠭᠡᠨᠡᠳᠲᠡ ᠪᠠᠭᠤᠷᠠᠵᠤ᠂ | ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ ᠳᠣᠣᠷ᠎ᠠ ᠪᠠᠶᠢᠵᠤ ᠬᠡᠰᠡᠭ ᠭᠠᠵᠠᠷ ᠤᠷᠤᠨ ᠤ ᠲᠠᠷᠢᠮᠠᠯ ᠤᠨ | ᠨᠠᠬᠢᠶᠠᠯᠠᠬᠤ ᠬᠤᠭᠤᠴᠠᠭ᠎ᠠ ᠶᠢ ᠬᠤᠶᠢᠰᠢᠯᠠᠭᠤᠯᠤᠨ᠂ ᠲᠠᠷᠢᠮᠠᠯ ᠤᠨ ᠤᠷᠭᠤᠯᠲᠠ ᠪᠤᠶᠢᠵᠢᠯᠲᠠ ᠶᠢ ᠨᠦᠯᠦᠭᠡᠯᠡᠭᠰᠡᠨ | ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠪᠤᠷᠳᠤᠭᠤᠷ ᠤᠨ ᠠᠵᠢᠯ ᠤᠨ | ᠦᠷᠲᠡᠭᠡᠨ ᠠᠴᠠ ᠰᠠᠨᠠᠭᠤᠯᠬᠤ ᠨᠢ᠄ ᠲᠠᠷᠢᠶᠠᠴᠢᠳ ᠲᠠᠷᠢᠶ᠎ᠠ ᠪᠠᠨ ᠱᠠᠯᠠᠪᠳᠠᠨ ᠠᠷᠴᠢᠵᠦ᠂ ᠤᠷᠭᠤᠮᠠᠯ ᠤᠨ | ᠦᠨᠳᠦᠰᠦᠨ ᠤ ᠬᠥᠷᠥᠰᠥᠨ ᠳᠠᠪᠬᠤᠷᠭ᠎ᠠ ᠶᠢ ᠵᠤᠵᠠᠭᠠᠳᠬᠠᠨ᠂ ᠬᠥᠷᠥᠰᠥᠨ ᠤ ᠠᠭᠠᠷ ᠨᠡᠪᠲᠡᠷᠡᠬᠦ ᠴᠢᠨᠠᠷ ᠢ | ᠨᠡᠮᠡᠭᠳᠡᠭᠦᠯᠵᠦ᠂ ᠴᠢᠭᠢᠭ ᠢ ᠲᠠᠷᠬᠠᠭᠠᠨ ᠢᠯᠴᠢ ᠶᠢ ᠳᠡᠭᠡᠭᠰᠢᠯᠡᠭᠦᠯᠵᠦ᠂ ᠲᠠᠷᠢᠮᠠᠯ ᠤᠨ ᠤᠷᠭᠤᠴᠠ ᠳᠤ ᠠᠰᠢᠭᠲᠠᠶ | ᠪᠣᠯᠭᠠᠬᠤ ᠬᠡᠷᠡᠭᠲᠡᠢ᠃ ᠲᠠᠷᠢᠶᠠᠴᠢᠳ ᠨᠠᠪᠴᠢᠨ ᠪᠣᠷᠳᠤᠭᠤᠷ ᠢ ᠵᠣᠬᠢᠰᠲᠠᠶ ᠪᠠᠷ ᠰᠦᠷᠴᠢᠨ ᠣᠷᠣᠭᠤᠯᠵᠦ ᠪᠠᠶᠢᠭᠠᠳ | ᠲᠠᠷᠢᠮᠠᠯ ᠤᠨ ᠤᠷᠭᠤᠴᠨ ᠶᠢ ᠲᠥᠷᠭᠡᠳᠬᠡᠵᠦ ᠪᠣᠯᠤᠨ᠎ᠠ᠃ ᠨᠡᠯᠢᠶᠡᠳ ᠬᠦᠨᠳᠦ ᠭᠠᠩ ᠬᠠᠭᠰᠠᠷᠠᠭᠠᠨ ᠲᠠᠢ ᠭᠠᠵᠠᠷ | ᠣᠷᠣᠨ᠂ ᠬᠤᠷ᠎ᠠ ᠲᠤᠨᠳᠠᠰᠤ ᠶᠢ ᠬᠦᠯᠢᠶᠡᠨ ᠰᠠᠭᠤᠵᠤ ᠤᠭᠲᠤ ᠪᠣᠯᠬᠤ ᠦᠭᠡᠢ᠂ ᠲᠠᠷᠢᠶᠠᠴᠢᠳ ᠠᠷᠭ᠎ᠠ ᠪᠦᠬᠦᠨ ᠢ | ᠰᠦᠪᠡᠭᠴᠢᠯᠡᠵᠦ ᠪᠠᠶᠢᠭᠠᠳ ᠤᠰᠤᠯᠠᠯᠲᠠ ᠪᠠᠷ ᠳᠠᠮᠵᠢᠨ ᠬᠦᠷᠦᠰᠦᠨ ᠤ ᠴᠢᠭᠢᠭ ᠢ ᠨᠦᠬᠦᠪᠦᠷᠢᠯᠡᠵᠦ᠂ ᠬᠡᠳᠦᠢ ᠮᠦ | ᠤᠰᠤᠯᠠᠵᠤ ᠴᠢᠳᠠᠪᠠᠯ ᠲᠡᠳᠦᠢ ᠮᠦ ᠤᠰᠤᠯᠠᠨ᠂ ᠲᠠᠷᠢᠮᠠᠯ ᠤᠨ ᠬᠡᠪ ᠤᠨ ᠤᠷᠭᠤᠴᠠ ᠶᠢ ᠦᠨᠡᠨ ᠬᠦ ᠪᠠᠲᠤᠯᠠᠬᠤ | ᠬᠡᠷᠡᠭᠲᠡᠢ︔ ᠬᠡᠷᠪᠡ ᠦᠨᠡᠬᠡᠷ ᠤᠰᠤᠯᠠᠯᠲᠠ ᠶᠢᠨ ᠨᠥᠬᠦᠴᠡᠯ ᠦᠬᠡᠢ ᠭᠠᠵᠠᠷ ᠣᠷᠣᠨ ᠪᠣᠯ ᠪᠠᠰᠠ ᠲᠠᠷᠢᠶ᠎ᠠ ᠠᠷᠴᠢᠵᠤ | ᠡᠪᠡᠰᠦ ᠶᠢ ᠨᠢ ᠠᠷᠢᠯᠭᠠᠬᠤ ᠠᠷᠭ᠎ᠠ ᠬᠡᠮᠵᠢᠶ᠎ᠡ ᠠᠪᠴᠤ᠂ ᠪᠤᠵᠠᠷ ᠡᠪᠡᠰᠦ ᠬᠢᠭᠡᠳ ᠲᠠᠷᠢᠮᠠᠯ ᠤᠨ ᠤᠰᠤ ᠪᠤᠯᠢᠶᠠᠯᠳᠤᠬᠤ | ᠪᠠ ᠬᠥᠷᠥᠰᠥᠨ ᠤ ᠭᠠᠳᠠᠷᠭᠤ ᠶᠢᠨ ᠤᠰᠤ ᠠᠭᠤᠷᠰᠢᠬᠤ ᠶᠢ ᠪᠠᠭᠠᠰᠬᠠᠬᠤ ᠬᠡᠷᠡᠭᠲᠡᠢ︔ ᠡᠭᠦᠨ ᠤ ᠬᠠᠮᠲᠤ ᠬᠠᠮᠢᠶ᠎ᠠ | ᠪᠦᠬᠦᠢ ᠰᠠᠯᠠᠭ᠎ᠠ ᠮᠦᠴᠢᠷ ᠤᠳ ᠴᠠᠭ ᠠᠭᠤᠷ ᠤᠨ ᠰᠠᠯᠠᠭ᠎ᠠ ᠮᠥᠴᠢᠷ ᠲᠠᠢ ᠢᠳᠡᠪᠬᠢᠲᠡᠶ ᠵᠣᠬᠢᠴᠠᠯᠳᠤᠵᠤ᠂ ᠠᠰᠢᠭᠲᠠᠶ | ᠠᠭᠤᠷ ᠠᠮᠢᠰᠬᠤᠯ ᠢ ᠠᠰᠢᠭᠯᠠᠨ ᠬᠥᠮᠦᠨ ᠤ ᠬᠦᠴᠦ ᠪᠠᠷ ᠪᠣᠷᠣᠭᠠᠨ ᠣᠷᠣᠭᠤᠯᠵᠦ ᠭᠠᠩ ᠬᠠᠭᠰᠠᠷᠭᠠᠨ ᠢ ᠲᠠᠶᠢᠯᠬᠤ | ᠬᠡᠷᠡᠭᠲᠡᠢ᠃ ᠣᠳᠣᠬᠠᠨ ᠳᠤ ᠮᠠᠨ ᠤ ᠤᠷᠤᠨ ᠤ ᠶᠡᠬᠡᠩᠬᠢ ᠬᠡᠰᠡᠭ ᠭᠠᠵᠠᠷ ᠣᠷᠣᠨ ᠨᠢᠭᠡᠨᠲᠡ ᠦᠶᠡᠷ ᠤᠨ | ᠬᠤᠭᠤᠴᠠᠭᠠᠨ ᠳᠤ ᠤᠷᠤᠪᠠ᠂ ᠲᠠᠷᠢᠶᠠᠴᠢᠳ ᠪᠣᠷᠣᠭᠠᠨᠲᠤ ᠴᠠᠭ ᠤᠨ ᠲᠠᠷᠢᠶᠠᠯᠠᠩ ᠤᠨ ᠦᠢᠯᠡᠳᠪᠦᠷᠢᠯᠡᠯ ᠳᠤ | ᠦᠵᠡᠭᠦᠯᠬᠦ ᠨᠥᠯᠥᠭᠡ ᠶᠢ ᠡᠷᠬᠡᠪᠰᠢ ᠨᠢᠭᠲᠠ ᠠᠩᠬᠠᠷᠴᠤ᠂ ᠠᠭᠠᠳᠠᠷ ᠪᠣᠷᠣᠭᠠᠨ᠂ ᠳᠤᠮᠳᠠ ᠵᠢᠵᠢᠭ ᠭᠤᠣᠯ ᠮᠥᠷᠡᠨ ᠤ | ᠦᠶᠡᠷ᠂ ᠭᠠᠵᠠᠷ ᠵᠦᠢ ᠶᠢᠨ ᠭᠠᠶ ᠭᠠᠮᠰᠢᠭ᠂ ᠠᠶᠤᠩᠭ᠎ᠠ ᠴᠠᠬᠢᠯᠭᠠᠨ᠂ ᠳᠣᠭᠰᠢᠨ ᠰᠠᠯᠬᠢ ᠵᠢᠴᠢ ᠮᠥᠨᠳᠥᠷ ᠵᠡᠷᠭᠡ | ᠴᠢᠩᠭ᠎ᠠ ᠰᠣᠯᠢᠭ ᠤᠷᠤᠰᠬᠠᠯᠲᠤ ᠠᠭᠤᠷ ᠠᠮᠢᠰᠬᠤᠯ ᠢ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ | ᠬᠡᠷᠡᠭᠲᠡᠢ᠃ |