︽ᠤᠮᠠᠷᠠᠲᠤ ᠳᠠᠷᠳᠠᠩ ᠵᠠᠮ︾ ᠵᠢᠩᠬᠢᠨᠢ ᠪᠠᠷ ᠡᠬᠢᠯᠡᠵᠤ᠂ ᠥᠪᠥᠷ ᠮᠣᠩᠭᠤᠯ ᠬᠤᠪᠢ ᠶᠢᠨ ᠮᠠᠰᠢᠨ ᠢᠶᠠᠷ ᠵᠢᠭᠤᠯᠴᠢᠯᠠᠬᠤ ᠰᠢᠨ᠎ᠡ ᠭᠢᠯᠠᠰ ᠴᠢᠭ᠋ ᠢ ᠴᠤᠭᠴᠠᠯᠠᠪᠠ
ᠨᠡᠶᠢᠲᠡᠯᠡᠭᠰᠡᠨ ᠴᠠᠭ᠄
2016/7/8
     ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠤᠨ᠂ ᠪᠦᠬᠦ ᠣᠷᠣᠨ ᠤ ᠬᠤᠪᠢ ᠶᠢᠨ ᠮᠠᠰᠢᠨ ᠢᠶᠠᠷ ᠵᠢᠭᠤᠯᠴᠢᠯᠠᠬᠤ ᠬᠥᠭᠵᠢᠯᠲᠡ ᠶᠢ ᠠᠬᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ︽ᠤᠮᠠᠷᠠᠲᠤ ᠳᠠᠷᠳᠠᠩ ᠵᠠᠮ︾ ᠲᠠᠯ᠎ᠠ ᠨᠤᠲᠤᠭ ᠤᠨ ᠬᠤᠪᠢ ᠶᠢᠨ ᠮᠠᠰᠢᠨ ᠢᠶᠠᠷ ᠵᠢᠭᠤᠯᠴᠢᠯᠠᠬᠤ ᠰᠣᠶᠣᠯ ᠤᠨ ᠰᠢᠷᠢᠰ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ᠃ 7 ᠳ᠋ᠤᠭᠠᠷ ᠰᠠᠷ᠎ᠠ ᠶᠢᠨ 6᠎ ᠤ ᠡᠳᠦᠷ᠂ ᠡᠬᠢᠯᠡᠯᠲᠡ ᠶᠢᠨ ᠶᠣᠰᠣᠯᠠᠯ ᠨᠢ ᠬᠥᠯᠥᠨ ᠪᠤᠶᠢᠷ ᠬᠤᠲᠠ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠡᠨᠡ ᠤᠳᠠᠭᠠᠨ ᠤ ᠲᠠᠯ᠎ᠠ ᠨᠤᠲᠤᠭ ᠤᠨ ᠬᠤᠪᠢ ᠶᠢᠨ ᠮᠠᠰᠢᠨ ᠢᠶᠠᠷ ᠵᠢᠭᠤᠯᠴᠢᠯᠠᠬᠤ ᠰᠣᠶᠣᠯ ᠤᠨ ᠪᠠᠶᠠᠷ ᠤᠨ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠳᠤᠮᠳᠠᠲᠤ ᠤᠯᠤᠰ ᠤᠨ ᠵᠠᠯᠠᠭᠤᠴᠤᠳ ᠤᠨ ᠵᠢᠭᠤᠯᠴᠢᠯᠠᠯ ᠤᠨ ᠬᠤᠪᠢ ᠡᠵᠡᠮᠳᠡᠬᠦ ᠬᠤᠪᠢ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠠᠴᠠ ᠳᠠᠭᠠᠭᠠᠨ ᠡᠷᠬᠢᠯᠡᠵᠤ᠂ ᠰᠧ ᠪᠠ ᠯᠦ ᠮᠠᠰᠢᠨ ᠲᠡᠷᠭᠡ ︵ᠳᠤᠮᠳᠠᠳᠤ ᠤᠯᠤᠰ︶᠎ ᠶᠢᠨ ᠬᠢᠵᠠᠭᠠᠷᠲᠤ ᠺᠣᠮᠫᠠᠨᠢ᠂ ᠤᠤ ᠰᠦᠸᠧ ᠺᠡᠠ ᠭᠡᠷ ᠤᠨ ᠭᠠᠳᠠᠨᠠᠬᠢ ᠬᠡᠷᠡᠭᠯᠡᠭᠡ ᠲᠣᠨᠣᠭᠯᠠᠯ ᠤᠨ ᠺᠤᠮᠫᠠᠨᠢ ᠬᠠᠮᠲᠤᠷᠠᠨ ᠡᠷᠬᠢᠯᠡᠵᠠᠢ᠃ ᠬᠥᠯᠥᠨ ᠪᠤᠶᠢᠷ ᠬᠤᠲᠠ ᠶᠢᠨ ᠵᠢᠭᠤᠯᠴᠢᠯᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠵᠤ᠂ ︽ᠤᠮᠠᠷᠠᠲᠤ ᠳᠠᠷᠳᠠᠩ ᠵᠠᠮ︾᠎ ᠤᠨ ᠴᠤᠭᠯᠠᠷᠠᠬᠤ ᠴᠢᠭ᠋ ᠲᠤ ᠬᠠᠮᠲᠤ ᠪᠠᠷ ᠢᠯᠡᠷᠭᠡᠶᠢᠯᠡᠯ ᠰᠡᠭᠦᠵᠤ᠂ ᠡᠷᠬᠢᠮ ᠵᠣᠴᠢᠳ ᠲᠠᠢ ᠬᠠᠮᠲᠤ ᠬᠤᠪᠢ ᠶᠢᠨ ᠮᠠᠰᠢᠨ ᠢᠶᠠᠷ ᠵᠢᠭᠤᠯᠴᠢᠯᠠᠬᠤ ᠨᠢᠭᠡᠨ ᠴᠤ᠋ ᠰᠢᠨ᠎ᠡ ᠵᠠᠮ ᠱᠤᠭᠤᠮ ᠵᠢᠩᠬᠢᠨᠢ ᠪᠠᠷ ᠡᠬᠢᠯᠡᠭᠰᠡᠨ ᠢ ᠲᠡᠮᠳᠡᠭᠯᠡᠪᠡ᠃      ︽ᠤᠮᠠᠷᠠᠲᠤ ᠳᠠᠷᠳᠠᠩ ᠵᠠᠮ︾᠎ ᠨᠢ ᠪᠦᠬᠦ ᠤᠯᠤᠰ ᠤᠨ ᠬᠠᠮᠤᠭ ᠤᠨ ᠤᠷᠲᠤ ᠪᠤᠯᠬᠤ G303 ᠮᠤᠵᠢ ᠶᠢᠨ ᠬᠤᠭᠤᠷᠤᠨᠳᠤᠬᠢ ᠶᠡᠭᠡ ᠰᠢᠭᠤᠳ ᠵᠠᠮ ᠳᠤ ᠲᠦᠰᠢᠭᠯᠡᠨ᠂ ᠵᠡᠭᠦᠨ ᠠᠴᠠ ᠬᠥᠯᠥᠨ ᠪᠤᠶᠢᠷ ᠠᠴᠠ ᠡᠬᠢᠯᠡᠵᠤ᠂ ᠪᠠᠷᠠᠭᠤᠨᠰᠢ ᠠᠯᠠᠱᠠ ᠬᠤᠰᠢᠭᠤᠨ ᠳᠤ ᠬᠦᠷᠴᠦ᠂ ᠥᠪᠥᠷ ᠮᠣᠩᠭᠤᠯ ᠤᠨ ᠬᠢᠵᠠᠭᠠᠷ ᠳᠣᠲᠣᠷᠠᠬᠢ ᠲᠦᠷᠪᠡᠠ ᠶᠡᠭᠡ ᠵᠢᠭᠤᠯᠴᠢᠯᠠᠯ ᠤᠨ ᠣᠷᠣᠨ ᠪᠦᠰᠡ ᠶᠢ ᠬᠠᠮᠤᠷᠴᠤ᠂ ᠪᠦᠬᠦ ᠣᠷᠳᠣ ᠨᠢ 5000 ᠭᠠᠷᠤᠶ ᠺᠢᠯᠣᠮᠧᠲᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ᠭᠤᠤᠯᠳᠠᠯᠭ᠎ᠠ ᠲᠠᠢ ᠴᠤᠭᠴᠠᠯᠠᠭᠰᠠᠨ ᠵᠤᠨ ᠤ ᠤᠯᠠᠷᠢᠯ ᠤᠨ ᠬᠤᠪᠢ ᠶᠢᠨ ᠮᠠᠰᠢᠨ ᠢᠶᠠᠷ ᠵᠢᠭᠤᠯᠴᠢᠯᠠᠬᠤ ᠴᠤ᠋ ᠰᠢᠨ᠎ᠡ ᠵᠠᠮ ᠱᠤᠭᠤᠮ ᠤᠨ ᠳᠦᠷᠦᠯ ᠳᠡᠮᠳᠡᠭ ᠪᠤᠯᠤᠨ᠎ᠠ᠃ ᠡᠨᠡ ᠬᠦ ᠬᠤᠪᠢ ᠶᠢᠨ ᠮᠠᠰᠢᠨ ᠢᠶᠠᠷ ᠵᠢᠭᠤᠯᠴᠢᠯᠠᠬᠤ ᠵᠠᠮ ᠱᠤᠭᠤᠮ ᠨᠢ ᠡᠯᠪᠡᠭ ᠪᠠᠶᠠᠯᠢᠭ ᠪᠠᠶᠢᠭᠠᠯᠢ ᠶᠢᠨ ᠦᠵᠡᠮᠵᠢ ᠶᠢ ᠰᠢᠩᠭᠡᠭᠡᠵᠤ᠂ ᠵᠡᠭᠦᠨ ᠠᠴᠠ ᠪᠠᠷᠠᠭᠤᠨᠰᠢ ᠪᠠᠨ ᠲᠠᠯ᠎ᠠ ᠨᠤᠲᠤᠭ᠂ ᠠᠭᠤᠯᠠ ᠳᠠᠪᠠᠭ᠎ᠠ᠂ ᠡᠯᠡᠰᠦ ᠮᠠᠩᠬ᠎ᠠ᠂ ᠭᠤᠣᠯ ᠨᠠᠭᠤᠷ ᠢ ᠲᠤᠭᠤᠯᠬᠤ ᠪᠥᠭᠡᠳ ᠤᠮᠠᠷᠠᠲᠤ ᠣᠷᠣᠨ ᠤ ᠨᠡᠭᠦᠳᠡᠯᠯᠡᠨ ᠮᠠᠯᠵᠢᠬᠤ ᠰᠤᠶᠤᠯ ᠢᠶᠠᠷ ᠲᠥᠯᠥᠭᠡᠯᠡᠭᠴᠢ ᠪᠤᠯᠭᠠᠭᠰᠠᠨ ᠰᠣᠶᠣᠯ ᠢᠷᠭᠡᠨᠰᠢᠯ ᠤᠨ ᠦᠵᠡᠮᠵᠢ ᠪᠤᠯᠤᠨ ᠦᠨᠳᠦᠰᠦᠲᠡᠨ ᠤ ᠵᠠᠩ ᠦᠢᠯᠡ ᠶᠢ ᠰᠢᠨᠵᠢᠯᠡᠵᠤ ᠪᠤᠯᠤᠨ᠎ᠠ᠃ ᠶᠡᠷᠦ ᠠᠴᠠ ᠮᠠᠨ ᠤ ᠤᠯᠤᠰ ᠤᠨ ᠤᠯᠠᠩᠬᠢ ᠬᠦᠮᠦᠰ ᠤᠨ ᠥᠪᠥᠷ ᠮᠣᠩᠭᠤᠯ ᠤᠨ ᠲᠤᠬᠠᠢ ᠰᠢᠭᠤᠳ ᠰᠡᠷᠡᠯ ᠨᠢ ᠵᠥᠪᠬᠡᠨ ︽ᠰᠠᠯᠬᠢ ᠡᠪᠡᠰᠦᠨ ᠤ ᠨᠠᠶᠢᠭᠤᠭᠠᠨ ᠳᠤ ᠦᠬᠡᠷ ᠮᠠᠯ ᠢᠷᠠᠶᠢᠬᠤ︾ ᠲᠠᠯ᠎ᠠ ᠨᠤᠲᠤᠭ ᠤᠨ ᠤᠬᠠᠭᠳᠠᠬᠤᠨ ᠳᠡᠭᠡᠷ᠎ᠡ ᠲᠤᠰᠳᠠᠭ ᠪᠠᠶᠢᠯ᠎ᠠ᠂ ᠬᠠᠷᠢᠨ ᠨᠢᠳᠦᠨ ᠡᠮᠦᠨ᠎ᠡ ᠮᠢᠷᠠᠯᠵᠠᠨ ᠢᠯᠡᠷᠡᠭᠰᠡᠨ ︽ᠤᠮᠠᠷᠠᠲᠤ ᠳᠠᠷᠳᠠᠩ ᠵᠠᠮ︾᠎ ᠤᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠨᠢ ᠬᠦᠮᠦᠰ ᠤᠨ ᠬᠠᠷᠠᠭᠠᠨ ᠰᠡᠷᠡᠯ ᠢ ᠨᠡᠭᠡᠭᠡᠵᠤ᠂ ᠬᠦᠮᠦᠰ ᠤᠨ ᠰᠡᠳᠭᠢᠯ ᠵᠢᠷᠦᠭᠡ ᠶᠢ ᠲᠤᠭᠳᠤᠯᠠᠭᠤᠯᠵᠤ᠂ ᠬᠥᠮᠦᠰ ᠲᠤ ︽ᠡᠾᠧ ᠯᠠᠨ ᠱᠠᠨ ᠠᠭᠤᠯᠠᠨ ᠠᠴᠠ ᠭᠠᠳᠠᠨᠠᠬᠢ︾ ᠤᠮᠠᠷᠠᠲᠤ ᠶᠢᠨ ᠡᠬᠡ ᠭᠠᠵᠠᠷ ᠤᠨ ᠲᠤᠬᠠᠢ ᠰᠠᠭᠤᠭᠳᠠᠯ ᠢ ᠲᠦᠢᠯᠪᠤᠷᠢᠲᠠᠶ ᠰᠢᠨᠡᠳᠬᠡᠬᠦ ᠨᠢ ᠳᠠᠮᠵᠢᠭ ᠦᠭᠡᠢ ᠶᠤᠮ᠃      ᠠᠶᠠᠯᠠᠯ ᠡᠬᠢᠯᠡᠬᠦ ᠶᠣᠰᠣᠯᠠᠯ ᠳᠡᠭᠡᠷ᠎ᠡ᠂ ᠠᠯᠲᠠᠨ ᠤᠷᠳᠤᠳᠤ ᠬᠠᠭᠠᠨᠲᠤ ᠮᠣᠩᠭᠤᠯ ᠠᠶᠢᠮᠠᠭ ᠤᠨ ᠪᠠᠶᠠᠷ ᠤᠨ ᠳᠠᠭᠤᠯᠠᠯ ᠬᠠᠨᠭ᠍ᠬᠢᠨᠠᠵᠤ᠂ ᠲᠠᠯ᠎ᠠ ᠨᠤᠲᠤᠭ ᠤᠨ ᠵᠤᠴᠢᠨᠰᠠᠭ ᠮᠠᠯᠴᠢᠳ ᠠᠯᠤᠰ ᠠᠴᠠ ᠢᠷᠡᠭᠰᠡᠨ ᠡᠷᠬᠢᠮ ᠵᠣᠴᠢᠳ ᠲᠤ ᠮᠣᠩᠭᠤᠯ ᠦᠨᠳᠦᠰᠦᠲᠡᠨ ᠤ ᠬᠠᠮᠤᠭ ᠤᠨ ᠳᠡᠭᠡᠲᠦ ᠵᠤᠴᠢᠨ ᠤᠭᠲᠤᠬᠤ ᠶᠣᠰᠣᠯᠠᠯ ᠶᠠᠪᠤᠭᠤᠯᠵᠤ᠂ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠭᠰᠡᠨ ᠤ ᠬᠠᠮᠲᠤ ᠰᠠᠶᠢᠨ ᠰᠠᠶᠢᠬᠠᠨ ᠢᠷᠥᠭᠡᠯ ᠢᠶᠠᠨ ᠳᠡᠪᠰᠢᠭᠦᠯᠪᠡ᠃ ᠰᠧ ᠪᠠ ᠯᠦ ᠮᠠᠰᠢᠨ ᠲᠡᠷᠭᠡ ︵ᠳᠤᠮᠳᠠᠳᠤ ᠤᠯᠤᠰ︶᠎ ᠶᠢᠨ ᠬᠢᠵᠠᠭᠠᠷᠲᠤ ᠺᠣᠮᠫᠠᠨᠢ ᠨᠢ ︽ᠤᠮᠠᠷᠠᠲᠤ ᠳᠠᠷᠳᠠᠩ ᠵᠠᠮ︾᠎ ᠤᠨ ᠬᠠᠮᠲᠤᠷᠠᠨ ᠠᠵᠢᠯᠯᠠᠬᠤ ᠬᠠᠨᠢᠲᠠᠨ ᠪᠤᠯᠤᠭᠰᠠᠨ ᠤ ᠬᠤᠪᠢ ᠳᠤ᠂ Outback  ᠤᠤ ᠬᠤ᠋ ᠳᠥᠷᠪᠡᠨ ᠬᠥᠳᠡᠯᠭᠡᠭᠴᠢ ᠲᠠᠢ ᠬᠡᠬᠡᠷᠡᠯᠡᠭᠴᠢ ᠮᠠᠰᠢᠨ ᠲᠡᠷᠭᠡ ᠬᠠᠨᠭ᠍ᠭᠠᠵᠤ ᠠᠵᠢᠯᠯᠠᠭᠠᠨ ᠤ ᠲᠡᠭᠦᠰ ᠠᠮᠵᠢᠯᠲᠠ ᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠪᠡ᠃      ᠲᠡᠷᠭᠡ ᠲᠦᠷᠴᠢᠬᠢᠨᠡᠵᠤ᠂ ᠬᠦᠮᠦᠰ ᠢᠨᠢᠶᠠᠯᠳᠤᠵᠤ᠂ ᠲᠠᠯ᠎ᠠ ᠨᠤᠲᠤᠭ ᠤᠨ ᠡᠵᠡᠨ ᠬᠦᠮᠦᠨ ᠤ ︽ᠵᠤᠴᠢᠨ ᠮᠤᠷᠳᠠᠭᠤᠯᠬᠤ ᠠᠷᠢᠬᠢ︾᠎ ᠪᠠᠨ ᠪᠠᠷᠢᠵᠤ᠂ ᠡᠷᠬᠢᠮ ᠵᠣᠴᠢᠳ ᠤᠨ ᠠᠶᠠᠨ ᠵᠠᠮ ᠳᠠᠭᠠᠨ ᠠᠮᠤᠷ ᠰᠠᠶᠢᠬᠠᠨ ᠠᠶᠠᠯᠠᠬᠤ ᠶᠢ ᠵᠦᠡᠭᠨᠡᠪᠡ᠃ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠮᠠᠰᠢᠨ ᠲᠡᠷᠭᠡ ᠤᠳ ︽ᠤᠮᠠᠷᠠᠲᠤ ᠳᠠᠷᠳᠠᠩ ᠵᠠᠮ ᠤᠨ 0 ᠺᠢᠯᠣᠮᠧᠲᠷ︾ ᠬᠡᠬᠦ ᠢᠯᠡᠷᠬᠡᠶᠢᠯᠡᠯ ᠢ ᠳᠠᠭᠠᠷᠢᠨ ᠥᠩᠭᠡᠷᠡᠬᠦ ᠶᠢ ᠳᠠᠭᠠᠯᠳᠤᠨ᠂ ᠨᠢᠭᠡᠨ ᠤᠯᠠᠨ ᠤᠷᠲᠤᠷᠢᠭ ᠢ ᠰᠤᠨᠳᠤᠯᠵᠤ᠂ ᠤᠮᠠᠷᠠᠲᠤ ᠶᠢᠨ ᠦᠵᠡᠮᠵᠢ ᠶᠢᠨ ᠤᠷᠤᠨ ᠢ ᠪᠦᠷᠢᠨ ᠰᠢᠩᠭᠡᠭᠡᠭᠰᠡᠨ ᠬᠤᠪᠢ ᠶᠢᠨ ᠮᠠᠰᠢᠨ ᠢᠶᠠᠷ ᠵᠢᠭᠤᠯᠴᠢᠯᠠᠬᠤ ᠴᠤ᠋ ᠰᠢᠨ᠎ᠡ ᠵᠠᠮ ᠱᠤᠭᠤᠮ ᠤᠨ ᠠᠶᠠᠯᠠᠯ ᠵᠢᠩᠬᠢᠨᠢ ᠪᠠᠷ ᠡᠬᠢᠯᠡᠪᠡ︕
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号