ᠥᠪᠥᠷ ᠮᠣᠩᠭᠤᠯ ᠤᠨ ᠭᠠᠩᠳᠠᠭᠰᠠᠨ ᠲᠠᠯᠠᠪᠠᠶ 37.1 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠴᠦ  ᠣᠶᠢᠷ᠎ᠠ ᠶᠢᠨ ᠬᠤᠭᠤᠴᠠᠭᠠᠨ ᠳᠤ ᠬᠤᠷ᠎ᠠ ᠲᠤᠨᠳᠠᠰᠤ ᠪᠠᠶᠢᠬᠤ ᠦᠭᠡᠢ
ᠨᠡᠶᠢᠲᠡᠯᠡᠭᠰᠡᠨ ᠴᠠᠭ᠄
2016/7/8
      7 ᠳ᠋ᠤᠭᠠᠷ ᠰᠠᠷ᠎ᠠ ᠠᠴᠠ ᠨᠠᠰᠢ᠂ ᠥᠪᠥᠷ ᠮᠣᠩᠭᠤᠯ ᠤᠨ ᠶᠡᠬᠡᠩᠬᠢ ᠭᠠᠵᠠᠷ ᠤᠨ ᠲᠤᠨᠳᠠᠰᠤ ᠲᠡᠩᠴᠡᠭᠦᠷᠢ ᠦᠭᠡᠢ ᠪᠠᠶᠢᠵᠤ᠂ ᠢᠯᠠᠩᠭᠤᠶ᠎ᠠ ᠳᠤᠮᠳᠠ ᠪᠠᠷᠠᠭᠤᠨ ᠪᠡᠶ᠎ᠡ ᠶᠢᠨ ᠭᠠᠵᠠᠷ ᠣᠷᠣᠨ ᠳᠤ ᠬᠠᠯᠠᠭᠤᠨ ᠠᠭᠤᠷ ᠠᠮᠢᠰᠬᠤᠯ ᠦᠷᠭᠦᠯᠵᠢᠯᠡᠭᠰᠡᠨ ᠠᠴᠠ ᠪᠣᠯᠵᠤ᠂ ᠪᠦᠬᠦ ᠣᠷᠣᠨ ᠤ ᠭᠠᠩᠳᠠᠭᠰᠠᠨ ᠲᠠᠯᠠᠪᠠᠢ ᠨᠢ 37.1 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠣᠨᠴᠠ ᠶᠡᠭᠡ ᠭᠠᠩᠳᠠᠭᠰᠠᠨ ᠲᠠᠯᠠᠪᠠᠶ ᠨᠢ 4 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠦᠭᠰᠡᠨ ᠪᠠᠶᠢᠨ᠎ᠠ ᠃ ᠢᠷᠡᠬᠦ ᠲᠠᠪᠤᠨ ᠡᠳᠦᠷ ᠲᠤ᠂ ᠪᠦᠬᠦ ᠣᠷᠣᠨ ᠤ ᠶᠡᠬᠡᠩᠬᠢ ᠭᠠᠵᠠᠷ ᠲᠤ ᠬᠤᠷ᠎ᠠ ᠲᠤᠨᠳᠠᠰᠤ ᠪᠠᠶᠢᠬᠤ ᠦᠭᠡᠢ ᠪᠦᠭᠡᠳ ᠳᠤᠯᠠᠭᠠᠨ ᠤ ᠬᠡᠮᠵᠢᠶ᠎ᠡ ᠨᠢ 35 ᠭᠷᠠᠳᠦ᠋ᠰ ᠢ ᠳᠠᠪᠠᠨ᠎ᠠ᠂ ᠣᠯᠠᠩᠬᠢ ᠭᠠᠵᠠᠷ ᠤᠨ ᠭᠠᠩ ᠬᠠᠭᠰᠠᠷᠠᠭᠠᠨ ᠮᠦᠨᠬᠦ ᠦᠷᠭᠦᠯᠵᠢᠯᠡᠨ᠎ᠠ᠃ ᠥᠪᠥᠷ ᠮᠣᠩᠭᠤᠯ ᠤᠨ ᠴᠠᠭ ᠠᠭᠤᠷ ᠤᠨ ᠰᠠᠯᠠᠭ᠎ᠠ ᠮᠥᠴᠢᠷ ᠠᠴᠠ ᠨᠢᠭᠡᠨᠲᠡ ᠶᠡᠭᠡ ᠬᠠᠯᠠᠭᠤᠨ ᠪᠠ ᠬᠠᠯᠠᠭᠤᠨ ᠰᠠᠯᠬᠢᠨ ᠤ ᠤᠯᠠᠪᠤᠷ ᠦᠩᠭᠡᠲᠦ ᠰᠡᠷᠡᠮᠵᠢ ᠶᠢᠨ ᠳᠣᠬᠢᠶ᠎ᠠ ᠲᠠᠯᠪᠢᠵᠠᠶ᠃      ᠣᠶᠢᠷ᠎ᠠ ᠳᠤ᠂ ᠥᠪᠥᠷ ᠮᠣᠩᠭᠤᠯ ᠳᠤ ᠬᠡᠳᠦ᠋ᠢᠪᠡᠷ ᠣᠬᠤᠷᠬᠠᠨ ᠬᠤᠭᠤᠴᠠᠭᠠᠨ ᠤ ᠳᠣᠲᠤᠷ᠎ᠠ ᠰᠣᠯᠢᠭ ᠤᠷᠤᠰᠬᠠᠯᠲᠤ ᠠᠭᠤᠷ ᠠᠮᠢᠰᠬᠤᠯ ᠤᠯᠠᠨ ᠤᠳᠠᠭ᠎ᠠ ᠢᠯᠡᠷᠡᠭᠰᠡᠨ ᠪᠣᠯᠪᠠᠴᠤ᠂ ᠬᠤᠷ᠎ᠠ ᠲᠤᠨᠳᠠᠰᠤ ᠲᠡᠩᠴᠡᠭᠦᠷᠶ ᠦᠭᠡᠢ᠂ ᠭᠠᠩ ᠬᠠᠭᠰᠠᠷᠭᠠᠨ ᠢ ᠲᠠᠶᠢᠯᠵᠦ ᠳᠡᠶᠢᠯᠦᠭᠰᠡᠨ ᠦᠭᠡᠢ᠃ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ᠮᠠᠲ᠋ᠧᠷᠢᠶᠠᠯ ᠠᠴᠠ ᠦᠵᠡᠪᠡᠯ᠂ ᠣᠳᠣᠬᠠᠨ ᠳᠤ᠂ ᠭᠤᠣᠯᠳᠠᠭᠤ ᠠᠯᠠᠱᠠ ᠠᠶᠢᠮᠠᠭ ᠤᠨ ᠶᠡᠬᠡᠩᠬᠢ ᠪᠡᠶ᠎ᠡ᠂ ᠣᠷᠳᠣᠰ ᠬᠤᠲᠠ ᠶᠢᠨ ᠶᠡᠬᠡᠩᠬᠢ ᠬᠡᠰᠡᠭ᠂ ᠪᠠᠶᠠᠨᠨᠠᠭᠤᠷ ᠬᠤᠳᠠ ᠶᠢᠨ ᠵᠡᠭᠦᠨ ᠪᠡᠶ᠎ᠡ᠂ ᠪᠤᠭᠤᠲᠤ ᠬᠤᠲᠠ ᠶᠢᠨ ᠪᠠᠷᠠᠭᠤᠨ ᠡᠮᠦᠨᠡᠲᠦ ᠪᠡᠶ᠎ᠡ᠂ ᠤᠯᠠᠭᠠᠨᠴᠠᠪ ᠬᠤᠲᠠ ᠶᠢᠨ ᠳᠤᠮᠳᠠ ᠪᠡᠶ᠎ᠡ᠂ ᠰᠢᠯᠢ ᠶᠢᠨ ᠭᠤᠣᠯ ᠠᠶᠢᠮᠠᠭ ᠤᠨ ᠬᠤᠶᠢᠲᠤ ᠪᠡᠶ᠎ᠡ᠂ ᠤᠯᠠᠭᠠᠨᠬᠠᠳᠠ ᠬᠤᠲᠠ ᠶᠢᠨ ᠬᠤᠶᠢᠲᠤ ᠪᠡᠶ᠎ᠡ᠂ ᠲᠦᠩᠯᠢᠶᠣᠤ ᠬᠤᠲᠠ ᠶᠢᠨ ᠬᠤᠶᠢᠲᠤ ᠪᠡᠶ᠎ᠡ ᠵᠢᠴᠢ ᠬᠥᠯᠥᠨ ᠪᠤᠶᠢᠷ ᠬᠤᠳᠠ ᠶᠢᠨ ᠪᠠᠷᠠᠭᠤᠨ ᠪᠡᠶ᠎ᠡ ᠪᠠᠷ ᠭᠠᠩᠳᠠᠭᠰᠠᠨ ᠪᠠᠶᠢᠨ᠎ᠠ᠃      ᠪᠦᠬᠦ ᠣᠷᠣᠨ ᠤ ᠭᠠᠩᠳᠠᠭᠰᠠᠨ ᠲᠠᠯᠠᠪᠠᠢ 37.1 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠡᠭᠦᠨ ᠳᠤ᠂ ᠮᠠᠯᠵᠢᠬᠤ ᠣᠷᠣᠨ ᠤ ᠭᠠᠩᠳᠠᠭᠰᠠᠨ ᠪᠠᠶᠢᠳᠠᠯ ᠨᠡᠯᠢᠶᠡᠳ ᠬᠦᠨᠳᠦ ᠨᠣᠴᠢᠲᠠᠶ ᠪᠠᠶᠢᠵᠤ᠂ ᠭᠠᠩᠳᠠᠭᠰᠠᠨ ᠲᠠᠯᠠᠪᠠᠶ ᠨᠢ 34.1 ᠲᠡᠭᠰᠢ ᠳᠥᠷᠪᠡᠯᠵᠢᠨ ᠺᠢᠯᠣᠮᠧᠲᠷ ᠬᠦᠷᠴᠡᠢ᠂ ᠡᠪᠡᠰᠦ ᠪᠡᠯᠴᠢᠭᠡᠷ ᠤᠨ ᠤᠷᠭᠤᠴᠠ ᠶᠢ ᠬᠠᠷᠰᠢᠯᠠᠵᠠᠢ᠃ ᠥᠪᠥᠷ ᠮᠣᠩᠭᠤᠯ ᠤᠨ ᠠᠮᠢ ᠠᠬᠤᠶ ᠬᠢᠭᠡᠳ ᠲᠠᠷᠢᠶᠠᠯᠠᠩ ᠤᠨ ᠴᠠᠭ ᠠᠭᠤᠷ ᠤᠨ ᠲᠥᠪ ᠤᠨ ᠬᠢᠨᠠᠨ ᠬᠡᠮᠵᠢᠯᠲᠡ ᠠᠴᠠ ᠦᠵᠡᠪᠡᠯ᠂ ᠣᠳᠣᠬᠠᠨ ᠳᠤ᠂ ᠪᠦᠬᠦ ᠣᠷᠣᠨ ᠤ ᠶᠡᠬᠡᠩᠬᠢ ᠮᠠᠯᠵᠢᠬᠤ ᠣᠷᠣᠨ ᠤ ᠡᠪᠡᠰᠦ ᠪᠡᠯᠴᠢᠭᠡᠷ ᠤᠨ ᠤᠷᠭᠤᠴᠠ᠂ ᠪᠦᠷᠬᠦᠴᠡ ᠶᠢᠨ ᠪᠠᠶᠢᠳᠠᠯ ᠪᠠ ᠬᠤᠷᠢᠶᠠᠯᠲᠠ ᠶᠢᠨ ᠬᠡᠮᠵᠢᠶ᠎ᠡ ᠨᠢ ᠤᠢᠢᠷ᠎ᠠ ᠶᠢᠨ 5 ᠵᠢᠯ ᠤᠨ ᠠᠳᠠᠯᠢ ᠬᠤᠭᠤᠴᠠᠭᠠᠨ ᠤ ᠬᠢ ᠠᠴᠠ ᠳᠣᠣᠷ᠎ᠠ ᠪᠠᠶᠢᠵᠤ᠂ ᠵᠠᠷᠢᠮ ᠭᠠᠵᠠᠷ ᠣᠷᠣᠨ ᠤ ᠡᠪᠡᠰᠦᠨ ᠰᠤᠷ ᠰᠢᠷᠠᠯᠠᠨ᠂ ᠴᠢᠨᠠᠭᠰᠢᠯᠠᠪᠠᠯ ᠬᠤᠪᠠᠭ᠋ᠠᠶᠢᠷᠠᠵᠤ ᠬᠠᠲᠠᠵᠠᠢ᠃      ᠠᠩᠬᠠᠷᠤᠭᠤᠰᠢᠲᠠᠶ ᠨᠢ ᠭᠡᠪᠡᠯ᠂ ᠰᠢᠨᠵᠢᠶᠠᠩ ᠤᠨ ᠳᠤᠯᠠᠭᠠᠨ ᠠᠭᠠᠷ ᠵᠡᠭᠦᠨᠰᠢᠯᠡᠡ ᠪᠠᠶᠠᠨᠨᠠᠭᠤᠷ ᠬᠤᠲᠠ ᠶᠢᠨ ᠶᠡᠬᠡᠩᠬᠢ ᠭᠠᠵᠠᠷ ᠢ ᠨᠦᠯᠦᠭᠡᠯᠡᠬᠦ ᠪᠣᠯᠬᠤᠷ ᠢᠷᠡᠬᠦ ᠲᠠᠪᠤᠨ ᠡᠳᠦᠷ ᠲᠤ ᠲᠤᠬᠠᠶ ᠶᠢᠨ ᠭᠠᠵᠠᠷ ᠤᠨ ᠳᠤᠯᠠᠭᠠᠨ ᠤ ᠬᠡᠮᠵᠢᠶ᠎ᠡ 32 — 35 ℃ ᠬᠦᠷᠴᠦ᠂ ᠬᠠᠯᠠᠭᠤᠨ ᠰᠠᠯᠬᠢ ᠭᠠᠷᠬᠤ ᠪᠣᠯᠤᠯᠴᠠᠭ᠎ᠠ ᠲᠦᠢᠯ ᠤᠨ ᠶᠡᠭᠡ ᠪᠠᠶᠢᠨ᠎ᠠ᠃ ᠪᠠᠶᠠᠨᠨᠠᠭᠤᠷ ᠬᠤᠲᠠ ᠶᠢᠨ ᠴᠠᠭ ᠠᠭᠤᠷ ᠤᠨ ᠰᠠᠯᠠᠭ᠎ᠠ ᠮᠥᠴᠢᠷ 7 ᠳ᠋ᠤᠭᠠᠷ ᠰᠠᠷ᠎ᠠ ᠶᠢᠨ 5᠎ ᠤ ᠡᠳᠦᠷ ᠬᠠᠯᠠᠭᠤᠨ ᠰᠠᠯᠬᠢᠨ ᠤ ᠬᠥᠬᠡ ᠦᠩᠭᠡᠲᠦ ᠰᠡᠷᠡᠮᠵᠢ ᠶᠢᠨ ᠳᠣᠬᠢᠶ᠎ᠠ ᠦᠭᠴᠦ᠂ ᠯᠢᠨᠾᠧ ᠲᠣᠭᠤᠷᠢᠭ ᠲᠤ ᠬᠠᠯᠠᠭᠤᠨ ᠰᠠᠯᠬᠢᠨ ᠤ ᠤᠯᠠᠪᠤᠷ ᠦᠩᠭᠡᠲᠦ ᠰᠡᠷᠡᠮᠵᠢ ᠶᠢᠨ ᠳᠣᠬᠢᠶ᠎ᠠ ᠦᠭᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号