ᠵᠤᠨ ᠤ ᠶᠡᠭᠡ ᠬᠠᠯᠠᠭᠤᠨ ᠠᠭᠤᠷ ᠠᠮᠢᠰᠬᠤᠯ ᠴᠠᠬᠢᠯᠭᠠᠨ ᠭᠠᠷᠭᠠᠬᠤ ᠦᠢᠯᠡᠰ ᠢ ᠳᠠᠶᠢᠴᠢᠯᠠᠵᠤ᠂ ᠥᠪᠥᠷ | ᠮᠣᠩᠭᠤᠯ ᠤᠨ ᠨᠡᠭᠦᠷᠡᠰᠦᠨ ᠤ ᠦᠨ᠎ᠡ ᠬᠠᠩᠰᠢ ᠡᠳᠦᠷ ᠳᠠᠷᠠᠭᠠᠯᠠᠨ ᠳᠡᠭᠡᠭᠰᠢᠯᠡᠪᠡ᠃ 7 ᠳ᠋ᠤᠭᠠᠷ ᠰᠠᠷ᠎ᠠ ᠶᠢᠨ 7 ᠤ | ᠡᠳᠦᠷ᠂ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠢᠯᠡᠳᠬᠡᠮᠵᠢ ᠶᠢᠨ ᠲᠤᠭ᠎ᠠ ᠪᠠᠷᠢᠮᠲᠠ ᠶᠢ | ᠦᠨᠳᠦᠰᠦᠯᠡᠪᠡᠯ᠂ ᠥᠪᠥᠷ ᠮᠣᠩᠭᠤᠯ ᠤᠨ ᠨᠡᠭᠦᠷᠡᠰᠦᠨ ᠤ ᠦᠨ᠎ᠡ ᠬᠠᠩᠰᠢ ᠦᠷᠭᠦᠯᠵᠢᠯᠡᠨ ᠥᠰᠬᠦ ᠪᠣᠯᠣᠨ᠎ᠠ᠃ ᠶᠡᠭᠡ | ᠬᠠᠯᠠᠭᠤᠨ ᠠᠭᠤᠷ ᠠᠮᠢᠰᠬᠤᠯ ᠨᠢ ᠨᠡᠭᠦᠷᠡᠰᠦᠨ ᠤ ᠵᠠᠬ᠎ᠠ ᠳᠡᠯᠭᠡᠭᠦᠷ ᠤᠨ ᠤᠯᠠᠷᠢᠯ ᠤᠨ ᠴᠢᠨᠠᠷᠲᠠᠶ ᠬᠡᠷᠡᠭᠴᠡᠭᠡ ᠶᠢ | ᠲᠦᠯᠬᠢᠨ ᠠᠬᠢᠭᠤᠯᠵᠤ᠂ ᠡᠭᠦᠨ ᠤ ᠳᠡᠭᠡᠷ᠎ᠡ ᠡᠮᠦᠨᠡᠬᠢ ᠬᠤᠭᠤᠴᠠᠭᠠᠨ ᠤ ᠨᠡᠭᠦᠷᠡᠰᠦᠨ ᠤ ᠦᠨ᠎ᠡ ᠥᠰᠦᠭᠰᠡᠨ ᠠᠴᠠ | ᠴᠠᠬᠢᠯᠭᠠᠨ ᠬᠤᠳᠠᠯᠳᠤᠨ ᠠᠪᠬᠤ ᠬᠡᠷᠡᠭᠴᠡᠭᠡ ᠶᠢ ᠳᠠᠶᠢᠴᠢᠯᠠᠵᠤ᠂ ᠨᠡᠭᠦᠷᠡᠰᠦᠨ ᠤ ᠵᠠᠬ᠎ᠠ ᠳᠡᠯᠭᠡᠭᠦᠷ ᠤᠨ ᠪᠦᠬᠦᠯᠢ | ᠴᠣᠭᠴᠠ ᠶᠢᠨ ᠬᠡᠷᠡᠭᠴᠡᠭᠡ ᠶᠢ ᠨᠡᠮᠡᠭᠳᠡᠭᠦᠯᠵᠡᠢ᠂ ᠭᠡᠪᠡᠴᠦ ᠨᠡᠭᠦᠷᠡᠰᠦᠨ ᠤ ᠬᠠᠳᠠᠭᠠᠯᠠᠮᠵᠢ ᠬᠡᠳᠦ ᠪᠠᠭ᠎ᠠ ᠠᠴᠠ ᠪᠣᠯᠵᠤ᠂ | ᠵᠠᠬ᠎ᠠ ᠳᠡᠯᠭᠡᠭᠦᠷ ᠤᠨ ᠬᠠᠩᠭᠠᠯᠭ᠎ᠠ ᠪᠠᠭᠠᠰᠴᠤ᠂ ᠥᠪᠥᠷ ᠮᠣᠩᠭᠤᠯ ᠤᠨ ᠨᠡᠭᠦᠷᠡᠰᠦᠨ ᠤ ᠵᠠᠬ᠎ᠠ ᠳᠡᠯᠭᠡᠭᠦᠷ ᠤᠨ ᠦᠨ᠎ᠡ | ᠬᠠᠩᠰᠢ ᠶᠢ ᠦᠷᠭᠦᠯᠵᠢᠯᠡᠨ ᠥᠰᠦᠭᠰᠡᠨ ᠪᠠᠶᠢᠨ᠎ᠠ᠂ ᠲᠦᠷᠦᠭᠦᠦ ᠭᠠᠷᠠᠭ ᠤᠨ ᠨᠡᠭᠦᠷᠡᠰᠦᠨ ᠤ ᠳᠤᠮᠳᠠᠴᠢ ᠦᠨ᠎ᠡ ᠨᠢ | 380.57 ᠲᠥᠭᠦᠷᠢᠭ / ᠲᠣᠨ ᠪᠠᠶᠢᠵᠤ᠂ ᠭᠠᠷᠠᠬᠠᠨ ᠬᠠᠷᠢᠴᠠᠯ ᠢᠶᠠᠷ 1.4% ᠪᠠᠷ ᠨᠡᠮᠡᠭᠳᠡᠪᠡ᠃ ᠡᠭᠦᠨ ᠳᠤ᠂ | ᠤᠳᠤᠭ᠎ᠠ ᠦᠭᠡᠢ ᠨᠡᠭᠦᠷᠡᠰᠦ ᠶᠢᠨ ᠦᠨ᠎ᠡ ᠨᠢ 495.5 ᠲᠥᠭᠦᠷᠢᠭ / ᠲᠣᠨ ᠪᠠᠶᠢᠵᠤ᠂ ᠭᠠᠷᠠᠬᠠᠨ ᠬᠠᠷᠢᠴᠠᠯ ᠢᠶᠠᠷ 3. | 7% ᠪᠠᠷ ᠨᠡᠮᠡᠭᠳᠡᠪᠡ︔ ᠬᠥᠳᠡᠯᠭᠡᠭᠴᠢ ᠬᠦᠴᠦᠨ ᠤ ᠨᠡᠭᠦᠷᠡᠰᠦ ᠶᠢᠨ ᠦᠨ᠎ᠡ ᠨᠢ 267.89 ᠲᠥᠭᠦᠷᠢᠭ / ᠲᠣᠨ | ᠪᠠᠶᠢᠵᠤ᠂ ᠭᠠᠷᠠᠬᠠᠨ ᠬᠠᠷᠢᠴᠠᠯ ᠢᠶᠠᠷ 0.3% ᠪᠠᠷ ᠪᠠᠭᠤᠷᠠᠪᠠ᠃ ᠬᠡᠦᠷᠰᠢᠭᠦᠯᠦᠭᠰᠡᠨ ᠨᠡᠭᠦᠷᠡᠰᠦᠨ ᠤ ᠦᠨ᠎ᠡ ᠨᠢ | 378.33 ᠲᠥᠭᠦᠷᠢᠭ / ᠲᠣᠨ ᠪᠠᠶᠢᠵᠤ᠂ ᠭᠠᠷᠠᠬᠠᠨ ᠬᠠᠷᠢᠴᠠᠯ ᠢᠶᠠᠷ 0.2% ᠢᠶᠠᠷ ᠪᠠᠭᠤᠷᠠᠪᠠ᠃ ᠵᠢᠱᠢᠯᠲᠡ ᠪᠠᠷ | ᠨᠡᠭᠦᠷᠡᠰᠦᠨ ᠤ ᠵᠠᠬ᠎ᠠ ᠳᠡᠯᠭᠡᠭᠦᠷ ᠤᠨ ᠣᠷᠭᠢᠯ ᠤᠨ ᠬᠡᠮᠵᠢᠶ᠎ᠡ ᠵᠤᠨ ᠤ ᠤᠯᠠᠷᠢᠯ ᠤᠨ ᠴᠢᠨᠠᠷᠲᠠᠶ ᠳᠣᠪᠣᠶᠢᠬᠤ ᠶᠢ | ᠳᠠᠭᠠᠯᠳᠤᠨ᠂ ᠣᠶᠢᠷ᠎ᠠ ᠶᠢᠨ ᠬᠤᠭᠤᠴᠠᠭᠠᠨ ᠳᠤ ᠨᠡᠭᠦᠷᠡᠰᠦᠨ ᠤ ᠦᠨ᠎ᠡ ᠬᠠᠩᠰᠢ ᠦᠷᠭᠦᠯᠵᠢᠯᠡᠨ ᠪᠠᠭ᠎ᠠ ᠬᠡᠮᠵᠢᠶ᠎ᠡ ᠪᠠᠷ | ᠥᠰᠬᠦ ᠪᠣᠯᠣᠨ᠎ᠠ᠃ ᠡᠭᠦᠨ ᠤ ᠬᠠᠮᠲᠤ᠂ ᠬᠦᠳᠡᠷ ᠤᠨ ᠦᠨ᠎ᠡ ᠥᠨᠳᠥᠷ ᠲᠦᠪᠰᠢᠨ ᠳᠤ ᠣᠷᠣᠰᠢᠵᠤ ᠪᠠᠶᠢᠬᠤ ᠪᠣᠯᠬᠤᠷ | ᠥᠪᠡᠷ ᠤᠨ ᠦᠷᠳᠡᠭ ᠨᠢ ᠨᠡᠮᠡᠭᠳᠡᠵᠦ᠂ ᠵᠢᠱᠢᠯᠲᠡ ᠪᠠᠷ ᠰᠡᠭᠦᠯᠴᠢ ᠶᠢᠨ ᠦᠶ᠎ᠡ ᠳᠤ ᠪᠤᠯᠤᠳ ᠮᠠᠲ᠋ᠧᠷᠢᠶᠠᠯ ᠤᠨ ᠵᠠᠬ᠎ᠠ | ᠳᠡᠯᠭᠡᠭᠦᠷ ᠲᠤ ᠠᠰᠢᠭᠲᠠᠶ ᠬᠦᠴᠦᠨ ᠵᠦᠢᠯ ᠭᠠᠷᠬᠤ ᠪᠣᠯᠵᠤ᠂ ᠪᠤᠯᠤᠳ ᠮᠠᠲ᠋ᠧᠷᠢᠶᠠᠯ ᠤᠨ ᠦᠨ᠎ᠡ ᠬᠠᠩᠰᠢ ᠪᠠᠭᠤᠷᠠᠶ | ᠪᠠᠶᠢᠷᠢᠨ ᠳᠤ ᠬᠡᠯᠪᠡᠯᠵᠡᠬᠦ ᠪᠠᠶᠢᠳᠠᠯ ᠳᠤ ᠪᠠᠨ ᠪᠤᠴᠠᠬᠤ ᠪᠣᠯᠣᠨ᠎ᠠ᠃ ᠱᠦᠢᠨᠢ ᠶᠢᠨ ᠵᠠᠬ᠎ᠠ ᠳᠡᠯᠭᠡᠭᠦᠷ ᠤᠨ ᠡᠷᠭᠢᠯᠲᠡ | ᠦᠨᠳᠦᠰᠦᠨ ᠳᠡᠭᠡᠨ ᠲᠣᠭᠲᠠᠪᠤᠷᠢᠲᠠᠶ ᠪᠠᠶᠢᠵᠤ᠂ ᠵᠢᠱᠢᠯᠲᠡ ᠪᠠᠷ ᠣᠬᠤᠷ ᠬᠤᠭᠤᠴᠠᠭᠠᠨ ᠤ ᠳᠣᠲᠣᠷ᠎ᠠ ᠱᠦᠢᠨᠢ ᠶᠢᠨ | ᠦᠨ᠎ᠡ ᠲᠡᠶᠢᠮᠦ ᠶᠡᠭᠡ ᠬᠡᠯᠪᠡᠯᠵᠡᠬᠦ ᠦᠭᠡᠢ᠃ |