7 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠡᠯ᠎ᠠ ᠵᠦᠪᠯᠡᠭᠦ ᠵᠦᠢᠯᠡᠰ ᠢᠶᠠᠨ ᠲᠡᠭᠦᠰ | ᠠᠮᠵᠢᠯᠳᠠᠳᠠᠢ ᠲᠠᠭᠤᠰᠬᠠᠬᠰᠠᠨ ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ | ᠲᠦᠷᠪᠡᠳᠦᠭᠡᠷ ᠬᠤᠷᠠᠯ ᠬᠦᠬᠡᠬᠤᠳᠠ ᠳᠤ ᠲᠡᠭᠦᠰᠪᠡ᠃ ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠬᠦᠯᠦᠨ ᠨᠠᠭᠤᠷ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠦᠷᠢᠮ︾ | ᠵᠡᠷᠭᠡ ᠬᠠᠤᠯᠢ ᠲᠤᠭᠳᠠᠭᠠᠯ ᠢ ᠪᠠᠳᠤᠯᠠᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠤᠳᠤ ᠪᠠᠶᠢᠭ᠎ᠠ ᠪᠦᠷᠢᠯᠳᠦᠭᠦᠨ ᠭᠡᠰᠢᠭᠦᠨ 61 ᠬᠦᠮᠦᠨ᠂ | ᠬᠤᠷᠠᠯ ᠳᠤ ᠤᠷᠤᠯᠴᠠᠬᠰᠠᠨ ᠨᠢ 55 ᠬᠦᠮᠦᠨ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠲᠠᠢ ᠨᠡᠶᠢᠴᠡᠪᠡ᠃ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠦ᠋ᠨ ᠤ ᠨᠠᠶᠢᠳᠠᠯᠭ᠎ᠠ ᠪᠠᠷ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ | ᠡᠷᠭᠢᠯᠡᠭᠴᠢ ᠬᠤᠷᠴᠡ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠢ ᠡᠷᠬᠢᠯᠡᠵᠦ᠂ ᠲᠡᠳ᠋ ᠡᠷᠭᠢᠯᠡᠭᠴᠢ ᠳᠤ ᠽᠢ᠂ | ᠬᠠᠨᠭ᠌ ᠭᠦᠢ ᠯᠢᠨ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠰᠦᠨ | ᠬᠤᠢ ᠮᠢᠨ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠶᠦᠨ ᠭᠤᠸᠠᠩ | ᠵᠦᠡᠭ ᠬᠤᠷᠠᠯ ᠳᠤ ᠰᠤᠯᠠ ᠤᠷᠤᠯᠴᠠᠵᠠᠢ᠃ | ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠡᠳ᠋ ᠤᠨ ᠵᠠᠰᠠᠭ ᠠᠵᠦ ᠠᠬᠤᠢ ᠶᠢᠨ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠵᠠᠩ ᠯᠦᠨ ᠤ ᠬᠢᠭᠰᠡᠨ ︽2015 | ᠤᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠡᠳ᠋ ᠤᠨ ᠵᠠᠰᠠᠬ ᠤᠨ ᠲᠦᠰᠦᠪ ᠤᠨ ᠬᠦᠢᠴᠡᠳᠭᠡᠯ ᠤᠨ | ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠡᠳ᠋ ᠤᠨ ᠵᠠᠰᠠᠭ ᠠᠵᠦ ᠠᠬᠤᠢ ᠶᠢᠨ ᠵᠦᠪᠯᠡᠯ ᠤᠨ ᠬᠢᠨᠠᠨ ᠪᠠᠶᠢᠴᠠᠭᠠᠯᠳᠠ ᠶᠢᠨ ᠮᠡᠳᠡᠭᠦᠯᠦᠯᠳᠡ︾ ᠶᠢ | ᠰᠤᠨᠤᠰᠪᠠ᠃ ᠡᠳ᠋ ᠤᠨ ᠵᠠᠰᠠᠬ ᠠᠵᠦ ᠠᠬᠤᠢ ᠶᠢᠨ ᠵᠦᠪᠯᠡᠯ ᠤᠨ ᠦᠵᠡᠭᠦ ᠪᠠᠷ᠂ 2015 ᠤᠨ ᠳᠤ ᠦᠪᠡᠷᠳᠡᠭᠡᠨ | ᠵᠠᠰᠠᠬᠤ ᠤᠷᠤᠨ ᠠᠵᠦ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠲᠠᠢ ᠢᠳᠡᠪᠭᠢᠳᠠᠢ ᠵᠤᠬᠢᠴᠠᠵᠦ᠂ | ᠡᠳ᠋ ᠤᠨ ᠵᠠᠰᠠᠬ ᠤᠨ ᠦᠭᠡᠷᠡᠴᠢᠯᠠᠯᠳᠠ ᠪᠣᠯᠣᠨ ᠭᠦᠭᠵᠢᠯᠳᠠ ᠶᠢᠨ ᠠᠵᠢᠯ ᠢ ᠢᠳᠡᠪᠭᠢᠳᠠᠢ ᠠᠬᠢᠭᠤᠯᠵᠦ᠂ ᠡᠳ᠋ ᠤᠨ | ᠵᠠᠰᠠᠬ ᠤᠨ ᠤᠷᠤᠯᠭ᠎ᠠ ᠬᠠᠷᠢᠴᠠᠩᠭᠤᠢ ᠲᠤᠬᠳᠠᠭᠤᠨ ᠨᠡᠮᠡᠭᠳᠡᠯ ᠤᠨ ᠪᠠᠶᠢᠳᠠᠯ ᠢ ᠪᠠᠷᠢᠮᠳᠠᠯᠠᠵᠦ᠂ ᠡᠳ᠋ ᠤᠨ ᠵᠠᠰᠠᠬ ᠤᠨ | ᠵᠠᠷᠤᠯᠭ᠎ᠠ ᠭᠤᠤᠯᠳᠠᠯᠭ᠎ᠠ ᠲᠠᠢ ᠬᠦᠷᠢᠶ᠎ᠠ ᠬᠡᠪᠴᠢᠶᠠᠨ ᠤ ᠪᠡᠯᠡ ᠤᠷᠤᠭᠤᠯᠤᠯᠳᠠ ᠶᠢᠨ ᠦᠷᠭᠦᠯᠵᠢᠯᠠᠨ ᠨᠡᠮᠡᠭᠳᠡᠭᠦ ᠶᠢ | ᠪᠠᠳᠤᠯᠠᠪᠠ᠃ ᠡᠭᠦᠨ ᠤ ᠲᠠᠭᠠᠤ ᠪᠠᠰᠠ ᠤᠷᠤᠯᠭ᠎ᠠ ᠵᠠᠷᠤᠯᠭ᠎ᠠ ᠶᠢᠨ ᠲᠠᠩᠴᠡᠭᠦᠷᠢ ᠶᠢᠨ ᠲᠠᠷᠤᠭᠠᠰᠤ ᠶᠡᠭᠡ᠂ | ᠵᠠᠷᠤᠯᠭ᠎ᠠ ᠶᠢᠨ ᠪᠦᠲᠦᠴᠡ ᠬᠡᠪᠰᠢᠭᠰᠡᠨ ᠵᠡᠷᠭᠡ ᠠᠰᠠᠭᠤᠳᠠᠯ ᠤᠷᠤᠰᠢᠵᠦ ᠪᠤᠢ ᠭᠡᠪᠠ᠃ ᠮᠡᠳᠡᠭᠦᠯᠦᠯᠳᠡ ᠳᠤ᠂ ᠡᠳ᠋ ᠤᠨ | ᠵᠠᠰᠠᠬ ᠤᠨ ᠲᠦᠷᠦ ᠶᠢᠨ ᠪᠤᠳᠤᠯᠭ᠎ᠠ ᠶᠢ ᠢᠳᠡᠪᠭᠢᠳᠠᠢ ᠬᠡᠷᠡᠭᠵᠢᠭᠦᠯᠵᠦ᠂ ᠠᠵᠦ ᠠᠬᠤᠢ ᠶᠢᠨ ᠲᠤᠬᠳᠠᠭᠤᠨ | ᠬᠦᠭᠵᠢᠯᠳᠠ ᠶᠢ ᠠᠬᠢᠭᠤᠯᠵᠦ᠂ ᠲᠦᠰᠦᠪ ᠤᠨ ᠬᠠᠤᠯᠢ ᠶᠢ ᠤᠯᠠᠮ ᠨᠢᠭᠡ ᠠᠯᠬᠤᠮ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠲᠦᠰᠦᠪ ᠤᠨ ᠬᠢᠵᠠᠭᠠᠷᠯᠠᠬᠤ ᠴᠢᠨᠠᠷ ᠢ ᠴᠢᠩᠭᠠᠳᠬᠠᠵᠦ᠂ ᠵᠠᠰᠠᠭ ᠤᠨ ᠤᠷᠳᠤᠨ ᠤ ᠴᠢᠨᠠᠷᠳᠠᠢ | ᠦᠷᠢ ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠵᠦ᠂ ᠡᠳ᠋ ᠤᠨ ᠵᠠᠰᠠᠬ ᠤᠨ ᠲᠦᠭᠰᠢᠭᠦᠷᠢ ᠶᠢ ᠰᠡᠷᠭᠡᠶᠢᠯᠡᠵᠦ | ᠠᠷᠢᠯᠭᠠᠬᠤ ᠰᠠᠨᠠᠯ ᠢ ᠲᠤᠷᠠᠳᠪᠠ᠃ | ᠬᠤᠷᠠᠯ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠯᠦᠨ ᠨᠠᠭᠤᠷ ᠤᠨ ᠤᠯᠤᠰ ᠤᠨ | ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠦᠷᠢᠮ︾ ︽2015 ᠤᠨ ᠤ ᠦᠪᠡᠷᠳᠡᠭᠡᠨ ᠵᠠᠰᠠᠬᠤ | ᠤᠷᠤᠨ ᠤ ᠲᠤᠰ ᠱᠠᠳᠤᠨ ᠤ ᠡᠳ᠋ ᠤᠨ ᠵᠠᠰᠠᠬ ᠤᠨ ᠲᠦᠰᠦᠪ ᠤᠨ ᠬᠦᠢᠴᠡᠳᠭᠡᠯ ᠢ ᠵᠦᠪᠰᠢᠶᠡᠷᠡᠭᠦ ᠲᠤᠬᠠᠢ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾ ︽ᠲᠤᠯᠤᠳᠤᠭᠠᠷ ᠲᠠᠪᠤᠨ ᠵᠢᠯ ᠤᠨ ᠬᠠᠤᠯᠢᠵᠢᠯ ᠤᠨ ᠤᠬᠠᠭᠤᠯᠭ᠎ᠠ | ᠬᠦᠮᠦᠵᠢᠯ ᠢ ᠬᠦᠨᠵᠡᠭᠡᠢ ᠦᠷᠨᠢᠭᠦᠯᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾ ︽ᠦᠪᠡᠷᠳᠡᠭᠡᠨ ᠵᠠᠰᠠᠬᠤ | ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠷᠪᠡᠳᠦᠭᠡᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠲᠤᠰᠢᠶᠠᠬᠰᠠᠨ 2 ᠳ᠋ᠤᠭᠠᠷ ᠲᠤᠭᠠᠳᠤ ᠰᠠᠨᠠᠯ | ᠵᠦᠪᠯᠡᠯᠭᠡ ᠶᠢ ᠰᠢᠢᠳᠪᠤᠷᠢᠯᠡᠭᠦ ᠰᠠᠨᠠᠯ ᠤᠨ ᠮᠡᠳᠡᠭᠦᠯᠦᠯᠳᠡ︾ ︽ᠦᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠲᠤᠰᠢᠶᠠᠬᠰᠠᠨ 4 ᠳ᠋ᠤᠬᠡᠷ ᠲᠤᠭᠠᠳᠤ ᠰᠠᠨᠠᠯ ᠵᠦᠪᠯᠡᠯᠭᠡ ᠶᠢ ᠰᠢᠢᠳᠪᠤᠷᠢᠯᠡᠭᠦ | ᠰᠠᠨᠠᠯ ᠤᠨ ᠮᠡᠳᠡᠭᠦᠯᠦᠯᠳᠡ︾᠂ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠬᠤ ᠪᠠ ᠲᠤᠰᠢᠶᠠᠯ ᠠᠴᠠ ᠨᠢ | ᠪᠠᠭᠤᠯᠭᠠᠬᠤ ᠨᠡᠷᠡᠰ ᠢ ᠪᠠᠳᠤᠯᠠᠪᠠ᠃ | ᠬᠤᠷᠠᠯ ᠠᠴᠠ ᠵᠢᠭᠠᠵᠦ ᠭᠠᠷᠭᠠᠬᠰᠠᠨ ᠨᠢ᠂ ᠲᠤᠰ ᠤᠳᠠᠭ᠎ᠠ ᠶᠢᠨ ᠬᠤᠷᠠᠯ ᠤᠨ ᠬᠢᠨᠠᠨ ᠵᠦᠪᠯᠡᠭᠰᠡᠨ ᠡᠯ᠎ᠠ | ᠵᠦᠪᠯᠡᠭᠦ ᠵᠦᠢᠯᠡᠰ ᠴᠦᠮ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠲᠠᠢ | ᠬᠤᠯᠪᠤᠬᠳᠠᠵᠦ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠲᠠᠢ ᠬᠤᠯᠪᠤᠬᠳᠠᠨ᠎ᠠ᠃ ᠬᠤᠷᠠᠯ ᠤᠨ | ᠶᠠᠪᠤᠴᠠ ᠳᠤ᠂ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠭᠡᠰᠢᠭᠦᠳ ᠨᠠᠷᠢᠨ ᠬᠢᠨᠠᠮᠠᠭᠠᠢ ᠬᠢᠨᠠᠨ ᠵᠦᠪᠯᠡᠵᠦ᠂ | ᠢᠳᠡᠪᠭᠢᠳᠠᠢ ᠪᠠᠷ ᠰᠠᠨᠠᠯ ᠢᠶᠠᠨ ᠢᠯᠡᠳᠭᠡᠵᠦ ᠂ ᠲᠤᠷᠠᠳᠤᠵᠦ ᠭᠠᠷᠭᠠᠬᠰᠠᠨ ᠰᠠᠨᠠᠯ ᠰᠠᠨᠠᠭᠤᠯᠭ᠎ᠠ ᠨᠢ ᠴᠦᠮ | ᠮᠠᠰᠢ ᠴᠢᠩᠭ᠎ᠠ ᠵᠢᠯᠤᠭᠤᠳᠬᠤ ᠴᠢᠨᠠᠷ᠂ ᠬᠠᠨᠳᠤᠯᠭᠠᠳᠤ ᠴᠢᠨᠠᠷ ᠪᠣᠯᠣᠨ ᠬᠡᠷᠡᠭᠵᠢᠭᠦᠯᠵᠦ ᠪᠤᠯᠬᠤᠶᠢᠴᠠ ᠴᠢᠨᠠᠷ ᠲᠠᠢ | ᠭᠡᠪᠡ᠃ | ᠬᠤᠷᠠᠯ ᠠᠴᠠ ᠴᠢᠬᠤᠯᠠᠴᠢᠯᠠᠬᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ | ᠬᠠᠤᠯᠢ ᠢᠶᠠᠷ ᠤᠯᠤᠰ ᠢᠶᠠᠨ ᠵᠠᠰᠠᠬᠤ ᠪᠠᠶᠢᠯᠳᠤᠬᠤ ᠪᠤᠳᠤᠯᠭ᠎ᠠ ᠶᠢ ᠪᠦᠭᠦ ᠲᠠᠯ᠎ᠠ ᠪᠠᠷ ᠬᠦᠨᠵᠡᠭᠡᠢ ᠠᠬᠢᠭᠤᠯᠬᠤ ᠶᠢ | ᠲᠠᠭᠠᠵᠦ᠂ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ | ᠬᠤᠷᠢᠶ᠎ᠠ ᠶᠢᠨ ᠦᠢᠯᠡᠳᠤᠯ ᠤᠯᠠᠮ ᠶᠡᠭᠡᠳᠴᠤ᠂ ᠤᠯᠠᠮ ᠢᠶᠠᠷ ᠴᠢᠬᠤᠯᠠ ᠪᠤᠯᠵᠦ ᠪᠠᠶᠢᠨ᠎ᠠ᠃ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠡᠭᠡᠲᠦ ᠬᠡᠮᠵᠢᠶ᠎ᠠ ᠪᠠᠷ | ᠴᠢᠬᠤᠯᠠᠴᠢᠯᠠᠨ ᠦᠵᠡᠵᠦ᠂ ᠤᠢᠢᠷ᠎ᠠ ᠶᠢᠨ ᠬᠤᠶᠠᠷ ᠰᠠᠷ᠎ᠠ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠬᠠᠮᠢᠶ᠎ᠠ ᠲᠠᠢ ᠴᠢᠬᠤᠯᠠ ᠪᠢᠴᠢᠭ ᠮᠠᠲ᠋ᠧᠷᠢᠶᠠᠯ ᠢ ᠦᠷᠭᠦᠯᠵᠢᠯᠠᠨ ᠲᠦᠷᠪᠡ ᠨᠡᠶᠢᠳᠡᠯᠡᠪᠠ᠃ ᠡᠨᠡ ᠲᠦᠷᠪᠠᠨ | ᠪᠢᠴᠢᠭ ᠮᠠᠲ᠋ᠧᠷᠢᠶᠠᠯ ᠪᠤᠯ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠠ ᠶᠢ ᠡᠭᠦᠳᠬᠦ | ᠬᠥᠭᠵᠢᠯᠲᠡ ᠲᠠᠢ ᠬᠤᠯᠪᠤᠬᠳᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠬᠦᠷᠭᠡᠯᠡᠵᠤ ᠪᠠᠶᠢᠭ᠎ᠠ | ᠴᠢᠬᠤᠯᠠ ᠶᠡᠭᠡ ᠦᠭᠡᠷᠡᠴᠢᠯᠠᠯᠳᠠ ᠶᠢᠨ ᠵᠦᠢᠯᠡᠰ ᠢ ᠨᠠᠶᠢᠳᠠᠪᠤᠷᠢᠵᠢᠭᠤᠯᠬᠤ ᠲᠠᠢ ᠬᠤᠯᠪᠤᠬᠳᠠᠨ᠎ᠠ᠃ ᠪᠦᠬᠦᠳᠡᠭᠡᠷ ᠢᠶᠠᠨ | ᠨᠠᠷᠢᠨ ᠬᠢᠨᠠᠮᠠᠭᠠᠢ ᠰᠤᠷᠤᠯᠴᠠᠨ ᠤᠢᠢᠯᠠᠭᠠᠵᠦ᠂ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠵᠦ᠂ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠠᠤᠯᠢᠵᠢᠯ ᠤᠨ ᠪᠠᠶᠢᠭᠤᠯᠤᠯᠳᠠ ᠶᠢᠨ ᠠᠬᠢᠴᠠ ᠳᠠᠬᠢ ᠦᠵᠡᠬᠦᠯᠪᠠᠰᠤ ᠵᠤᠬᠢᠬᠤ ᠦᠢᠯᠡᠳᠤᠯ ᠢᠶᠠᠨ | ᠴᠢᠷᠮᠠᠶᠢᠨ ᠪᠠᠳᠠᠷᠠᠭᠤᠯᠬᠤ ᠭᠡᠷᠡᠭᠳᠡᠢ ᠭᠡᠪᠠ᠃ | | |