ᠥᠪᠥᠷ ᠮᠣᠩᠭᠤᠯ ᠤᠨ ᠲᠠᠪᠤᠨ ᠬᠤᠰᠢᠭᠤ ︵ᠬᠤᠳᠠ︶ ᠪᠦᠬᠦ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠶ ᠶᠢᠨ 100 ᠬᠦᠴᠦᠷᠬᠡᠭ ᠤᠨ ᠡᠩᠨᠡᠭᠡᠨ ᠳᠤ ᠤᠷᠤᠪᠠ
ᠨᠡᠶᠢᠲᠡᠯᠡᠭᠰᠡᠨ ᠴᠠᠭ᠄
2016/8/1
     ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠪᠦᠬᠦ ᠤᠯᠤᠰ ᠤᠨ 3000 ᠰᠢᠬᠠᠮ ᠰᠢᠶᠠᠨ ︵ᠬᠤᠳᠠ︶ ︵ᠬᠤᠳᠠ ᠶᠢᠨ ᠬᠠᠷᠢᠶ᠎ᠠ ᠲᠣᠭᠤᠷᠢᠭ ᠪᠠᠭᠲᠠᠬᠤ ᠦᠭᠡᠢ︶᠎ ᠳᠤ ᠶᠡᠷᠦᠩᠬᠡᠶ ᠦᠨᠡᠯᠡᠨ ᠵᠢᠱᠢᠯᠲᠡ ᠬᠢᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ 100 ᠬᠦᠴᠦᠷᠬᠡᠭ ᠤᠨ ᠨᠡᠷᠡᠰ ᠤᠨ ᠳᠠᠷᠠᠭᠠᠯᠠᠯ ᠢ ᠨᠡᠶᠢᠲᠡᠯᠡᠵᠤ᠂ ᠥᠪᠥᠷ ᠮᠣᠩᠭᠤᠯ ᠤᠨ ᠲᠠᠪᠤᠨ ᠬᠤᠰᠢᠭᠤ ︵ᠬᠤᠳᠠ︶ ᠰᠤᠩᠭᠤᠭᠳᠠᠪᠠ᠃ ᠲᠤᠰ ᠲᠤᠰ ᠣᠷᠳᠣᠰ ᠤᠨ ᠵᠡᠭᠦᠨᠭᠠᠷ ᠬᠤᠰᠢᠭᠤ 15 ᠳ᠋ᠤᠭᠠᠷ ᠲᠤ ᠣᠷᠣᠵᠤ᠂ ᠡᠵᠡᠨ ᠬᠤᠷᠤᠭ᠎ᠠ ᠬᠤᠰᠢᠭᠤ 23 ᠳ᠋ᠤᠭᠠᠷ ᠲᠤ ᠣᠷᠣᠵᠤ᠂ ᠦᠦᠰᠢᠨ ᠬᠤᠰᠢᠭᠤ 44 ᠳ᠋ᠤᠭᠡᠷ ᠲᠤ ᠤᠷᠤᠵᠤ᠂ ᠠᠯᠠᠱᠠ ᠵᠡᠭᠦᠨ ᠬᠤᠰᠢᠭᠤ 45 ᠳ᠋ᠤᠭᠠᠷ ᠲᠤ ᠤᠷᠤᠵᠤ᠂ ᠰᠢᠯᠢ ᠶᠢᠨ ᠬᠤᠲᠠ 84 ᠳ᠋ᠤᠭᠡᠷ ᠲᠤ ᠤᠷᠤᠪᠠ᠃      ᠰᠢᠶᠠᠨ ᠤ ᠬᠡᠪᠴᠢᠶᠡᠨ ᠤ ᠠᠵᠤ ᠠᠬᠤᠶ ᠶᠢᠨ 100 ᠬᠦᠴᠦᠷᠬᠡᠭ ᠤᠨ ᠨᠡᠷᠡᠰ ᠠᠴᠠ ᠦᠵᠡᠪᠡᠯ᠂ ᠮᠠᠨ ᠤ ᠤᠯᠤᠰ ᠤᠨ ᠡᠯ᠎ᠡ ᠣᠷᠣᠨ ᠪᠦᠰᠡ ᠶᠢᠨ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠨᠢ ᠲᠦᠢᠯ ᠤᠨ ᠲᠡᠩᠴᠡᠭᠦᠷᠢ ᠦᠭᠡᠢ ᠪᠠᠶᠢᠨ᠎ᠠ᠃ ᠵᠠᠭᠤᠨ ᠬᠦᠴᠦᠷᠬᠡᠭ ᠰᠢᠶᠠᠨ ᠤ ᠬᠡᠪᠴᠢᠶᠡᠨ ᠤ ᠲᠠᠷᠬᠠᠯᠲᠠ ᠠᠴᠠ ᠦᠵᠡᠪᠡᠯ᠂ ᠵᠡᠭᠦᠨ ᠪᠡᠶ᠎ᠡ ᠶᠢᠨ ᠭᠠᠵᠠᠷ ᠣᠷᠣᠨ 74᠎ ᠶᠢ ᠡᠵᠡᠯᠡᠵᠦ᠂ ᠳᠤᠮᠳᠠ ᠪᠡᠶ᠎ᠡ ᠶᠢᠨ ᠭᠠᠵᠠᠷ ᠣᠷᠣᠨ᠂ ᠪᠠᠷᠠᠭᠤᠨ ᠪᠡᠶ᠎ᠡ ᠶᠢᠨ ᠭᠠᠵᠠᠷ ᠣᠷᠣᠨ ᠪᠦᠷ 12᠎ ᠢ ᠡᠵᠡᠯᠡᠵᠦ᠂ ᠵᠡᠭᠦᠨ ᠬᠤᠶᠢᠲᠤ ᠪᠡᠶ᠎ᠡ ᠶᠢᠨ ᠭᠠᠵᠠᠷ ᠣᠷᠣᠨ 2᠎ ᠢ ᠡᠵᠡᠯᠡᠪᠡ᠃      ᠤᠢᠢᠷ᠎ᠠ ᠶᠢᠨ ᠵᠢᠯ ᠤᠳ ᠲᠤ᠂ ᠮᠠᠨ ᠤ ᠤᠯᠤᠰ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠢᠳᠡᠪᠬᠢᠲᠡᠶ ᠲᠦᠯᠬᠢᠨ ᠠᠬᠢᠭᠤᠯᠵᠤ᠂ ᠳᠤᠮᠳᠠ ᠪᠡᠶ᠎ᠡ ᠶᠢᠨ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠨᠢᠭᠡ ᠡᠭᠡᠯᠵᠢ ᠶᠢᠨ ᠪᠠᠷᠠᠭᠤᠨ ᠪᠡᠶ᠎ᠡ ᠶᠢᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠠᠩᠬ᠎ᠠ ᠠᠯᠬᠤᠮ ᠦᠷ᠎ᠡ ᠪᠦᠲᠦᠮᠵᠢ ᠤᠯᠪᠠ᠃ ᠳᠤᠮᠳᠠ᠂ ᠪᠠᠷᠠᠭᠤᠨ ᠪᠡᠶ᠎ᠡ ᠶᠢᠨ ᠭᠠᠵᠠᠷ ᠣᠷᠣᠨ ᠨᠢ ᠵᠠᠭᠤᠨ ᠬᠦᠴᠦᠷᠬᠡᠭ ᠰᠢᠶᠠᠨ ᠤ ᠬᠡᠪᠴᠢᠶᠡᠨ ᠤ 24᠎ ᠶᠢ ᠡᠵᠡᠯᠡᠵᠤ᠂ ᠵᠠᠭᠤᠨ ᠬᠦᠴᠦᠷᠬᠡᠭ ᠤᠨ ᠲᠦᠷᠪᠡᠨ ᠤ ᠨᠢᠭᠡ ᠤᠷᠴᠢᠮ ᠢ ᠡᠵᠡᠯᠡᠪᠡ᠃ ᠠᠵᠤ ᠦᠢᠯᠡᠰ ᠤᠨ ᠣᠨᠴᠠᠯᠢᠭ ᠠᠴᠠ ᠦᠵᠡᠪᠡᠯ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠬᠦ ᠶᠢ ᠲᠦᠯᠬᠢᠨ ᠠᠬᠢᠭᠤᠯᠬᠤ ᠪᠤᠯ ᠰᠢᠨ᠎ᠡ ᠬᠡᠪ ᠪᠠᠶᠢᠳᠠᠯ ᠳᠤᠤᠷ᠎ᠠ ᠰᠢᠶᠠᠨ ᠤ ᠬᠡᠪᠴᠢᠶᠡᠨ ᠤ ᠠᠵᠤ ᠠᠬᠤᠶ ᠶᠢ ᠬᠦᠭᠵᠢᠬᠦᠯᠬᠦ ᠴᠢᠬᠤᠯᠠ ᠠᠵᠢᠯ ᠪᠠ ᠭᠤᠣᠯ ᠡᠭᠦᠷᠭᠡ ᠪᠤᠯᠤᠨ᠎ᠠ᠃ ᠵᠠᠭᠤᠨ ᠬᠦᠴᠦᠷᠬᠡᠭ ᠤᠨ ᠲᠦᠷᠦᠭᠦᠦ ᠠᠷᠪᠠᠨ ᠰᠢᠶᠠᠨ ᠤ ᠬᠡᠪᠴᠢᠶᠡᠨ ᠤ ᠭᠤᠣᠯᠯᠠᠬᠤ ᠠᠵᠤ ᠦᠢᠯᠡᠰ ᠠᠴᠠ ᠦᠵᠡᠪᠡᠯ᠂ ᠡᠯ᠎ᠡ ᠰᠢᠶᠠᠨ ᠤ ᠬᠡᠪᠴᠢᠶ᠎ᠡ ᠨᠢ ᠰᠢᠨ᠎ᠡ ᠨᠢᠬᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠳᠡᠭᠡᠳᠦ ᠲᠡᠰ ᠤᠨ ᠲᠤᠨᠤᠭ ᠲᠦᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠨ ᠣᠷᠴᠢᠨ ᠲᠤᠭᠤᠷᠢᠨ ᠢ ᠬᠠᠮᠠᠭᠠᠯᠠᠬᠤ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠨᠡᠬᠡᠮᠡᠯ᠂ ᠱᠠᠬᠠᠶ ᠬᠢᠬᠦ᠂ ᠬᠦᠡᠭᠭᠡᠨ ᠠᠵᠤ ᠦᠢᠯᠡᠳᠪᠦᠷᠢ ᠶᠢᠨ ᠪᠡᠯᠡᠨ ᠪᠦᠲᠦᠭᠡᠭᠳᠡᠭᠦᠨ ᠵᠡᠷᠭᠡ ᠨᠢᠭᠡᠨᠲᠡ ᠪᠠᠶᠢᠭ᠎ᠠ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦᠯᠬᠦ ᠶᠢ ᠲᠦᠷᠭᠡᠳᠭᠡᠨ ᠠᠬᠢᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号