ᠥᠪᠥᠷ ᠮᠣᠩᠭᠤᠯ ᠤᠨ ᠬᠥᠯ ᠪᠥᠮᠪᠥᠭᠡᠨ ᠤ ᠬᠡᠳᠦ ᠳᠡᠰ ᠤᠨ ᠬᠤᠯᠪᠤᠭᠠᠲᠤ ᠤᠷᠤᠯᠳᠤᠭᠠᠨ ᠲᠦᠩᠯᠢᠶᠣᠤ ᠬᠤᠲᠠ ᠳᠤ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2016/8/10
     8 ᠳ᠋ᠤᠭᠠᠷ ᠰᠠᠷ᠎ᠠ ᠶᠢᠨ 8᠎ ᠤ ᠡᠳᠦᠷ ᠤᠨ ᠣᠷᠣᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰᠯᠡᠬᠦ ᠠᠵᠢᠯ ᠮᠡᠷᠭᠡᠵᠢᠯ ᠤᠨ ᠬᠤᠯᠪᠤᠭᠠᠲᠤ ᠤᠷᠤᠯᠳᠤᠭᠠᠨ ᠤ ᠬᠠᠮᠤᠭ ᠥᠨᠳᠥᠷ ᠬᠢᠷᠢ ᠲᠦᠪᠰᠢᠨ ᠤ ᠤᠷᠤᠯᠳᠤᠭᠠᠨ ᠢ ᠲᠦᠯᠦᠭᠡᠯᠡᠭᠰᠡᠨ — — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠲᠡᠶ ᠶᠢᠨ ᠬᠥᠯ ᠪᠥᠮᠪᠥᠭᠡᠨ ᠤ ᠬᠡᠳᠦ ᠳᠡᠰ ᠤᠨ ᠬᠤᠯᠪᠤᠭᠠᠲᠤ ᠤᠷᠤᠯᠳᠤᠭᠠᠨ ᠡᠬᠢᠯᠡᠬᠦ ᠶᠣᠰᠣᠯᠠᠯ ᠲᠦᠩᠯᠢᠶᠣᠤ ᠬᠤᠲᠠ ᠶᠢᠨ ᠣᠯᠢᠮᠫᠢᠺ ᠤᠨ ᠴᠤᠭᠯᠠᠭᠠᠨ ᠤ ᠲᠥᠪ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ᠂ ᠥᠪᠥᠷ ᠮᠣᠩᠭᠤᠯ ᠤᠨ ᠬᠥᠯ ᠪᠥᠮᠪᠥᠭᠡᠨ ᠤ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠭᠦᠢᠴᠡᠳᠬᠡᠬᠦ ᠨᠠᠷᠢᠨ ᠪᠢᠴᠢᠭ ᠤᠨ ᠳᠠᠷᠤᠭ᠎ᠠ ᠡᠦ ᠭᠠᠩ᠂ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠦᠩᠯᠢᠶᠣᠤ ᠬᠤᠲᠠ ᠶᠢᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠲᠦᠩᠯᠢᠶᠣᠤ ᠬᠤᠲᠠ ᠶᠢᠨ ᠬᠥᠯ ᠪᠥᠮᠪᠥᠭᠡᠨ ᠤ ᠨᠡᠶᠢᠭᠡᠮᠯᠢᠭ ᠤᠨ ᠲᠡᠷᠢᠭᠦᠯᠡᠭᠴᠢ ᠢᠦᠢ ᠹᠧᠩ᠂ ᠥᠪᠡᠷᠲᠡᠭᠡᠨ ᠵᠠᠰᠠᠬᠤ ᠣᠷᠣᠨ ᠤ ᠬᠥᠯ ᠪᠥᠮᠪᠥᠭᠡᠨ ᠤ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ ᠪᠧᠢ ᠭᠤᠸᠠᠩ᠂ ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ᠂ ᠲᠦᠩᠯᠢᠶᠣᠤ ᠬᠤᠲᠠ ᠶᠢᠨ ᠬᠥᠯ ᠪᠥᠮᠪᠥᠭᠡᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠰᠦᠨ ᠵᠦᠩ ᠯᠢ᠂ ᠲᠦᠩᠯᠢᠶᠣᠤ ᠬᠤᠲᠠ ᠶᠢᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠡᠦ ᠭᠠᠩ  ᠂ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠢ ᠹᠧᠩ ᠤᠷᠤᠯᠳᠤᠭᠠᠨ ᠢ ᠡᠬᠢᠯᠡᠭᠦᠯᠪᠡ᠃      ᠲᠤᠰ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠭᠤᠣᠯᠯᠠᠨ ᠡᠷᠭᠢᠯᠡᠵᠦ᠂ ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠨᠡᠶᠢᠭᠡᠮᠯᠢᠭ ᠳᠠᠭᠠᠭᠠᠴᠢᠯᠠᠨ ᠡᠷᠬᠢᠯᠡᠪᠡ᠃ ᠤᠷᠤᠯᠳᠤᠭᠠᠨ ᠳᠤ ᠤᠷᠤᠯᠴᠠᠭᠰᠠᠨ 8  ᠺᠯᠦ᠋ᠪ ᠨᠢ 2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠲᠡᠶ ᠶᠢᠨ ᠬᠦᠯ ᠪᠥᠮᠪᠦᠭᠡ ᠶᠢᠨ ᠬᠥᠬᠡᠭᠴᠢᠨ ᠳᠠᠰ ᠤᠨ ᠬᠤᠯᠪᠤᠭᠠᠲᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠳᠡᠭᠡᠳᠦ ᠨᠠᠢᠮᠠ ᠳᠤ ᠤᠷᠤᠭᠰᠠᠳ ᠢᠶᠠᠷ ᠪᠦᠷᠢᠯᠳᠦᠪᠡ᠂ ᠲᠤᠬᠠᠶᠢᠯᠠᠪᠠᠯ ᠬᠥᠬᠡᠬᠤᠲᠠ ᠶᠢᠨ ᠬᠤᠸᠠ ᠶᠢᠩ ᠬᠥᠯ ᠪᠥᠮᠪᠥᠭᠡᠨ ᠤ ᠺᠯᠦ᠋ᠪ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠬᠥᠯ ᠪᠥᠮᠪᠥᠭᠡᠨ ᠤ ᠺᠯᠦ᠋ᠪ᠂ ᠣᠷᠳᠣᠰ ᠬᠤᠲᠠ ᠶᠢᠨ ᠾᠧᠩ ᠢ ᠬᠥᠯ ᠪᠥᠮᠪᠥᠭᠡᠨ ᠤ ᠺᠯᠦ᠋ᠪ᠂ ᠤᠷᠠᠳ ᠤᠨ ᠳᠤᠮᠳᠠᠳᠤ ᠬᠤᠰᠢᠭᠤᠨ ᠤ ᠬᠠᠰᠠᠷ ᠬᠥᠯ ᠪᠥᠮᠪᠥᠭᠡᠨ ᠤ ᠺᠯᠦ᠋ᠪ᠂ ᠤᠯᠠᠭᠠᠨᠬᠠᠳᠠ ᠶᠢᠨ ᠬᠤᠨᠭ᠍ᠱᠠᠨ ᠵᠢᠶᠦ᠋ᠨ ᠬᠥᠯ ᠪᠥᠮᠪᠥᠭᠡᠨ ᠤ ᠺᠯᠦ᠋ᠪ᠂ ᠲᠦᠩᠯᠢᠶᠣᠤ ᠬᠤᠲᠠ ᠶᠢᠨ ᠯᠠᠨ ᠣᠣ ᠬᠥᠯ ᠪᠥᠮᠪᠥᠭᠡᠨ ᠤ ᠺᠯᠦ᠋ᠪ᠂ ᠬᠥᠯᠥᠨ ᠪᠤᠶᠢᠷ ᠤᠨ ᠰᠢᠨᠡᠬᠡᠨ ᠬᠥᠯ ᠪᠥᠮᠪᠥᠭᠡᠨ ᠤ ᠺᠯᠦ᠋ᠪ ᠪᠠ ᠮᠠᠨᠵᠤᠤᠷ ᠤᠨ ᠱᠧᠨ ᠬᠤᠸᠠ ᠰᠢᠦᠸᠧ ᠯᠠᠩ ᠬᠥᠯ ᠪᠥᠮᠪᠥᠭᠡᠨ ᠤ ᠺᠯᠦ᠋ᠪ ᠵᠡᠷᠭᠡ ᠪᠠᠭᠲᠠᠨ᠎ᠠ᠃      8 ᠠᠩᠭᠢ ᠨᠢ 12 ᠡᠳᠦᠷ ᠤᠨ ᠬᠤᠷᠴᠠ ᠰᠢᠷᠦᠭᠦᠨ ᠲᠡᠮᠡᠴᠡᠭᠡᠨ ᠶᠠᠪᠤᠭᠤᠯᠵᠤ᠂ 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠲᠡᠶ ᠶᠢᠨ ᠬᠥᠯ ᠪᠥᠮᠪᠥᠭᠡᠨ ᠤ ᠬᠡᠳᠦ ᠳᠡᠰ ᠤᠨ ᠬᠤᠯᠪᠤᠭᠠᠲᠤ ᠤᠷᠤᠯᠳᠤᠭᠠᠨ ᠤ ᠮᠠᠩᠯᠠᠢ ᠶᠢ ᠪᠤᠯᠢᠶᠠᠯᠳᠤᠬᠤ ᠪᠤᠯᠤᠨ᠎ᠠ᠃ ᠤᠷᠤᠯᠳᠤᠭᠠᠨ ᠳᠤ ᠳᠠᠩ ᠡᠭᠡᠯᠵᠢᠲᠦ ᠳᠦᠷᠢᠮ ᠢ ᠬᠡᠷᠡᠭᠯᠡᠵᠦ ᠂ ᠰᠢᠢᠳᠪᠦᠷᠢᠲᠦ ᠤᠷᠤᠯᠳᠤᠭᠠᠨ ᠨᠢ 8 ᠳ᠋ᠤᠭᠠᠷ ᠰᠠᠷ᠎ᠠ ᠶᠢᠨ 18᠎ ᠤ ᠡᠳᠦᠷ ᠶᠠᠪᠤᠭᠳᠠᠨ᠎ᠠ᠃ ᠲᠤᠰ ᠤᠳᠠᠭᠠᠨ ᠤ  ᠦᠪᠦᠷ ᠮᠣᠩᠭᠤᠯ ᠤᠨ ᠬᠡᠳᠦ ᠳᠡᠰ ᠤᠨ ᠬᠤᠯᠪᠣᠭᠠᠲᠤ ᠤᠷᠤᠯᠳᠤᠭᠠᠨ ᠨᠢ ᠳᠡᠰ ᠪᠠᠭᠤᠷᠠᠭᠤᠯᠬᠤ ᠳᠦᠷᠢᠮ ᠢ ᠬᠡᠷᠡᠭᠵᠢᠭᠦᠯᠵᠦ᠂ ᠬᠤᠯᠪᠤᠭᠠᠲᠤ ᠤᠷᠤᠯᠳᠤᠭᠠᠨ ᠤ ᠬᠠᠮᠤᠭ ᠡᠴᠦᠰ ᠲᠤ ᠵᠢᠭᠰᠠᠭᠠᠭᠳᠠᠭᠰᠠᠨ ᠬᠤᠶᠠᠷ ᠺᠯᠦ᠋ᠪ ᠨᠢ ᠳᠠᠷᠠᠭ᠎ᠠ ᠵᠢᠯ ᠤᠨ ᠦᠪᠦᠷ ᠮᠣᠩᠭᠤᠯ ᠤᠨ ᠬᠦᠭᠡ ᠳᠡᠰ ᠤᠨ ᠬᠤᠯᠪᠤᠭᠠᠲᠤ ᠤᠷᠤᠯᠳᠤᠭᠠᠨ ᠳᠤ ᠤᠷᠤᠯᠴᠠᠬᠤ ᠪᠠᠷ ᠰᠢᠭᠰᠢᠭᠳᠡᠬᠦ ᠪᠤᠯᠤᠨ᠎ᠠ᠃ ᠦᠪᠦᠷ ᠮᠣᠩᠭᠤᠯ ᠤᠨ ᠬᠡᠳᠦ ᠳᠡᠰ ᠤᠨ ᠬᠤᠯᠪᠣᠭᠠᠲᠤ ᠤᠷᠤᠯᠳᠤᠭᠠᠨ ᠤ ᠮᠠᠩᠯᠠᠢ ᠺᠯᠦ᠋ᠪ ᠨᠢ ᠥᠪᠥᠷ ᠮᠣᠩᠭᠤᠯ ᠤᠨ ᠬᠥᠯ ᠪᠥᠮᠪᠥᠭᠡᠨ ᠤ ᠨᠡᠶᠢᠭᠡᠮᠯᠢᠭ ᠢ ᠲᠦᠯᠦᠭᠡᠯᠡᠨ ᠳᠤᠮᠳᠠᠳᠤ ᠤᠯᠤᠰ ᠤᠨ ᠬᠥᠯ ᠪᠥᠮᠪᠥᠭᠡᠨ ᠤ ᠨᠡᠶᠢᠭᠡᠮᠯᠢᠭ ᠤᠨ ᠡᠷᠬᠢᠯᠡᠬᠦ ᠪᠦᠬᠦ ᠤᠯᠤᠰ ᠤᠨ ᠠᠵᠢᠯ ᠤᠨ ᠴᠢᠯᠥᠭᠡᠨ ᠤ ᠬᠤᠯᠪᠤᠭᠠᠲᠤ ᠤᠷᠤᠯᠳᠤᠭᠠᠨ ᠤ ᠶᠡᠭᠡ ᠤᠷᠤᠯᠳᠤᠭᠠᠨ ᠳᠤ ᠤᠷᠤᠯᠴᠠᠬᠤ ᠲᠤᠬᠢᠶᠠᠯ ᠢ ᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号