2014 ᠣᠨ ᠳᠤ ︽ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢ ᠲᠦᠷᠭᠡᠳᠬᠡᠬᠦ ᠪᠠ | ᠥᠭᠡᠷᠡᠴᠢᠯᠡᠬᠦ ᠲᠤᠬᠠᠶ ᠰᠠᠨᠠᠯ︾ ᠢ ᠡᠬᠢᠯᠡᠵᠦ ᠬᠡᠷᠡᠭᠵᠢᠭᠦᠯᠦᠭᠰᠡᠨ ᠠᠴᠠ ᠣᠳᠣ ᠪᠣᠯᠲᠠᠯ᠎ᠠ᠂ ᠮᠠᠨ ᠤ ᠣᠷᠣᠨ 37 | ᠵᠦᠢᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠨᠢᠭᠡᠨᠲᠡ | ᠨᠡᠶᠢᠲᠡᠯᠡᠪᠡ᠃ | ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ | ᠨᠢᠭᠡᠳᠦᠯᠲᠡᠶ ᠲᠥᠯᠥᠪᠯᠡᠬᠦ ᠶᠢᠨ ᠲᠤᠰᠠᠳᠠ᠂ ᠮᠠᠨ ᠤ ᠣᠷᠣᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠪᠠᠷ ᠤᠳᠤᠷᠢᠳᠤᠭᠤᠯᠤᠭᠰᠠᠨ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠠᠮᠲᠤᠪᠠᠷ | ᠣᠷᠣᠯᠴᠠᠭᠰᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠺᠣᠮᠢᠰ ᠪᠠᠶᠢᠭᠤᠯᠵᠤ᠂ ᠡᠳᠦᠷ ᠳᠣᠳᠥᠮ ᠤᠨ | ᠵᠣᠬᠢᠴᠠᠭᠤᠯᠬᠤ ᠬᠡᠷᠡᠭ ᠵᠥᠪᠯᠡᠬᠦ ᠲᠣᠭᠲᠠᠴᠠ ᠶᠢ ᠪᠠᠶᠢᠭᠤᠯᠪᠠ᠃ ᠣᠳᠣᠬᠠᠨ ᠳᠤ᠂ ᠮᠠᠨ ᠤ ᠣᠷᠣᠨ ᠤ ᠲᠠᠷᠢᠶᠠᠨ | ᠭᠠᠵᠠᠷ ᠤᠨ ᠬᠤᠷᠢᠭ᠎ᠠ ᠱᠤᠭᠤᠮ ᠢ ᠵᠠᠭᠠᠭᠯᠠᠨ ᠲᠣᠭᠲᠠᠭᠠᠬᠤ ᠠᠵᠢᠯ ᠠᠶᠢᠮᠠᠭ ᠬᠤᠳᠠ ᠶᠢᠨ ᠱᠠᠲᠤᠨ ᠳᠤ ᠡᠮᠬᠢ | ᠵᠢᠷᠤᠮ ᠲᠠᠢ ᠪᠠᠷ ᠠᠬᠢᠵᠤ᠂ 9 ᠳ᠋ᠦᠩᠰᠢᠭᠤᠷ ᠮᠦ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠬᠤ᠂ ᠤᠢ ᠰᠢᠭᠤᠶ ᠶᠢᠨ | 4 ᠵᠤᠷᠪᠤᠰ ᠬᠤᠷᠢᠭ᠎ᠠ ᠱᠤᠭᠤᠮ ᠢ ᠵᠠᠭᠠᠭᠯᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠤᠰᠤᠨ ᠤ | ᠡᠬᠢ ᠪᠠᠶᠠᠯᠢᠭ ᠤᠨ ᠬᠠᠮᠢᠶᠠᠷᠤᠯᠲᠠ ᠶᠢᠨ 3 ᠬᠤᠷᠢᠭ᠎ᠠ ᠱᠤᠭᠤᠮ ᠢ ᠬᠢᠵᠠᠭᠠᠷᠯᠠᠬᠤ ᠭᠦᠢᠴᠡᠳᠬᠡᠬᠦ ᠲᠤᠭ᠎ᠠ ᠶᠢ ᠠᠶᠢᠮᠠᠭ | ᠬᠤᠳᠠ᠂ ᠬᠤᠰᠢᠭᠤ ᠰᠢᠶᠠᠨ ᠳᠤ ᠬᠦᠷᠲᠡᠯ᠎ᠡ ᠵᠠᠳᠠᠯᠤᠨ ᠰᠠᠯᠭᠠᠵᠤ᠂ ᠡᠬᠢ ᠪᠠᠶᠠᠯᠢᠭ ᠣᠷᠴᠢᠨ ᠲᠣᠭᠤᠷᠢᠨ ᠠᠮᠢ | ᠠᠬᠤᠶ ᠶᠢᠨ ᠬᠤᠷᠢᠭ᠎ᠠ ᠱᠤᠭᠤᠮ ᠤᠨ ᠵᠠᠭᠠᠭᠯᠠᠨ ᠲᠣᠭᠲᠠᠭᠠᠬᠤ ᠠᠵᠢᠯ ᠲᠣᠭᠲᠠᠭᠤᠨ ᠢᠶᠠᠷ ᠠᠬᠢᠵᠤ ᠪᠣᠢ᠃ ᠬᠥᠯᠥᠨ | ᠪᠤᠶᠢᠷ ᠬᠤᠳᠠ ᠪᠠ ᠳᠥᠷᠪᠡᠳ ᠬᠤᠰᠢᠭᠤ 2015 ᠣᠨ ᠳᠤ ᠵᠢᠱᠢᠶ᠎ᠡ ᠦᠵᠡᠭᠦᠯᠬᠦ ᠲᠤᠷᠰᠢᠯᠲᠠ ᠶᠢᠨ ᠣᠷᠣᠨ ᠳᠤ | ᠣᠷᠣᠵᠤ᠂ ᠣᠷᠣᠨ ᠵᠠᠶ ᠶᠢᠨ ᠪᠦᠲᠦᠴᠡ ᠶᠢᠨ ᠪᠠᠶᠢᠷᠢᠰᠢᠯ ᠢ ᠵᠠᠭᠠᠭᠯᠠᠨ ᠲᠣᠭᠲᠠᠭᠠᠬᠤ ᠶᠢ ᠨᠢᠭᠡᠨᠲᠡ ᠪᠡᠶᠡᠯᠡᠭᠦᠯᠵᠦ᠂ | ᠴᠢᠳᠠᠮᠵᠢᠳᠤ ᠣᠷᠣᠨ ᠤ ᠣᠷᠣᠨ ᠪᠠᠶᠢᠷᠢ ᠶᠢᠨ ᠲᠣᠭᠲᠠᠭᠠᠯᠲᠠ ᠳᠤ ᠨᠡᠶᠢᠴᠡᠭᠰᠡᠨ ᠠᠮᠢ ᠠᠬᠤᠶ ᠠᠵᠤ ᠠᠬᠤᠶ ᠶᠢᠨ | ᠬᠥᠭᠵᠢᠯᠲᠡ ᠶᠢᠨ ᠰᠡᠳᠬᠢᠴᠡ ᠶᠢ ᠲᠣᠭᠲᠠᠭᠠᠪᠠ᠃ | ᠮᠠᠨ ᠤ ᠣᠷᠣᠨ ᠪᠠᠰᠠ ᠤᠰᠤᠨ ᠤᠷᠤᠰᠬᠠᠯ᠂ ᠤᠢ ᠰᠢᠭᠤᠶ᠂ ᠨᠤᠲᠤᠭ ᠪᠡᠯᠴᠢᠭᠡᠷ᠂ ᠭᠤᠣᠯ ᠤᠨ ᠰᠠᠶᠢᠷᠭᠠᠯ | ᠵᠡᠷᠭᠡ ᠪᠠᠶᠢᠭᠠᠯᠢ ᠶᠢᠨ ᠠᠮᠢ ᠠᠬᠤᠶ ᠶᠢᠨ ᠣᠷᠣᠨ ᠵᠠᠶ ᠶᠢᠨ ᠪᠠᠶᠢᠴᠠᠭᠠᠯᠲᠠ ᠬᠢᠬᠦ ᠠᠵᠢᠯ ᠢ ᠡᠬᠢᠯᠡᠭᠦᠯᠵᠦ᠂ 3.26 | ᠳ᠋ᠦᠩᠰᠢᠭᠤᠷ ᠮᠥ ᠬᠠᠮᠲᠤ ᠶᠢᠨ ᠤᠢ ᠰᠢᠭᠤᠶ ᠶᠢᠨ ᠭᠠᠵᠠᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠬᠤ ᠶᠢ | ᠪᠡᠶᠡᠯᠡᠭᠦᠯᠪᠡ︔ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦ᠋ᠷᠦᠩᠭᠡ ᠶᠢᠨ ᠥᠷᠢ ᠲᠣᠭᠠᠴᠠᠭ᠎ᠠ ᠬᠢᠬᠦ ᠲᠤᠷᠰᠢᠯᠲᠠ ᠶᠢᠨ | ᠲᠥᠰᠦᠯ ᠢ ᠲᠣᠭᠲᠠᠭᠠᠭᠰᠠᠨ ᠪᠠ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ | ᠶᠢᠨ ᠶᠡᠷᠦᠩᠬᠡᠶ ᠲᠥᠰᠦᠯ ᠢ ᠨᠠᠶᠢᠷᠠᠭᠤᠯᠤᠨ ᠵᠣᠬᠢᠶᠠᠵᠤ᠂ 2018 ᠣᠨ ᠤ ᠲᠥᠯᠥᠪ ᠢᠶᠠᠷ ᠣᠷᠣᠨ ᠬᠤᠳᠠ ᠬᠤᠶᠠᠷ | ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠤᠨ | ᠵᠣᠬᠢᠶᠠᠵᠤ ᠳᠠᠭᠤᠰᠬᠠᠬᠤ ᠪᠠᠷ ᠵᠢᠱᠢᠵᠦ ᠪᠣᠢ︔ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ | ᠨᠡᠬᠡᠮᠵᠢᠯᠡᠬᠦ ᠲᠦᠷᠢᠮ ᠢ ᠬᠠᠶᠢᠨ ᠰᠦᠪᠡᠭᠴᠢᠯᠡᠵᠦ᠂ 7 ᠠᠶᠢᠮᠠᠭ ᠬᠤᠲᠠ᠂ ᠬᠤᠰᠢᠭᠤ ᠰᠢᠶᠠᠨ ᠳᠤ ᠤᠳᠤᠷᠢᠳᠬᠤ | ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠭ ᠤᠨ ᠬᠥᠷᠥᠩᠭᠡ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠤᠷᠰᠢᠯᠲᠠ | ᠬᠢᠵᠦ᠂ ᠬᠠᠮᠤᠭ ᠤᠨ ᠡᠴᠦᠰ ᠲᠤ ᠪᠦᠷᠢᠨ ᠪᠦᠷᠬᠦᠭᠦᠯᠬᠦ ᠪᠠᠷ ᠪᠠᠶᠢᠨ᠎ᠠ᠃ | ᠮᠠᠯᠵᠢᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠭᠰᠠᠨ ᠰᠠᠭᠤᠷᠢᠨ ᠳᠡᠭᠡᠷ᠎ᠡ᠂ | ᠮᠠᠨ ᠤ ᠣᠷᠣᠨ 26 ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠪᠣᠯᠤᠨ ᠨᠤᠲᠤᠭ ᠪᠡᠯᠴᠢᠭᠡᠷ ᠤᠨ ᠲᠡᠯᠡᠪᠡᠢ ᠪᠠᠷ | ᠨᠡᠯᠢᠶᠡᠳ ᠶᠡᠭᠡ ᠬᠤᠳᠠ ᠶᠢᠨ ᠲᠡᠭᠦᠷᠭᠡ ᠶᠢᠨ ᠦᠨᠳᠦᠰᠦᠨ ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠬᠤ ᠠᠵᠢᠯ ᠢ | ᠪᠡᠶᠡᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠬᠢᠨᠠᠨ ᠬᠡᠮᠵᠢᠵᠦ ᠦᠨᠡᠯᠡᠨ ᠵᠢᠱᠢᠬᠦ | ᠳᠦᠷᠢᠮ᠂ ᠮᠠᠯ ᠪᠡᠯᠴᠢᠭᠡᠷ ᠢ ᠲᠡᠩᠴᠡᠭᠦᠯᠬᠦ ᠳᠦᠷᠢᠮ ᠪᠠ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ | ᠠᠬᠤᠶ ᠶᠢ ᠬᠠᠮᠠᠭᠠᠯᠠᠬᠤ ᠱᠠᠩᠨᠠᠯ ᠨᠥᠬᠦᠪᠥᠷᠢ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠪᠠ᠃ ᠤᠯᠤᠰ ᠤᠨ | ᠥᠮᠴᠢᠯᠡᠯ ᠤᠨ ᠤᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢᠨ ᠲᠠᠯ᠎ᠠ ᠪᠠᠷ᠂ ᠪᠦᠬᠦ ᠣᠷᠣᠨ ᠳᠤ ᠨᠢᠭᠡᠨᠲᠡ | 63 ᠬᠤᠰᠢᠭᠤ ᠰᠢᠶᠠᠨ ᠬᠡᠷᠡᠭᠵᠢᠭᠦᠯᠬᠦ ᠲᠥᠰᠦᠯ ᠨᠠᠶᠢᠷᠠᠭᠤᠯᠤᠨ ᠵᠣᠬᠢᠶᠠᠵᠤ᠂ ᠬᠠᠮᠲᠤ ᠶᠢᠨ ᠤᠢ ᠮᠣᠳᠣᠨ ᠤ | ᠥᠮᠴᠢᠯᠡᠬᠦ ᠡᠷᠬᠡ ᠪᠠ ᠡᠷᠥᠭᠡ ᠳᠤ ᠳᠠᠭᠠᠭᠠᠴᠢᠯᠠᠭᠤᠯᠬᠤ ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠡᠭᠡᠨ | ᠪᠡᠶᠡᠯᠡᠭᠦᠯᠵᠦ᠂ 3.25 ᠳ᠋ᠦᠩᠰᠢᠭᠤᠷ ᠮᠦ ᠤᠢ ᠮᠣᠳᠣᠨ ᠳᠤ ᠥᠮᠴᠢᠯᠡᠬᠦ ᠡᠷᠬᠡ ᠶᠢᠨ ᠦᠨᠡᠮᠯᠡᠯ ᠣᠯᠭᠤᠪᠠ᠃ | ᠡᠭᠦᠨ ᠤ ᠬᠠᠮᠲᠤ᠂ ᠣᠷᠴᠢᠨ ᠲᠣᠭᠤᠷᠢᠨ ᠢ ᠵᠠᠰᠠᠬᠤ ᠪᠠ ᠠᠮᠢ ᠠᠬᠤᠶ ᠶᠢ ᠬᠠᠮᠠᠭᠠᠯᠠᠬᠤ ᠵᠠᠬ᠎ᠠ ᠳᠡᠯᠭᠡᠭᠦᠷ ᠤᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢ | ᠠᠷᠠᠯᠵᠢᠶᠠᠯᠠᠨ ᠰᠣᠯᠢᠯᠴᠠᠬᠤ᠂ ᠤᠰᠤᠨ ᠤ ᠡᠷᠬᠡ ᠶᠢ ᠠᠶᠢᠮᠠᠭ ᠬᠤᠳᠠ ᠠᠯᠤᠰᠯᠠᠨ ᠠᠷᠠᠯᠵᠢᠶᠠᠯᠠᠨ ᠰᠣᠯᠢᠯᠴᠠᠬᠤ | ᠲᠤᠷᠰᠢᠯᠲᠠ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠣᠷᠣᠨ ᠪᠦᠰᠡ ᠠᠯᠤᠰᠯᠠᠨ ᠠᠷᠠᠯᠵᠢᠶᠠᠯᠠᠨ | ᠰᠣᠯᠢᠯᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ 541 ᠠᠵᠤ ᠠᠬᠤᠶᠢᠯᠠᠯ ᠭᠤᠣᠯ | ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠨ ᠰᠣᠯᠢᠯᠴᠠᠵᠤ᠂ 26 ᠭᠤᠣᠯᠳᠠᠯᠭ᠎ᠠ ᠲᠠᠢ | ᠠᠵᠤ ᠠᠬᠤᠶᠢᠯᠠᠯ ᠢ ᠨᠢᠭᠡᠨᠲᠡ ᠪᠡᠭᠡᠵᠢᠩ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ | ᠠᠷᠠᠯᠵᠢᠶᠠᠯᠠᠨ ᠰᠣᠯᠢᠯᠴᠠᠬᠤ ᠰᠢᠰᠲ᠋ᠧᠮᠵᠢ ᠳᠤ ᠣᠷᠣᠭᠤᠯᠪᠠ᠃ ᠡᠭᠦᠨ ᠤ ᠬᠠᠮᠲᠤ᠂ ᠮᠠᠨ ᠤ ᠣᠷᠣᠨ ᠬᠤᠴᠣᠷᠤᠩᠭᠤᠶ | ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ ᠠᠵᠢᠯ ᠤᠨ ᠠᠯᠬᠤᠴᠠ ᠶᠢ ᠲᠦᠷᠭᠡᠳᠬᠡᠵᠦ᠂ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶ ᠲᠦᠯᠬᠢᠨ ᠠᠬᠢᠭᠤᠯᠪᠠ᠃ ᠪᠡᠭᠡᠵᠢᠩ᠂ ᠲᠢᠶᠠᠨᠵᠢᠨ᠂ ᠾᠧᠪᠸᠢ᠂ | ᠱᠠᠨ ᠰᠢ᠂ ᠱᠠᠨᠳᠦ᠋ᠩ ᠵᠡᠷᠭᠡ 5 ᠮᠤᠵᠢ ᠬᠤᠳᠠ ᠯᠤᠭ᠎ᠠ ᠣᠷᠣᠨ ᠪᠦᠰᠡ ᠠᠯᠤᠰᠯᠠᠭᠰᠠᠨ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ | 16 ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠬᠦᠨᠳᠦ | ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠮᠡᠳᠡᠭᠡᠯᠡᠬᠦ ᠲᠠᠪᠴᠠᠩ ᠨᠢᠭᠡᠨᠲᠡ ᠠᠵᠢᠯᠯᠠᠭᠠᠨ ᠳᠤ ᠣᠷᠣᠪᠠ᠃ 160 | ᠬᠤᠲᠠ ᠪᠠᠯᠭᠠᠰᠤ᠂ 335 ᠰᠢᠶᠠᠩ ᠪᠠᠯᠭᠠᠰᠤᠨ ᠤ ᠲᠥᠪᠯᠡᠷᠡᠭᠰᠡᠨ ᠮᠠᠶ᠋ᠢᠭ ᠤᠨ ᠤᠮᠳᠠ ᠣᠰᠣᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠠᠵᠢᠯ ᠢ ᠨᠢᠭᠡᠨᠲᠡ ᠪᠡᠶᠡᠯᠡᠭᠦᠯᠵᠦ᠂ ᠬᠦᠨᠳᠦ | ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠣᠭᠤᠷᠢᠭ ᠪᠣᠯᠤᠨ ᠡᠷᠬᠢᠨ ᠲᠣᠭᠤᠷᠢᠨ ᠤ ᠭᠠᠵᠠᠷ ᠣᠷᠣᠨ ᠤ ᠬᠥᠷᠥᠰᠥ | ᠰᠢᠷᠣᠶ ᠳᠤ ᠬᠦᠨᠳᠦ ᠲᠡᠮᠦᠷᠯᠢᠭ ᠤᠨ ᠪᠣᠬᠢᠷᠲᠤᠯ ᠪᠣᠳᠠᠰ ᠢ ᠬᠢᠨᠠᠨ ᠬᠡᠮᠵᠢᠵᠦ᠂ ᠥᠪᠥᠷ ᠮᠣᠩᠭᠤᠯ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠮᠥᠩᠭᠦ ᠪᠠᠶᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠠᠭᠤᠷᠢ ᠮᠥᠩᠭᠦ᠂ ᠲᠧᠭᠨᠢᠭ ᠮᠡᠷᠭᠡᠵᠢᠯ ᠤᠨ ᠦᠢᠯᠡᠴᠢᠯᠡᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ | ᠦᠢᠯᠡᠰ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠨ ᠰᠣᠯᠢᠯᠴᠠᠬᠤ 4 ᠲᠠᠪᠴᠠᠩ ᠢ | ᠪᠠᠶᠢᠭᠤᠯᠵᠤ᠂ ᠨᠡᠶᠢᠭᠡᠮ ᠤᠨ ᠬᠥᠷᠥᠩᠭᠡ ᠶᠢ ᠰᠢᠩᠭᠡᠭᠡᠵᠦ ᠪᠠᠶᠢᠭᠠᠳ ᠣᠷᠴᠢᠨ ᠲᠣᠭᠤᠷᠢᠨ ᠢ ᠵᠠᠰᠠᠬᠤ ᠣᠷᠣᠭᠤᠯᠤᠯᠲᠠ | ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠪᠦᠬᠦ ᠤᠯᠤᠰ ᠤᠨ ᠡᠮᠦᠨ᠎ᠡ ᠡᠩᠨᠡᠭᠡᠨ ᠳᠤ | ᠬᠤᠰᠢᠭᠤᠷᠠᠵᠤ ᠪᠠᠶᠢᠨ᠎ᠠ᠃ |