7 ᠳ᠋ᠤᠭᠠᠷ ᠰᠠᠷ᠎ᠠ ᠶᠢᠨ ᠰᠡᠭᠦᠯᠴᠢ ᠠᠴᠠ ᠨᠠᠰᠢ᠂ ᠥᠪᠥᠷ ᠮᠣᠩᠭᠤᠯ ᠳᠤ ᠶᠡᠭᠡ ᠬᠡᠪᠴᠢᠶᠡᠨ ᠤ ᠠᠭᠠᠬᠢᠮ᠎ᠠ | ᠬᠠᠯᠠᠭᠤᠨ ᠪᠤᠯᠵᠤ ᠪᠣᠷᠣᠭᠠᠨ ᠪᠠᠭᠠᠰᠴᠤ᠂ ᠬᠡᠰᠡᠭ ᠭᠠᠵᠠᠷ ᠤᠨ ᠬᠤᠷ᠎ᠠ ᠲᠣᠨᠣᠳᠠᠰᠤ ᠶᠢᠨ ᠬᠡᠮᠵᠢᠶ᠎ᠡ ᠨᠢ ᠲᠡᠦᠬᠡ ᠶᠢᠨ | ᠬᠠᠮᠤᠭ ᠤᠨ ᠪᠠᠭ᠎ᠠ ᠲᠦᠢᠯ ᠤᠨ ᠬᠡᠮᠵᠢᠭᠳᠡᠯ ᠳᠤ ᠣᠶᠢᠷᠠᠲᠤᠵᠤ᠂ ᠪᠦᠬᠦ ᠣᠷᠣᠨ ᠤ ᠭᠠᠩ ᠬᠠᠭᠰᠠᠷᠠᠭᠠᠨ ᠤ ᠪᠠᠶᠢᠳᠠᠯ | ᠦᠳᠲᠡᠷ ᠲᠦᠷᠭᠡᠨ ᠦᠷᠭᠡᠳᠴᠦ ᠪᠠᠶᠢᠨ᠎ᠠ᠃ 8 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ ᠪᠦᠬᠦ ᠤᠷᠤᠨ ᠳᠤ | ᠨᠡᠶᠢᠲᠡ 58 ᠥᠷᠲᠡᠭᠡᠨ ᠤ ᠡᠳᠦᠷ ᠤᠨ ᠬᠠᠮᠤᠭ ᠥᠨᠳᠥᠷ ᠬᠠᠯᠠᠭᠤᠨ ᠨᠢ 35 ᠼᠧᠯᠰ ᠭᠷᠠᠳᠦ᠋ᠰ ᠵᠢᠴᠢ ᠲᠡᠭᠦᠨ ᠠᠴᠠ | ᠳᠡᠭᠡᠭᠰᠢᠬᠢ ᠪᠤᠯᠪᠠ᠃ ᠮᠠᠯᠵᠢᠬᠤ ᠣᠷᠣᠨ ᠤ ᠭᠠᠩ ᠤᠨ ᠪᠠᠶᠢᠳᠠᠯ ᠢᠯᠡᠷᠡᠬᠡᠢ ᠬᠡᠴᠡᠭᠦᠳᠡᠵᠦ᠂ ᠣᠨᠴᠠ ᠭᠠᠩ ᠤᠨ | ᠲᠠᠯᠠᠪᠠᠢ ᠲᠠᠰᠤᠷᠠᠯᠳᠡ ᠦᠬᠡᠢ ᠦᠷᠭᠡᠵᠢᠵᠦ᠂ ᠨᠤᠲᠤᠭ ᠪᠡᠯᠴᠢᠭᠡᠷ ᠶᠡᠭᠡ ᠬᠡᠪᠴᠢᠶ᠎ᠡ ᠪᠠᠷ ᠬᠠᠳᠠᠭᠰᠠᠨ ᠪᠥᠭᠡᠳ | ᠴᠠᠷᠴᠠᠬᠠᠶ ᠶᠢᠨ ᠭᠠᠮᠰᠢᠭ ᠡᠭᠦᠰᠴᠦ᠂ ᠡᠪᠡᠰᠦ ᠬᠠᠳᠤᠯᠠᠩ ᠤᠨ ᠤᠨᠠᠯᠲᠠ ᠶᠢ ᠬᠦᠨᠳᠦ ᠨᠣᠴᠢᠲᠠᠶ ᠨᠥᠯᠥᠭᠡᠯᠡᠵᠦ᠂ ᠮᠠᠯ | ᠲᠠᠷᠭᠤ ᠠᠪᠬᠤ ᠳᠤ ᠠᠰᠢᠭ ᠦᠭᠡᠢ ᠪᠠᠶᠢᠬᠤ ᠪᠦᠭᠡᠳ ᠠᠭᠠᠬᠢᠮ᠎ᠠ ᠬᠠᠯᠠᠭᠤᠨ ᠳᠤ ᠮᠠᠯ ᠤᠨ ᠤᠮᠳᠠ ᠤᠰᠤ | ᠳᠤᠲᠠᠭᠳᠠᠭᠰᠠᠨ ᠪᠠ ᠬᠦᠷᠦᠯᠴᠡᠬᠦ ᠦᠭᠡᠢ ᠪᠤᠯᠵᠤ᠂ ᠮᠠᠯ ᠤᠨ ᠨᠠᠷᠠᠰᠢᠬᠤ ᠦᠵᠡᠭᠳᠡᠯ ᠪᠠᠶᠢᠨ ᠪᠠᠶᠢᠨ ᠭᠠᠷᠴᠤ ᠪᠠᠶᠢᠨ᠎ᠠ᠃ | ᠠᠭᠠᠬᠢᠮ᠎ᠠ ᠬᠠᠯᠠᠭᠤᠨ ᠪᠤᠷᠤᠭᠠᠨ ᠪᠠᠭ᠎ᠠ ᠠᠭᠤᠷ ᠠᠮᠢᠰᠬᠤᠯ ᠤᠨ ᠦᠷᠬᠦᠯᠵᠢᠯᠡᠯ ᠠᠴᠠ ᠪᠣᠯᠵᠤ ᠪᠦᠬᠦ ᠣᠷᠣᠨ ᠤ ᠭᠠᠩ | ᠬᠠᠭᠰᠠᠷᠠᠭᠠᠨ ᠦᠷᠭᠦᠯᠵᠢᠯᠡᠨ ᠬᠦᠨᠳᠦᠷᠡᠵᠦ᠂ 8 ᠳ᠋ᠤᠭᠠᠷ ᠰᠠᠷ᠎ᠠ ᠶᠢᠨ 9 ᠤ ᠡᠳᠦᠷ ᠪᠤᠯᠬᠤ ᠳᠤ᠂ ᠬᠥᠯᠥᠨ ᠪᠤᠶᠢᠷ | ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ ᠬᠤᠶᠢᠲᠤ ᠬᠡᠰᠡᠭ᠂ ᠰᠢᠯᠢ ᠶᠢᠨ ᠭᠤᠣᠯ ᠠᠶᠢᠮᠠᠭ ᠤᠨ ᠳᠤᠮᠳᠠ | ᠵᠡᠭᠦᠨ ᠬᠡᠰᠡᠭ ᠳᠤᠮᠳᠠ ᠬᠡᠮᠵᠢᠶ᠎ᠡ ᠠᠴᠠ ᠳᠡᠭᠡᠭᠰᠢᠬᠢ ᠭᠠᠩ ᠬᠠᠭᠰᠠᠷᠠᠭᠠᠨ ᠪᠤᠯᠵᠤ᠂ ᠬᠥᠯᠥᠨ ᠪᠤᠶᠢᠷ ᠤᠨ ᠪᠠᠷᠠᠭᠤᠨ | ᠬᠡᠰᠡᠭ ᠤᠨ ᠮᠠᠯᠵᠢᠬᠤ ᠣᠷᠣᠨ ᠣᠨᠴᠠ ᠭᠠᠩᠳᠠᠪᠠ᠃ ᠬᠥᠯᠥᠨ ᠪᠤᠶᠢᠷ ᠬᠤᠳᠠ ᠶᠢᠨ ᠲᠤᠬᠠᠶ ᠶᠢᠨ ᠭᠠᠵᠠᠷ ᠤᠨ ᠴᠠᠭ | ᠠᠭᠤᠷ ᠤᠨ ᠰᠠᠯᠠᠭ᠎ᠠ ᠮᠥᠴᠢᠷ ᠤᠨ ᠬᠠᠮᠤᠭ ᠤᠨ ᠰᠢᠨ᠎ᠡ ᠠᠮᠢ ᠠᠬᠤᠶ ᠶᠢᠨ ᠬᠢᠨᠠᠨ ᠬᠡᠮᠵᠢᠭᠰᠡᠨ ᠦᠷ᠎ᠡ ᠳ᠋ᠦᠩ ᠠᠴᠠ | ᠦᠵᠡᠪᠡᠯ᠂ ᠬᠥᠯᠥᠨ ᠪᠤᠶᠢᠷ ᠤᠨ ᠮᠠᠰᠢ ᠤᠯᠠᠨ ᠭᠠᠵᠠᠷ ᠣᠷᠣᠨ ᠤ ᠡᠪᠡᠰᠦ ᠬᠠᠳᠤᠯᠠᠩ ᠤᠨ ᠤᠷᠭᠤᠴᠠ᠂ | ᠪᠦᠷᠬᠦᠴᠡ ᠶᠢᠨ ᠬᠡᠮᠵᠢᠶ᠎ᠡ ᠨᠢ ᠶᠡᠷᠦ ᠶᠢᠨ ᠵᠢᠯ ᠤᠨ ᠬᠠᠭᠠᠰ ᠲᠤᠨᠢ ᠬᠦᠷᠬᠦ ᠦᠭᠡᠢ ᠪᠠᠶᠢᠬᠤ ᠪᠦᠭᠡᠳ ᠭᠠᠵᠠᠷ ᠳᠤᠤᠷᠠᠬᠢ | ᠤᠰᠤᠨ ᠲᠦᠪᠰᠢᠨ 20 ᠰᠠᠨᠲ᠋ᠢᠮᠧᠲᠷ ᠳᠤᠷᠤᠭᠰᠢᠯᠠᠵᠤ᠂ ᠬᠠᠭᠤᠷᠠᠶ ᠬᠦᠷᠦᠰᠦᠨ ᠤ ᠭᠦᠨ ᠤ ᠬᠡᠮᠵᠢᠶ᠎ᠡ 30 | ᠰᠠᠨᠲ᠋ᠢᠮᠧᠲᠷ ᠬᠡᠲᠦᠷᠡᠭᠰᠡᠨ ᠪᠠᠶᠢᠨ᠎ᠠ᠃ | ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠤᠨ ᠪᠦᠷᠢᠳᠬᠡᠯ ᠢ ᠦᠨᠳᠦᠰᠦᠯᠡᠪᠡᠯ᠂ | ᠤᠯᠠᠭᠠᠨᠬᠠᠳᠠ᠂ ᠲᠦᠩᠯᠢᠶᠣᠤ᠂ ᠬᠥᠯᠥᠨ ᠪᠤᠶᠢᠷ ᠵᠡᠷᠭᠡ 7 ᠬᠤᠳᠠ ︵ᠠᠶᠢᠮᠠᠭ︶᠂ 42 ᠰᠢᠶᠠᠨ ︵ᠬᠤᠲᠠ᠂ | ᠲᠣᠭᠤᠷᠢᠭ᠂ ᠬᠤᠰᠢᠭᠤ︶ ᠤ 272.9 ᠲᠦᠮᠡᠨ ᠬᠥᠮᠦᠨ ᠭᠠᠮᠰᠢᠭᠳᠠᠵᠤ᠂ 81 ᠲᠦᠮᠡᠨ ᠬᠥᠮᠦᠨ ᠭᠠᠩ | ᠭᠠᠴᠢᠭ ᠠᠴᠠ ᠪᠤᠯᠵᠤ ᠠᠮᠢᠳᠤᠷᠠᠯ ᠤᠨ ᠲᠠᠯ᠎ᠠ ᠪᠠᠷ ᠠᠪᠤᠷᠠᠨ ᠲᠤᠰᠠᠯᠠᠬᠤ ᠴᠢᠬᠤᠯᠠᠲᠠᠶ ᠪᠤᠯᠵᠤ᠂ ᠡᠭᠦᠨ ᠳᠤ 36.1 | ᠲᠦᠮᠡᠨ ᠬᠥᠮᠦᠨ ᠭᠠᠩ ᠭᠠᠴᠢᠭ ᠤᠨ ᠬᠠᠷᠠᠭ᠎ᠠ ᠪᠠᠷ ᠤᠮᠳᠠ ᠤᠰᠤᠨ ᠤ ᠬᠦᠴᠢᠷᠳᠡᠯ ᠳᠤ ᠲᠤᠯᠭᠠᠷᠠᠵᠤ ᠠᠪᠤᠷᠠᠨ | ᠲᠤᠰᠠᠯᠠᠬᠤ ᠴᠢᠬᠤᠯᠠᠲᠠᠶ ᠪᠠᠶᠢᠨ᠎ᠠ︔ 1670.8 ᠮᠢᠩᠭᠠᠨ ᠾᠧᠺᠲ᠋ᠠᠷ ᠲᠠᠷᠢᠮᠠᠯ ᠭᠠᠮᠰᠢᠭᠳᠠᠵᠤ᠂ ᠡᠭᠦᠨ ᠳᠤ 236. | 2 ᠮᠢᠩᠭᠠᠨ ᠾᠧᠺᠲ᠋ᠠᠷ ᠲᠠᠷᠢᠮᠠᠯ ᠬᠤᠷᠢᠶᠠᠯᠲᠠ ᠠᠯᠳᠠᠪᠠ︔ 132.6 ᠲᠦᠮᠡᠨ ᠪᠤᠳᠠ ᠪᠤᠭ ᠮᠠᠯ ᠤᠮᠳᠠ ᠤᠰᠤᠨ ᠤ | ᠬᠦᠴᠢᠷᠳᠡᠯ ᠳᠤ ᠲᠤᠯᠭᠠᠷᠠᠪᠠ︔ ᠠᠵᠤ ᠠᠬᠤᠢ ᠶᠢᠨ ᠰᠢᠭᠤᠳ ᠬᠤᠬᠢᠷᠠᠯ 49.9 ᠳ᠋ᠦᠩᠰᠢᠭᠤᠷ ᠲᠥᠭᠦᠷᠢᠭ ᠬᠦᠷᠪᠡ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠬᠡᠰᠡᠭ ᠭᠠᠵᠠᠷ ᠣᠷᠣᠨ ᠭᠠᠩ ᠭᠠᠮᠰᠢᠭ ᠲᠤ ᠳᠠᠭᠠᠷᠢᠭᠳᠠᠵᠤ᠂ | ᠭᠠᠮᠰᠢᠭ ᠤᠨ ᠪᠠᠶᠢᠳᠠᠯ ᠤᠨ ᠨᠦᠯᠦᠭᠡᠯᠡᠬᠦ ᠬᠡᠪᠴᠢᠶ᠎ᠡ ᠨᠢ ᠶᠡᠭᠡ᠂ ᠭᠠᠮᠰᠢᠭᠳᠠᠭᠰᠠᠨ ᠬᠥᠮᠦᠨ ᠠᠮᠠ ᠤᠯᠠᠨ᠂ | ᠦᠷᠭᠦᠯᠵᠢᠯᠡᠬᠦ ᠴᠠᠭ ᠨᠢ ᠤᠷᠲᠤ ᠪᠠᠶᠢᠵᠤ᠂ ᠭᠠᠮᠰᠢᠭᠳᠠᠭᠰᠠᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ | ᠬᠦᠨᠳᠦ ᠨᠣᠴᠢᠲᠠᠶ ᠨᠥᠯᠥᠭᠡ ᠦᠵᠡᠭᠦᠯᠵᠦ ᠪᠠᠶᠢᠭ᠎ᠠ ᠶᠠᠪᠤᠳᠠᠯ ᠳᠤ ᠴᠢᠭᠯᠡᠭᠦᠯᠦᠨ ᠥᠪᠥᠷ ᠮᠣᠩᠭᠤᠯ ᠤᠨ ᠪᠠᠶᠢᠭᠠᠯᠢ ᠶᠢᠨ | ᠭᠠᠮᠰᠢᠭ ᠢ ᠰᠡᠷᠭᠡᠶᠢᠯᠡᠨ ᠪᠠᠭᠠᠰᠬᠠᠬᠤ ᠵᠥᠪᠯᠡᠯ᠂ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ | ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠳᠡᠰ ᠤᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ | ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠦᠭᠰᠡᠨ ᠤ ᠬᠠᠮᠲᠤ ᠪᠠᠶᠢᠭᠠᠯᠢ ᠶᠢᠨ ᠭᠠᠮᠰᠢᠭ ᠠᠴᠠ ᠪᠤᠯᠤᠭᠰᠠ ᠠᠮᠢᠳᠤᠷᠠᠯ ᠤᠨ | ᠨᠥᠬᠦᠪᠥᠷᠢ ᠪᠡᠯᠡ ᠮᠥᠩᠭᠦ 3000 ᠲᠦᠮᠡᠨ ᠲᠥᠭᠦᠷᠢᠭ ᠪᠠᠴᠢᠮ ᠪᠠᠭᠤᠯᠭᠠᠨ᠂ ᠭᠤᠣᠯᠳᠠᠭᠤ ᠭᠠᠩ ᠭᠠᠮᠰᠢᠭ ᠲᠤ | ᠳᠠᠭᠠᠷᠢᠭᠳᠠᠭᠰᠠᠨ ᠭᠠᠵᠠᠷ ᠣᠷᠣᠨ ᠤ ᠣᠯᠠᠨ ᠲᠦᠮᠡᠨ ᠤ ᠦᠨᠳᠦᠰᠦᠨ ᠠᠮᠢᠳᠤᠷᠠᠯ ᠳᠤ ᠬᠡᠷᠡᠭᠯᠡᠪᠡ᠃ |