2016 ᠣᠨ ᠳᠤ᠂ ᠠᠯᠠᠱᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠮᠥᠩᠭᠦᠨ | ᠭᠦᠢᠯᠭᠡᠭᠡᠨ ᠤ ᠠᠯᠪᠠᠨ ᠭᠡᠷ ᠨᠢ ᠤᠯᠤᠰ ᠤᠨ ᠨᠡᠭᠡᠭᠡᠯᠲᠡ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ | ᠬᠤᠪᠢᠶᠠᠷᠢ ᠪᠠᠩᠬᠢ ᠯᠤᠭ᠎ᠠ ᠢᠳᠡᠪᠬᠢᠲᠡᠢ ᠬᠤᠯᠪᠣᠭ᠎ᠠ ᠠᠪᠴᠤ᠂ ᠠᠯᠠᠱᠠ ᠠᠶᠢᠮᠠᠭ ᠤᠨ ᠱᠧᠩ ᠱᠦᠢ ᠣᠰᠣᠨ ᠤ | ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠤᠯᠤᠰ ᠤᠨ ᠨᠡᠭᠡᠭᠡᠵᠦ ᠬᠥᠭᠵᠢᠭᠦᠯᠬᠦ ᠰᠠᠭᠤᠷᠢ ᠮᠥᠩᠭᠦ ᠶᠢ | 1700 ᠲᠦᠮᠡᠨ ᠲᠥᠭᠦᠷᠢᠭ ᠣᠯᠵᠤ ᠥᠭᠪᠡ᠂ ᠣᠳᠣᠬᠠᠨ ᠳᠤ ᠪᠡᠯᠡ ᠮᠥᠩᠭᠦ ᠨᠢ ᠨᠢᠭᠡᠨᠲᠡ ᠪᠦᠷᠢᠮᠦᠰᠦᠨ ᠤᠷᠤᠨ | ᠪᠠᠶᠢᠷᠢ ᠳᠠᠭᠠᠨ ᠣᠷᠣᠵᠤ᠂ ᠪᠦᠭᠦᠳᠡ ᠶᠢ ᠨᠡᠭᠡᠭᠡᠯᠲᠡ ᠶᠢᠨ ᠲᠤᠭᠤᠷᠢᠭ ᠤᠨ ᠤᠰᠤ ᠬᠠᠩᠭᠠᠬᠤ ᠬᠤᠭᠤᠯᠠᠢ ᠶᠢᠨ ᠲᠤᠤᠷ | ᠵᠢᠴᠢ ᠲᠤᠨᠤᠮᠠᠯ ᠨᠠᠭᠤᠷ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠪᠠᠶᠢᠨ᠎ᠠ᠃ ᠥᠪᠥᠷ | ᠮᠣᠩᠭᠤᠯ ᠤᠨ ᠴᠧᠨ ᠬᠤᠩ ᠯᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠤᠯᠤᠰ ᠤᠨ | ᠨᠡᠭᠡᠭᠡᠵᠦ ᠬᠥᠭᠵᠢᠭᠦᠯᠬᠦ ᠰᠠᠭᠤᠷᠢ ᠮᠥᠩᠭᠦᠨ ᠤ 1.365 ᠳ᠋ᠦᠩᠰᠢᠭᠤᠷ ᠲᠥᠭᠦᠷᠢᠭ ᠤᠨ ᠳᠡᠮᠵᠢᠯᠭᠡ ᠶᠢ ᠣᠯᠵᠤ | ᠥᠭᠴᠦ᠂ ᠪᠡᠯᠡ ᠮᠥᠩᠭᠦ ᠶᠢ ᠺᠣᠮᠫᠠᠨᠢ ᠶᠢᠨ ᠵᠢᠯ ᠳᠤ 10 ᠲᠦᠮᠡᠨ ᠲᠣᠨ CPVC ᠦᠢᠯᠡᠳᠪᠦᠷᠢᠯᠡᠬᠦ ᠵᠢᠴᠢ ᠢᠵᠢ | ᠪᠦᠷᠢᠳᠦᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠷ ᠭᠤᠷᠪᠠᠨ ᠬᠤᠭᠤᠴᠠᠭ᠎ᠠ ᠬᠤᠪᠢᠶᠠᠨ | ᠠᠵᠤ ᠠᠬᠤᠶᠢᠯᠠᠯ ᠳᠤ ᠥᠭᠬᠦ ᠪᠠᠷ ᠪᠠᠶᠢᠨ᠎ᠠ᠃ ᠤᠯᠤᠰ ᠤᠨ ᠨᠡᠭᠡᠭᠡᠵᠦ ᠬᠥᠭᠵᠢᠭᠦᠯᠬᠦ ᠰᠠᠭᠤᠷᠢ ᠮᠥᠩᠭᠦ ᠶᠢ ᠪᠣᠯ | ᠭᠤᠣᠯᠳᠠᠭᠤ ᠲᠤᠰᠬᠠᠢ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠠᠷᠭ᠎ᠠ ᠬᠡᠯᠪᠡᠷᠢ ᠠᠪᠴᠤ᠂ | ᠲᠥᠷᠥᠯ ᠵᠦᠢᠯ ᠤᠨ ᠬᠥᠷᠥᠩᠭᠡ ᠮᠥᠩᠭᠦ ᠶᠢᠨ ᠣᠷᠣᠭᠤᠯᠤᠯᠲᠠ᠂ ᠰᠲ᠋ᠣᠺ ᠤᠨ ᠪᠡᠯᠡ ᠤᠷᠤᠭᠤᠯᠤᠯᠲᠠ ᠪᠣᠯᠣᠨ ᠣᠷᠣᠨ | ᠨᠤᠲᠤᠭ ᠤᠨ ᠪᠡᠯᠡ ᠣᠷᠣᠭᠤᠯᠬᠤ ᠪᠡᠯᠡ ᠲᠣᠬᠢᠷᠠᠭᠤᠯᠬᠤ ᠳᠤ ᠣᠷᠣᠯᠴᠠᠬᠤ ᠰᠠᠭᠤᠷᠢ ᠮᠥᠩᠭᠦ ᠳᠤ ᠬᠡᠷᠡᠭᠯᠡᠳᠡᠭ᠃ ᠡᠨᠡ | ᠤᠳᠠᠭ᠎ᠠ ᠨᠡᠭᠡᠭᠡᠯᠲᠡ ᠶᠢᠨ ᠲᠣᠭᠤᠷᠢᠭ ᠤᠨ ᠬᠤᠶᠠᠷ ᠠᠵᠤ ᠠᠬᠤᠶᠢᠯᠠᠯ ᠨᠢ ᠤᠯᠤᠰ ᠤᠨ ᠨᠡᠭᠡᠭᠡᠵᠦ ᠬᠥᠭᠵᠢᠭᠦᠯᠬᠦ | ᠰᠠᠭᠤᠷᠢ ᠮᠥᠩᠭᠦ ᠶᠢᠨ ᠳᠣᠣᠷ᠎ᠠ ᠬᠦᠦ ᠮᠥᠩᠭᠦ ᠲᠠᠢ ᠪᠡᠯᠡ ᠮᠥᠩᠭᠦ ᠶᠢᠨ ᠳᠡᠮᠵᠢᠯᠭᠡ ᠶᠢ ᠣᠯᠣᠭᠰᠠᠨ ᠶᠠᠪᠤᠳᠠᠯ ᠨᠢ | ᠠᠯᠠᠱᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠨᠢ ᠠᠵᠤ ᠠᠬᠤᠶᠢᠯᠠᠯ ᠤᠨ ᠪᠡᠯᠡ ᠮᠥᠩᠭᠦ ᠶᠢᠨ | ᠥᠪᠡᠷ ᠤᠨ ᠥᠷᠲᠡᠭ ᠢᠶᠠᠨ ᠪᠠᠭᠤᠷᠠᠭᠤᠯᠵᠤ᠂ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠠᠵᠤ | ᠠᠬᠤᠶᠢᠯᠠᠯ ᠤᠨ ᠪᠦᠬᠦᠶᠢᠯᠡ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠠᠰᠠ ᠨᠢᠭᠡᠨ ᠡᠷᠴᠢᠮᠲᠡᠢ ᠠᠷᠭ᠎ᠠ | ᠬᠡᠮᠵᠢᠶ᠎ᠡ ᠮᠥᠨ᠂ ᠨᠡᠭᠡᠭᠡᠯᠲᠡ ᠶᠢᠨ ᠲᠣᠭᠤᠷᠢᠭ ᠤᠨ ᠮᠢᠩᠭᠠᠨ ᠳ᠋ᠦᠩᠰᠢᠭᠤᠷ ᠲᠥᠭᠦᠷᠢᠭ ᠤᠨ ᠬᠦᠷᠢᠶᠡᠯᠡᠭ | ᠲᠣᠭᠤᠷᠢᠭ ᠢ ᠪᠦᠲᠦᠭᠡᠨ ᠪᠠᠶᠢᠭᠤᠯᠬᠤ ᠳᠤ ᠬᠥᠳᠡᠯᠭᠡᠭᠴᠢ ᠬᠦᠴᠦᠨ ᠢ ᠨᠡᠮᠡᠭᠳᠡᠭᠦᠯᠬᠦ ᠪᠣᠯᠣᠨ᠎ᠠ᠃ |