ᠲᠦᠷᠪᠡᠳᠦᠭᠡᠷ ᠬᠤᠭᠤᠴᠠᠭᠠᠨ ᠤ ᠲᠤᠮᠳᠠᠳᠤ ᠤᠯᠤᠰ · ᠦᠪᠦᠷ ᠮᠤᠩᠭᠤᠯ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠦᠵᠡᠰᠭᠦᠯᠡᠩ ᠠᠮᠵᠢᠯᠳᠠ ᠲᠠᠢ ᠦᠨᠳᠦᠷᠯᠡᠪᠠ
ᠨᠡᠶᠢᠲᠡᠯᠡᠭᠰᠡᠨ ᠴᠠᠭ᠄
2016/8/11
     ᠲᠦᠷᠪᠡᠳᠦᠭᠡᠷ ᠬᠤᠭᠤᠴᠠᠭᠠᠨ ᠤ ᠲᠤᠮᠳᠠᠳᠤ ᠤᠯᠤᠰ · ᠦᠪᠦᠷ ᠮᠤᠩᠭᠤᠯ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠦᠵᠡᠰᠭᠦᠯᠡᠩ 8 ᠳ᠋ᠤᠭᠠᠷ ᠰᠠᠷ᠎ᠠ ᠶᠢᠨ 10᠎ ᠤ ᠡᠳᠦᠷ ᠠᠮᠵᠢᠯᠳᠠ ᠎ ᠲᠠᠢ ᠥᠨᠳᠥᠷᠯᠡᠪᠡ᠃ 5 ᠡᠳᠦᠷ ᠤᠨ ᠲᠤᠷᠰᠢ᠂ ᠦᠵᠡᠰᠭᠦᠯᠡᠩ ᠳᠤ ᠤᠷᠤᠯᠴᠠᠭᠰᠠᠨ ᠤᠷᠤᠨ ᠤ ᠲᠤᠳᠤᠨ᠎ᠠ ᠭᠠᠳᠠᠨᠠᠬᠢ 826 ᠠᠵᠤ ᠠᠬᠤᠢᠢᠯᠠᠯ ᠪᠠ ᠲᠤᠰᠬᠠᠢ ᠬᠤᠷᠰᠢᠶ᠎ᠠ ᠶᠢᠨ ᠬᠢᠨ 137 ᠲᠦᠷᠦᠯ ᠵᠦᠢᠯ ᠤᠨ 4069 ᠪᠦᠳᠦᠭᠡᠭᠳᠡᠭᠦᠨ ᠢ ᠲᠡᠯᠭᠡᠨ ᠦᠵᠡᠭᠦᠯᠵᠦ᠂ ᠲᠤᠭᠤᠷᠢᠨ ᠦᠵᠡᠭᠰᠡᠳ ᠤᠨ ᠲᠤᠭ᠎ᠠ 10 ᠲᠦᠮᠡᠨ ᠬᠦᠮᠦᠨ ︵ᠤᠳᠠᠭ᠎ᠠ︶᠎ ᠢ ᠲᠠᠪᠠᠭᠰᠠᠨ ᠪᠠᠶᠢᠨ᠎ᠠ᠃          ᠦᠵᠡᠰᠭᠦᠯᠡᠩ ᠳᠤ ᠮᠠᠨ ᠤ ᠤᠷᠤᠨ ᠤ ᠰᠦ᠂ ᠮᠢᠬ᠎ᠠ᠂ ᠨᠤᠤᠰᠤ ᠨᠤᠯᠤᠤᠷ᠂ ᠠᠮᠤ ᠲᠤᠰᠤ᠂ ᠲᠦᠮᠦᠰᠦ ᠢᠳᠡᠰᠢᠨ ᠨᠤᠭᠤᠭ᠎ᠠ᠂ ᠲᠡᠵᠢᠭᠡᠯ ᠡᠪᠡᠰᠤ ᠪᠤᠷᠳᠤᠭ᠎ᠠ᠂ ᠤᠢ ᠲᠤᠳᠤᠷᠠᠬᠢ ᠠᠵᠤ ᠠᠬᠤᠢ ᠵᠢᠴᠢ ᠤᠨᠴᠠᠯᠢᠭᠳᠤ ᠠᠵᠤ ᠦᠢᠯᠡᠰ ᠵᠡᠷᠭᠡ 7 ᠶᠡᠭᠡ ᠭᠤᠤᠯᠯᠠᠭᠴᠢ ᠠᠵᠤ ᠦᠢᠯᠡᠰ ᠤᠨ ᠰᠢᠯᠢᠳᠡᠭ ᠴᠢᠨᠠᠷ ᠪᠦᠬᠦᠢ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠲᠡᠯᠭᠡᠨ ᠦᠵᠡᠭᠦᠯᠵᠦ ᠲᠠᠨᠢᠯᠴᠠᠭᠤᠯᠤᠨ ᠪᠤᠷᠤᠯᠠᠭᠤᠯᠬᠤ ᠶᠢᠨ ᠬᠠᠮᠳᠤ ᠪᠠᠰᠠ ᠦᠪᠦᠷ ᠮᠤᠩᠭᠤᠯ ᠤᠨ ᠮᠠᠯ ᠠᠵᠤ ᠠᠬᠤᠢ ᠲᠠᠷᠢᠶᠠᠯᠠᠩ ᠢ ᠠᠵᠤ ᠦᠢᠯᠡᠰᠵᠢᠭᠦᠯᠦᠨ ᠬᠦᠭᠵᠢᠭᠦᠯᠬᠦ ᠶᠠᠷᠢᠶᠠᠨ ᠤ ᠲᠠᠪᠴᠠᠩ ᠵᠡᠷᠭᠡ ᠤᠯᠠᠨ ᠰᠠᠶᠢᠬᠠᠨ ᠠᠵᠢᠯᠯᠠᠭ᠎ᠠ ᠶᠠᠪᠤᠭᠳᠠᠵᠠᠢ᠃ ᠲᠤᠰ ᠬᠤᠭᠤᠴᠠᠭᠠᠨ ᠤ ᠦᠵᠡᠰᠭᠦᠯᠡᠩ ᠳᠤ ᠲᠤᠬᠠᠢ ᠶᠢᠨ ᠲᠠᠯᠠᠪᠠᠢ ᠪᠠᠷ 3168 ᠲᠦᠮᠡᠨ ᠲᠦᠭᠦᠷᠢᠭ ᠤᠨ ᠠᠷᠠᠯᠵᠢᠶ᠎ᠠ ᠪᠦᠳᠦᠵᠤ᠂ ᠲᠡᠭᠡᠷ᠎ᠠ ᠬᠤᠭᠤᠴᠠᠭᠠᠨ ᠤ ᠬᠢ ᠠᠴᠠ ᠪᠠᠨ 5.1%᠎ ᠢᠶᠠᠷ ᠨᠡᠮᠡᠭᠳᠡᠪᠡ︔ ᠲᠤᠬᠠᠢ ᠶᠢᠨ ᠲᠠᠯᠠᠪᠠᠢ ᠳᠤ 1.56 ᠳ᠋ᠦᠩᠰᠢᠭᠤᠷ ᠲᠦᠭᠦᠷᠢᠭ ᠤᠨ ᠵᠠᠬᠢᠶᠠᠯᠠᠭ᠎ᠠ ᠪᠤᠷᠤᠯᠠᠭᠤᠯᠭ᠎ᠠ ᠶᠢᠨ ᠭᠡᠷ᠎ᠠ ᠲᠤᠭᠳᠠᠵᠤ᠂ ᠲᠠᠬᠡᠷ᠎ᠠ ᠬᠤᠭᠤᠴᠠᠭᠠᠨ ᠤ ᠬᠢ ᠠᠴᠠ ᠪᠠᠨ 7.6%᠎ ᠢᠶᠠᠷ ᠨᠡᠮᠡᠭᠳᠡᠵᠡᠢ︔ ᠪᠠᠰᠠ 21.88 ᠳ᠋ᠦᠩᠰᠢᠭᠤᠷ ᠲᠦᠭᠦᠷᠢᠭ ᠤᠨ ᠰᠠᠨᠠᠮᠵᠢ ᠶᠢᠨ ᠵᠦᠪᠯᠡᠯᠴᠡᠬᠡᠷ ᠲᠤᠭᠳᠠᠵᠤ᠂ ᠲᠡᠭᠡᠷ᠎ᠠ ᠬᠤᠭᠤᠴᠠᠭᠠᠨ ᠤ ᠬᠢ ᠠᠴᠠ ᠪᠠᠨ 7.9%᠎ ᠢᠶᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号