2014 ᠣᠨ ᠠᠴᠠ ᠨᠠᠰᠢ᠂ ᠮᠠᠨ ᠤ ᠤᠷᠤᠨ ᠤᠷᠤᠰ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠪᠠᠷ ᠭᠤᠣᠯ | ᠪᠣᠯᠭᠠᠭᠰᠠᠨ ᠭᠠᠳᠠᠭᠠᠳᠤ ᠨᠡᠬᠡᠬᠡᠯᠲᠡ ᠪᠠᠨ ᠤᠯᠠᠮ ᠥᠷᠭᠡᠳᠬᠡᠨ ᠭᠦᠨᠵᠡᠭᠡᠶᠢᠷᠡᠭᠦᠯᠵᠦ᠂ ᠤᠷᠤᠰ ᠮᠣᠩᠭᠤᠯ ᠯᠤᠭ᠎ᠠ ᠶᠢᠨ | ᠬᠠᠮᠲᠤᠷᠠᠯᠴᠠᠭᠠᠨ ᠤ ᠲᠣᠭᠲᠠᠴᠠ ᠶᠢ ᠦᠭᠡᠷᠡᠴᠢᠯᠡᠨ ᠰᠢᠨᠡᠴᠢᠯᠡᠪᠡ᠃ ᠬᠤᠶᠠᠷ ᠵᠢᠯ ᠤᠨ ᠬᠤᠭᠤᠴᠠᠭᠠᠨ ᠳᠤ᠂ ᠮᠠᠨ ᠤ | ᠤᠷᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠰ᠂ ᠮᠣᠩᠭᠤᠯ ᠤᠯᠤᠰ ᠯᠤᠭ᠎ᠠ ᠶᠢᠨ | ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠵᠢᠭᠦᠯᠬᠦ ᠲᠥᠰᠦᠯ︾ ︽ᠤᠮᠠᠷᠠᠰᠢ ᠨᠡᠭᠡᠭᠡᠯᠳᠡ ᠬᠢᠬᠦ | ᠬᠥᠭᠦᠷᠭᠡᠨ ᠪᠠᠬᠢᠯᠡᠯᠲᠡ ᠶᠢ ᠪᠠᠶᠢᠭᠤᠯᠬᠤ ᠪᠠ ᠬᠢᠯᠢ ᠳᠠᠭᠠᠤ ᠠᠵᠤ ᠠᠬᠤᠶ ᠶᠢᠨ ᠪᠦᠰᠡ ᠶᠢᠨ ᠠᠵᠤ ᠦᠢᠯᠡᠰ ᠢ | ᠬᠦᠭᠵᠢᠭᠦᠯᠬᠦ ᠲᠥᠯᠥᠪᠵᠢᠭᠦᠯᠭᠡ︾ ᠵᠡᠷᠭᠡ ᠳᠦᠷᠢᠮᠲᠦ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠨ | ᠬᠡᠷᠡᠭᠵᠢᠭᠦᠯᠵᠦ᠂ ᠣᠷᠣᠰ᠂ ᠮᠣᠩᠭᠤᠯ ᠤᠯᠤᠰ ᠤᠨ ᠡᠯ᠎ᠡ ᠬᠦᠷᠢᠶᠡᠨ ᠳᠠᠬᠢ ᠪᠣᠳᠠᠲᠤ ᠠᠵᠢᠯᠯᠠᠭ᠎ᠠ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠬᠤᠶᠠᠷ ᠵᠢᠯ ᠤᠨ ᠥᠭᠡᠷᠡᠴᠢᠯᠡᠯᠲᠡ ᠰᠢᠨᠡᠴᠢᠯᠡᠯᠲᠡ | ᠨᠢ᠂ ᠮᠠᠨ ᠤ ᠤᠷᠤᠨ ᠤ ᠣᠷᠣᠰ ᠮᠣᠩᠭᠤᠯ ᠯᠤᠭ᠎ᠠ ᠶᠢᠨ ᠠᠷᠠᠯᠵᠢᠶᠠᠨ ᠤ ᠳᠥᠭᠦᠮᠴᠢᠯᠡᠯᠲᠡ ᠶᠢᠨ ᠬᠢᠷᠢ ᠲᠦᠪᠰᠢᠨ ᠢ | ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠪᠣᠭᠤᠮᠲᠠ ᠪᠠᠷ ᠦᠩᠭᠡᠷᠡᠬᠦ ᠶᠢ ᠲᠦᠬᠦᠮ ᠪᠣᠯᠭᠠᠬᠤ ᠶᠠᠪᠤᠳᠠᠯ ᠢ ᠶᠡᠬᠡᠪᠡᠷ ᠲᠦᠯᠬᠢᠨ ᠠᠬᠢᠭᠤᠯᠪᠠ᠃ ᠮᠠᠨᠵᠤᠤᠷ᠂ | ᠡᠷᠢᠶᠡᠨ ᠬᠤᠳᠠ᠂ ᠭᠠᠭᠴᠠ ᠮᠣᠳᠣ᠂ ᠴᠡᠭᠡ ᠪᠣᠭᠤᠮᠲᠠ ᠨᠢ ᠨᠢᠭᠡ ᠯᠡ ᠳᠡᠭᠡᠷ᠎ᠡ ᠭᠤᠶᠤᠴᠢᠯᠠᠨ ᠮᠡᠳᠡᠭᠦᠯᠬᠦ᠂ ᠨᠢᠭᠡ | ᠯᠡ ᠳᠡᠭᠡᠷ᠎ᠡ ᠪᠠᠶᠢᠴᠠᠭᠠᠨ ᠰᠢᠯᠭᠠᠬᠤ᠂ ᠨᠢᠭᠡ ᠳᠡᠭᠡᠷ᠎ᠡ ᠥᠩᠭᠡᠷᠡᠬᠦ ᠶᠢ ᠪᠡᠶᠡᠯᠡᠭᠦᠯᠦᠨ᠂ ᠠᠵᠤ ᠠᠬᠤᠶᠢᠯᠠᠯ ᠤᠨ | ᠭᠤᠶᠤᠴᠢᠯᠠᠨ ᠮᠡᠳᠡᠭᠦᠯᠬᠦ ᠦᠷ᠎ᠡ ᠪᠦᠲᠦᠮᠵᠢ ᠶᠢ ᠳᠤᠮᠳᠠᠴᠢ ᠪᠠᠷ 25% ᠠᠴᠠ ᠳᠡᠭᠡᠭᠰᠢ ᠨᠡᠮᠡᠭᠳᠡᠭᠦᠯᠵᠦ᠂ ᠪᠠᠶᠢᠴᠠᠭᠠᠨ | ᠰᠢᠯᠭᠠᠬᠤ ᠭᠤᠭᠴᠤᠭ᠎ᠠ ᠶᠢᠨ ᠴᠠᠭ ᠵᠢᠴᠢ ᠵᠠᠷᠤᠳᠠᠯ ᠢ ᠬᠠᠭᠠᠰ ᠣᠷᠴᠢᠮ ᠠᠷᠪᠢᠯᠠᠪᠠ︔ ᠮᠠᠨᠵᠤᠤᠷ᠂ ᠡᠷᠢᠶᠡᠨ | ᠬᠤᠳᠠ ᠨᠢ ᠴᠥᠮ ATA ᠭᠡᠷᠡᠴᠢ ᠪᠠᠷᠢᠮᠲᠠ ᠶᠢᠨ ᠲᠤᠬᠠᠶᠢᠯᠠᠭᠰᠠᠨ ᠠᠵᠢᠯ ᠢ ᠬᠡᠷᠡᠭᠵᠢᠭᠦᠯᠪᠡ︔ ᠡᠷᠢᠶᠡᠨ ᠬᠤᠲᠠ ᠨᠢ | ᠮᠡᠳᠡᠭᠡ ᠵᠠᠩᠭᠢ ᠪᠠᠨ ᠰᠣᠯᠢᠯᠴᠠᠬᠤ᠂ ᠬᠢᠨᠠᠯᠲᠠ ᠬᠠᠮᠢᠶᠠᠷᠤᠯᠲᠠ ᠪᠠᠨ ᠬᠠᠷᠢᠯᠴᠠᠨ ᠮᠡᠳᠡᠷᠡᠬᠦ᠂ ᠬᠠᠤᠯᠢ | ᠬᠡᠷᠡᠭᠵᠢᠭᠦᠯᠦᠯᠲᠡ ᠪᠠᠨ ᠬᠠᠷᠢᠯᠴᠠᠨ ᠬᠠᠪᠰᠤᠷᠬᠤ ᠪᠣᠭᠤᠮᠲᠠ ᠥᠩᠭᠡᠷᠡᠬᠦ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ | ᠬᠢᠵᠦ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠴᠠᠭ ᠢ ᠨᠡᠶᠢᠳᠡᠮ ᠳᠤᠨᠢ 40% ᠠᠴᠠ ᠳᠡᠭᠡᠭᠰᠢ | ᠪᠣᠭᠤᠨᠢᠰᠬᠠᠪᠠ᠃ | ᠳᠤᠮᠳᠠᠳᠤ ᠮᠣᠩᠭᠤᠯ ᠬᠤᠶᠠᠷ ᠤᠯᠤᠰ ᠤᠨ ᠵᠢᠯ ᠲᠤᠷᠰᠢ ᠨᠡᠭᠡᠭᠡᠬᠦ ᠪᠣᠭᠤᠮᠲᠠ ᠨᠢ ᠬᠠᠮᠲᠤᠷᠠᠨ ᠬᠢᠨᠠᠨ | ᠬᠠᠮᠢᠶᠠᠷᠬᠤ ᠶᠢ ᠪᠦᠷᠢᠨ ᠪᠡᠶᠡᠯᠡᠭᠦᠯᠪᠡ᠃ ᠳᠤᠮᠳᠠᠳᠤ ᠮᠣᠩᠭᠤᠯ ᠬᠤᠶᠠᠷ ᠤᠯᠤᠰ ᠤᠨ ᠨᠢᠭᠡᠲᠦᠭᠰᠡᠨ ︽ᠪᠠᠷᠠᠭ᠎ᠠ | ᠲᠡᠭᠡᠭᠡᠰᠢ ᠶᠢᠨ ᠨᠠᠷᠢᠨ ᠬᠠᠭᠤᠳᠠᠰᠤ︾ ᠶᠢ ᠡᠷᠢᠶᠡᠨ ᠬᠤᠲᠠ — ᠵᠠᠮ ᠤᠨ ᠡᠭᠦᠳᠡ ᠪᠣᠭᠤᠮᠲᠠ ᠠᠴᠠ ᠳᠤᠮᠳᠠᠳᠤ | ᠮᠣᠩᠭᠤᠯ ᠬᠤᠶᠠᠷ ᠤᠯᠤᠰ ᠤᠨ ᠵᠢᠯ ᠲᠤᠷᠰᠢ ᠨᠡᠭᠡᠭᠡᠬᠦ ᠪᠦᠬᠦ ᠪᠣᠭᠤᠮᠲᠠ ᠬᠦᠷᠲᠡᠯ᠎ᠡ ᠥᠷᠭᠡᠳᠬᠡᠵᠦ᠂ ᠨᠢᠭᠡ | ᠤᠯᠤᠰ ᠤᠨ ᠪᠣᠭᠤᠮᠲᠠ ᠶᠢᠨ ᠭᠠᠷ ᠤᠨ ᠤᠢᠰᠦᠭ ᠵᠢᠷᠤᠵᠤ ᠨᠤᠲᠠᠯᠠᠭᠰᠠᠨ ᠪᠣᠭᠤᠮᠲᠠ ᠪᠠᠷ ᠦᠩᠭᠡᠷᠡᠬᠦ ᠭᠡᠷᠡᠴᠢ | ᠪᠠᠷᠢᠮᠳᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠦᠭᠦᠭᠡ ᠡᠲᠡᠭᠡᠳ ᠤᠨ ᠢᠶᠠᠨ ᠤᠯᠤᠰ ᠤᠨ | ᠪᠣᠭᠤᠮᠲᠠ ᠳᠤ ᠬᠠᠷᠢᠭᠤ ᠲᠤᠰᠬᠠᠨ᠂ ᠭᠡᠷᠡᠴᠢ ᠪᠠᠷᠢᠮᠲᠠ ᠶᠢ ᠬᠢᠨᠠᠬᠤ᠂ ᠪᠠᠶᠢᠴᠠᠭᠠᠨ ᠰᠢᠯᠭᠠᠬᠤ᠂ ᠵᠢᠭᠤᠯᠴᠢᠯᠠᠯ ᠵᠡᠷᠭᠡ | ᠪᠣᠭᠤᠮᠲᠠ ᠶᠢᠨ ᠠᠵᠢᠯ ᠤᠨ ᠭᠤᠭᠴᠤᠭ᠎ᠠ ᠳᠤ ᠵᠣᠬᠢᠬᠤ ᠬᠡᠮᠵᠢᠶᠡᠨ ᠤ ᠪᠣᠭᠤᠮᠲᠠ ᠪᠠᠷ ᠦᠩᠭᠡᠷᠡᠬᠦ ᠳᠥᠭᠦᠮ | ᠦᠵᠡᠭᠦᠯᠵᠦ᠂ ᠫᠢᠯᠧᠲ ᠨᠢᠭᠡᠪᠦᠷᠢ ᠶᠢᠨ ᠪᠣᠭᠤᠮᠲᠠ ᠳᠤ ᠮᠡᠳᠡᠭᠦᠯᠬᠦ ᠬᠠᠭᠤᠳᠠᠰᠤ ᠶᠢᠨ ᠪᠣᠭᠤᠮᠲᠠ ᠪᠠᠷ ᠥᠩᠭᠡᠷᠡᠬᠦ | ᠴᠠᠭ ᠢ ᠪᠠᠷᠤᠭ 30 ᠮᠢᠨᠦ᠋ᠲ ᠪᠣᠭᠤᠨᠢᠰᠬᠠᠪᠠ᠂ ᠣᠳᠣᠬᠠᠨ ᠳᠤ ᠳᠤᠮᠳᠠᠳᠤ ᠮᠣᠩᠭᠤᠯ ᠬᠤᠶᠠᠷ ᠲᠠᠯ᠎ᠠ ᠶᠢᠨ ︽ᠪᠠᠷᠠᠭ᠎ᠠ | ᠲᠡᠭᠡᠭᠡᠰᠢ ᠶᠢᠨ ᠨᠠᠷᠢᠨ ᠬᠠᠭᠤᠳᠠᠰᠤ︾ ᠶᠢᠨ ᠡᠯᠧᠺᠲᠷᠣᠨ ᠲᠤᠭ᠎ᠠ ᠪᠠᠷᠢᠮᠲᠠ ᠶᠢ ᠳᠠᠮᠵᠢᠭᠤᠯᠬᠤ ᠠᠵᠢᠯ ᠨᠢᠭᠡᠨᠲᠡ | ᠮᠡᠷᠭᠡᠵᠢᠯ ᠤᠨ ᠬᠡᠷᠡᠭᠵᠢᠭᠦᠯᠦᠯᠲᠡ ᠶᠢᠨ ᠱᠠᠲᠤᠨ ᠳᠤ ᠣᠷᠤᠭᠠᠳ ᠪᠠᠶᠢᠨ᠎ᠠ᠃ | ᠠᠷᠠᠳ ᠤᠨ ᠵᠣᠭᠤᠰ ᠤᠨ ᠬᠢᠯᠢ ᠠᠯᠤᠰᠯᠠᠨ ᠲᠤᠬᠠᠶᠢᠯᠠᠭᠰᠠᠨ ᠠᠵᠢᠯ ᠢ ᠶᠡᠬᠡᠪᠡᠷ ᠬᠦᠭᠵᠢᠭᠦᠯᠪᠡ᠃ ᠳᠤᠮᠳᠠᠳᠤ | ᠤᠯᠤᠰ ᠤᠨ ᠲᠠᠷᠢᠶᠠᠯᠠᠩ ᠤᠨ ᠪᠠᠩᠬᠢ ᠶᠢᠨ ᠮᠣᠩᠭᠤᠯ ᠤᠯᠤᠰ ᠲᠤ ᠬᠠᠨᠳᠤᠭᠤᠯᠤᠭᠰᠠᠨ ᠠᠷᠠᠳ ᠤᠨ ᠵᠣᠭᠤᠰ ᠤᠨ | ᠬᠢᠯᠢ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠲᠥᠪ ᠢ ᠡᠷᠢᠶᠡᠨ ᠬᠤᠲᠠ ᠳᠤ ᠪᠠᠶᠢᠭᠤᠯᠵᠤ᠂ ᠳᠤᠮᠳᠠᠳᠤ | ᠤᠯᠤᠰ ᠤᠨ ᠪᠠᠩᠬᠢ ᠶᠢᠨ ᠡᠷᠢᠶᠡᠨ ᠬᠤᠲᠠ ᠶᠢᠨ ᠬᠤᠪᠢᠶᠠᠷᠢ ᠪᠠᠩᠬᠢ ᠨᠢ ᠬᠢᠯᠢ ᠶᠢᠨ ᠭᠠᠳᠠᠨ᠎ᠠ ᠠᠴᠠ ᠮᠣᠩᠭᠤᠯ | ᠲᠦᠭᠦᠷᠢᠭ ᠤᠨ ᠪᠡᠯᠡᠨ ᠵᠣᠭᠤᠰ ᠢ ᠰᠢᠯᠵᠢᠭᠦᠯᠦᠨ ᠲᠡᠭᠡᠭᠡᠪᠦᠷᠢᠯᠡᠬᠦ ᠶᠢ ᠬᠡᠪ ᠤᠨ ᠪᠠᠶᠢᠳᠠᠯ ᠲᠠᠢ ᠪᠣᠯᠭᠠᠵᠤ᠂ | ᠮᠠᠨᠵᠤᠤᠷ ᠤᠨ ᠷᠦᠪᠯᠢ ᠪᠡᠯᠡᠨ ᠵᠣᠭᠤᠰ ᠬᠡᠷᠡᠭᠯᠡᠬᠦ ᠲᠤᠷᠰᠢᠯᠲᠠ ᠶᠢᠨ ᠴᠢᠬ ᠨᠢ ᠨᠡᠶᠢᠳᠡ 1.07 ᠳ᠋ᠦᠩᠰᠢᠭᠤᠷ ᠷᠦᠪᠯᠢ | ᠪᠡᠯᠡᠨ ᠵᠣᠭᠤᠰ ᠢ ᠠᠷᠠᠳ ᠤᠨ ᠵᠣᠭᠤᠰ ᠪᠣᠯᠭᠠᠨ ᠰᠣᠯᠢᠵᠤ᠂ 1.03 ᠳ᠋ᠦᠩᠰᠢᠭᠤᠷ ᠷᠦᠪᠯᠢ ᠴᠡᠪᠡᠷ | ᠬᠤᠳᠠᠯᠳᠤᠪᠠ᠃ | ᠣᠷᠣᠰ ᠮᠣᠩᠭᠤᠯ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠦᠭᠡᠷᠡᠴᠢᠯᠡᠨ ᠰᠢᠨᠡᠴᠢᠯᠡᠬᠦ ᠶᠢᠨ ᠬᠠᠮᠲᠤ | ᠪᠠᠰᠠ ᠮᠠᠨ ᠤ ᠤᠷᠤᠨ ᠤ ᠪᠣᠭᠤᠮᠲᠠ ᠶᠢᠨ ᠰᠠᠭᠤᠷᠢ ᠪᠡᠯᠡᠳᠬᠡᠮᠵᠢ᠂ ᠪᠣᠭᠤᠮᠲᠠ ᠪᠠᠷ ᠥᠩᠭᠡᠷᠡᠭᠦᠯᠬᠦ ᠴᠢᠳᠠᠪᠤᠷᠢ ᠶᠢᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠂ ᠵᠢᠱᠢᠶᠡᠯᠡᠪᠡᠯ ᠳᠤᠮᠳᠠᠳᠤ ᠮᠣᠩᠭᠤᠯ ᠬᠤᠶᠠᠷ ᠤᠯᠤᠰ ᠤᠨ | ᠡᠷᠢᠶᠡᠨ ᠬᠤᠲᠠ — ᠵᠠᠮ ᠤᠨ ᠡᠭᠦᠳᠡ ᠶᠢᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ᠂ | ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠵᠡᠷᠭᠡ ᠭᠦᠨᠵᠡᠭᠡᠶᠢᠷᠡᠭᠰᠡᠨ ᠬᠠᠮᠲᠤᠷᠠᠯᠴᠠᠭᠠᠨ ᠤ | ᠲᠠᠪᠴᠠᠩ ᠢ ᠪᠠᠶᠢᠭᠤᠯᠵᠤ᠂ ᠵᠠᠬ᠎ᠠ ᠶᠢᠨ ᠠᠷᠠᠯᠵᠢᠶᠠᠨ ᠤ ᠤᠷᠤᠨ ᠤ ᠭᠦᠨᠵᠡᠭᠡᠶ ᠨᠡᠬᠡᠬᠡᠯᠲᠡ ᠶᠢ ᠠᠬᠢᠭᠤᠯᠤᠭᠰᠠᠨ | ᠪᠦᠭᠡᠳ ᠵᠠᠰᠠᠭ ᠤᠨ ᠣᠷᠳᠣᠨ᠂ ᠬᠥᠮᠦᠨ ᠨᠡᠶᠢᠭᠡᠮ ᠵᠡᠷᠭᠡ ᠣᠯᠠᠨ ᠬᠦᠷᠢᠶᠡᠨ ᠳᠠᠬᠢ ᠵᠥᠪᠳᠡᠯᠴᠡᠨ ᠬᠠᠮᠲᠤᠷᠠᠯᠴᠠᠬᠤ | ᠲᠣᠭᠲᠠᠴᠠ ᠶᠢ ᠪᠠᠶᠢᠭᠤᠯᠪᠠ᠃ ᠣᠳᠣᠬᠠᠨ ᠳᠤ᠂ ᠮᠠᠨ ᠤ ᠣᠷᠣᠨ ᠤ ᠣᠷᠣᠰ ᠮᠣᠩᠭᠤᠯ ᠬᠤᠶᠠᠷ ᠤᠯᠤᠰ ᠯᠤᠭ᠎ᠠ ᠶᠢᠨ | ᠬᠠᠮᠲᠤᠷᠠᠯᠴᠠᠭᠠᠨ ᠤ ᠲᠣᠭᠲᠠᠴᠠ ᠶᠢᠨ ᠥᠭᠡᠷᠡᠴᠢᠯᠡᠯᠲᠡ ᠪᠠᠰᠠ ᠦᠷᠭᠦᠯᠵᠢᠯᠡᠨ ᠶᠠᠪᠤᠭᠳᠠᠵᠦ ᠪᠠᠶᠢᠨ᠎ᠠ᠂ ᠪᠢᠳᠡ ᠨᠠᠷ | ᠦᠷᠭᠦᠯᠵᠢᠯᠡᠨ ᠠᠩᠬᠠᠷᠤᠯ ᠢᠶᠠᠨ ᠬᠠᠨᠳᠤᠭᠤᠯᠵᠤ ᠰᠠᠭᠤᠶ᠎ᠠ᠃ |