ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ | ᠬᠠᠮᠲᠤᠷᠠᠨ ᠲᠠᠷᠬᠠᠭᠠᠭᠰᠠᠨ ︽ᠲᠥᠷᠥ ᠶᠢᠨ ᠠᠵᠢᠯᠲᠠᠳ ᠤᠨ ᠬᠠᠤᠯᠢ ᠰᠤᠷᠤᠯᠴᠠᠵᠤ ᠬᠠᠤᠯᠢ ᠬᠡᠷᠡᠭᠯᠡᠬᠦ ᠳᠦᠷᠢᠮ ᠢ | ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ ︵ | ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠳᠤ ︽ᠰᠢᠰᠲ᠋ᠧᠮ ᠬᠡᠰᠡᠭ ᠢ ᠤᠶᠠᠯᠳᠤᠭᠤᠯᠤᠨ᠂ ᠬᠡᠰᠡᠭ ᠢᠶᠠᠷ | ᠭᠤᠣᠯ ᠪᠣᠯᠭᠠᠬᠤ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤᠳᠤᠷᠢᠳᠬᠤ ᠺᠠᠳ᠋ᠷ ᠢ ᠲᠤᠰᠢᠶᠠᠯ ᠳᠤ | ᠲᠣᠮᠢᠯᠠᠬᠤ ᠠᠴᠠ ᠡᠮᠦᠨ᠎ᠡ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠬᠢᠬᠦ ᠬᠢᠨᠠᠨ ᠰᠢᠯᠭᠠᠬᠤ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠦᠨ᠎ᠡ ᠭᠡᠵᠦ ᠲᠣᠳᠣᠷᠬᠠᠢ ᠳᠤᠷᠠᠳᠴᠠᠢ᠃ | ︽ᠠᠷᠭ᠎ᠠ︾ ᠳᠤ ᠲᠣᠭᠲᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ | ᠪᠠ ᠠᠵᠢᠯ ᠦᠢᠯᠡᠰ ᠤᠨ ᠨᠢᠭᠡᠴᠡ ᠶᠢᠨ ᠳᠡᠳ᠋ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠲᠤᠰᠢᠶᠠᠯ ᠳᠤ | ᠲᠣᠮᠢᠯᠠᠬᠤ ᠪᠠᠷ ᠪᠠᠶᠢᠭ᠎ᠠ ᠠᠵᠢᠯᠲᠠᠳ︔ ᠠᠶᠢᠮᠠᠭ ᠬᠤᠳᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠳᠡᠳ᠋ ᠰᠠᠯᠠᠭ᠎ᠠ ᠶᠢᠨ ᠳᠡᠰ ᠠᠴᠠ ᠳᠡᠭᠡᠭᠰᠢ ᠤᠳᠤᠷᠢᠳᠬᠤ | ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠠᠵᠢᠯᠲᠠᠳ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠡᠭᠡᠳᠦ | ᠳᠤᠮᠳᠠ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠳ ᠴᠥᠮ ᠲᠤᠰᠢᠶᠠᠯ ᠳᠤ ᠲᠣᠮᠢᠯᠠᠬᠤ ᠠᠴᠠ ᠡᠮᠦᠨ᠎ᠡ ᠬᠠᠤᠯᠢ ᠶᠢᠨ | ᠰᠢᠯᠭᠠᠯᠲᠠ ᠳᠤ ᠣᠷᠣᠯᠴᠠᠬᠤ ᠬᠡᠷᠡᠭᠲᠡᠶ᠃ ᠲᠦᠷᠦ ᠶᠢᠨ ᠠᠵᠢᠯᠲᠠᠨ ᠡᠯᠰᠡᠬᠦ᠂ ᠤᠷᠢᠬᠤ ᠶᠠᠪᠤᠴᠠ ᠳᠠᠬᠢ ᠬᠠᠤᠯᠢ | ᠴᠠᠭᠠᠵᠠ ᠶᠢᠨ ᠮᠡᠳᠡᠯᠭᠡ ᠶᠢᠨ ᠰᠢᠯᠭᠠᠨ ᠪᠠᠶᠢᠴᠠᠭᠠᠯᠲᠠ ᠶᠢ ᠴᠢᠩᠭᠠᠳᠬᠠᠵᠤ᠂ ᠠᠯᠪᠠᠲᠠᠨ ᠡᠯᠰᠡᠬᠦ ᠰᠢᠯᠭᠠᠯᠲᠠ ᠳᠤ | ᠬᠠᠤᠯᠢ ᠴᠠᠭᠠᠵᠠ ᠶᠢᠨ ᠮᠡᠳᠡᠯᠭᠡ ᠶᠢᠨ ᠬᠤᠪᠢ ᠶᠢᠨ ᠵᠢᠩ ᠢ 30% ᠠᠴᠠ ᠳᠣᠣᠷ᠎ᠠ ᠪᠠᠶᠢᠯᠭᠠᠵᠤ ᠪᠣᠯᠬᠤ ᠦᠭᠡᠢ | ᠭᠡᠵᠡᠢ᠃ | ︽ᠠᠷᠭ᠎ᠠ︾ ᠳᠤ ᠬᠠᠤᠯᠢ ᠰᠤᠷᠤᠯᠴᠠᠵᠤ ᠬᠠᠤᠯᠢ ᠬᠡᠷᠡᠭᠯᠡᠬᠦ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠲᠦᠯᠬᠢᠨ ᠠᠬᠢᠭᠤᠯᠬᠤ ᠪᠠᠶᠢᠳᠠᠯ ᠢ ᠡᠯ᠎ᠡ ᠱᠠᠲᠤᠨ ᠤ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠵᠢᠯ ᠤᠨ | ᠡᠴᠦᠰ ᠤᠨ ᠲᠤᠰᠢᠶᠠᠯ ᠤᠨ ᠮᠡᠳᠡᠭᠦᠯᠦᠯᠲᠡ ᠶᠢᠨ ᠴᠢᠬᠤᠯᠠ ᠠᠭᠤᠯᠭ᠎ᠠ ᠪᠣᠯᠭᠠᠵᠤ᠂ ᠣᠨ ᠤ ᠰᠢᠯᠭᠠᠨ ᠬᠢᠨᠠᠬᠤ ᠳᠤ | ᠣᠷᠣᠭᠤᠯᠤᠨ᠂ ︽ᠮᠣᠷᠠᠯ᠂ ᠴᠢᠳᠠᠪᠤᠷᠢ᠂ ᠠᠵᠢᠯ᠂ ᠪᠦᠲᠦᠮᠵᠢ᠂ ᠴᠢᠬᠡᠴᠢ᠂ ᠬᠠᠤᠯᠢ︾ ᠵᠡᠷᠭᠡ ᠵᠢᠷᠭᠤᠭ᠎ᠠ ᠶᠢ ᠨᠢᠭᠡ | ᠴᠤᠭᠴᠠᠵᠢᠭᠤᠯᠤᠭᠰᠠᠨ ᠶᠡᠷᠦᠩᠬᠡᠶ ᠬᠢᠨᠠᠨ ᠰᠢᠯᠭᠠᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠬᠠᠤᠯᠢ ᠶᠢᠨ | ᠮᠡᠳᠡᠭᠦᠯᠦᠯᠲᠡ ᠪᠠᠨ ᠦᠨᠡᠯᠡᠭᠦᠯᠦᠭᠰᠡᠳ ᠪᠣᠯ ᠡᠯ᠎ᠡ ᠱᠠᠲᠤᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠵᠢᠴᠢ ᠲᠡᠭᠦᠨ ᠤ | ᠬᠠᠷᠢᠶ᠎ᠠ ᠰᠠᠯᠠᠭ᠎ᠠ ᠮᠥᠴᠢᠷ᠂ ᠠᠷᠠᠳ ᠤᠨ ᠰᠢᠭᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ᠂ ᠡᠯ᠎ᠡ | ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ ᠤᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ | ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠤᠯᠤᠰ ᠤᠨ | ᠥᠮᠴᠢᠯᠡᠯ ᠤᠨ ᠪᠤᠰᠤ ᠠᠵᠤ ᠠᠬᠤᠶᠢᠯᠠᠯ ᠤᠨ ᠳᠤᠮᠳᠠ ᠳᠠᠪᠬᠤᠷᠭ᠎ᠠ ᠠᠴᠠ ᠳᠡᠭᠡᠭᠰᠢᠬᠢ ᠤᠳᠤᠷᠢᠳᠬᠤ ᠺᠠᠳ᠋ᠷ ᠤᠳ | ᠪᠣᠯᠣᠨ᠎ᠠ᠃ ᠬᠠᠤᠯᠢ ᠶᠢᠨ ᠮᠡᠳᠡᠭᠦᠯᠦᠯᠲᠡ ᠶᠢᠨ ᠠᠭᠤᠯᠭ᠎ᠠ ᠳᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ | ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ᠂ ᠬᠠᠤᠯᠢ ᠪᠠᠷ ᠵᠠᠰᠠᠬᠤ ᠶᠢ | ᠰᠤᠷᠤᠯᠴᠠᠭᠰᠠᠨ ᠪᠠᠶᠢᠳᠠᠯ᠂ ᠴᠢᠬᠤᠯᠠ ᠶᠡᠭᠡ ᠬᠡᠷᠡᠭ ᠶᠠᠪᠤᠳᠠᠯ ᠳᠤ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ | ᠲᠣᠭᠲᠠᠭᠠᠭᠰᠠᠨ ᠪᠠᠶᠢᠳᠠᠯ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠵᠠᠰᠠᠭ | ᠵᠠᠬᠢᠷᠭᠠᠨ ᠤ ᠵᠠᠷᠭᠤ ᠶᠢ ᠬᠦᠯᠢᠶᠡᠨ ᠠᠪᠤᠭᠰᠠᠨ ᠪᠠᠶᠢᠳᠠᠯ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ | ᠬᠥᠮᠦᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠠᠤᠯᠢ ᠪᠠᠷ ᠵᠠᠰᠠᠬᠤ ᠥᠪᠥᠷ | ᠮᠣᠩᠭᠤᠯ ᠤᠨ ᠪᠠᠶᠢᠭᠤᠯᠤᠯᠲᠠ ᠶᠢ ᠥᠷᠨᠢᠭᠦᠯᠦᠭᠰᠡᠨ ᠪᠠᠶᠢᠳᠠᠯ ᠵᠡᠷᠭᠡ ᠪᠠᠭᠲᠠᠨ᠎ᠠ᠃ | ︽ᠠᠷᠭ᠎ᠠ︾ ᠳᠤ ᠪᠠᠰᠠ ᠬᠠᠤᠯᠢ ᠰᠤᠷᠤᠯᠴᠠᠭᠰᠠᠨ ᠬᠠᠤᠯᠢ ᠬᠡᠷᠡᠭᠯᠡᠭᠰᠡᠨ ᠪᠠᠶᠢᠳᠠᠯ ᠢ ᠲᠥᠷᠥ ᠶᠢᠨ | ᠠᠵᠢᠯᠲᠠᠳ ᠤᠨ ᠣᠨ ᠤ ᠬᠢᠨᠠᠨ ᠰᠢᠯᠭᠠᠬᠤ ᠴᠢᠬᠤᠯᠠ ᠠᠭᠤᠯᠭ᠎ᠠ ᠳᠤ ᠣᠷᠣᠭᠤᠯᠪᠠ᠃ ᠰᠦᠯᠵᠢᠶᠡᠨ ᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠢᠯᠭᠠᠯᠲᠠ ᠳᠤ ᠤᠴᠢᠷ ᠰᠢᠯᠲᠠᠭᠠᠨ ᠦᠭᠡᠢ ᠪᠠᠷ | ᠣᠷᠣᠯᠴᠠᠬᠰᠠᠨ ᠦᠭᠡᠢ ᠲᠦᠷᠦ ᠶᠢᠨ ᠠᠵᠢᠯᠲᠠᠨ ᠢ ᠪᠣᠯ ᠣᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ | ᠦᠭᠡᠢ ᠪᠠᠷ ᠦᠵᠡᠨ᠎ᠡ︔ ᠰᠢᠯᠭᠠᠯᠲᠠ ︵ᠨᠥᠬᠦᠵᠦ ᠰᠢᠯᠭᠠᠬᠤ ᠪᠠᠭᠲᠠᠨ᠎ᠠ︶ ᠳᠤ ᠬᠢᠷᠢ ᠲᠡᠩᠴᠡᠭᠰᠡᠨ ᠦᠭᠡᠶ ᠪᠣᠯ᠂ | ᠲᠤᠰ ᠵᠢᠯ ᠤᠨ ᠣᠨ ᠤ ᠬᠢᠨᠠᠨ ᠰᠢᠯᠭᠠᠯᠲᠠ ᠶᠢ ᠨᠢ ᠨᠢᠭᠡ ᠳᠡᠰ ᠪᠠᠭᠤᠷᠠᠭᠤᠯᠤᠨ᠎ᠠ︔ ᠲᠤᠰᠢᠶᠠᠯ ᠳᠡᠪᠰᠢᠭᠦᠯᠦᠨ | ᠲᠣᠮᠢᠯᠠᠬᠤ ᠪᠠᠷ ᠪᠠᠶᠢᠭ᠎ᠠ ᠤᠳᠤᠷᠢᠳᠬᠤ ᠺᠠᠳ᠋ᠷ ᠢ ᠪᠣᠯ ᠲᠦᠷ ᠬᠤᠶᠢᠰᠢᠯᠠᠭᠤᠯᠤᠨ ᠲᠣᠮᠢᠯᠠᠨ᠎ᠠ᠃ ᠬᠠᠤᠯᠢ ᠰᠤᠷᠤᠯᠴᠠᠵᠤ | ᠬᠠᠤᠯᠢ ᠬᠡᠷᠡᠭᠯᠡᠬᠦ ᠳᠤᠮᠳᠠ ᠲᠤᠪᠦ᠋ᠢᠮ᠎ᠠ ᠢᠯᠡᠷᠡᠯ ᠲᠠᠢ ᠪᠠᠶᠢᠭᠰᠠᠳ ᠢ᠂ ᠤᠯᠤᠰ ᠪᠣᠯᠤᠨ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠵᠦ᠂ ᠲᠥᠷᠦ ᠶᠢᠨ ᠠᠵᠢᠯᠲᠠᠳ ᠤᠨ | ᠬᠠᠤᠯᠢ ᠰᠤᠷᠤᠯᠴᠠᠵᠤ ᠬᠠᠤᠯᠢ ᠬᠡᠷᠡᠭᠯᠡᠬᠦ ᠢᠳᠡᠪᠬᠢᠵᠢᠯ ᠪᠠ ᠤᠬᠠᠮᠰᠠᠷᠲᠤ ᠴᠢᠨᠠᠷ ᠢ ᠨᠢ ᠳᠠᠶᠢᠴᠢᠯᠠᠨ᠎ᠠ᠃ |