ᠦᠪᠡᠷᠲᠡᠭᠡᠡ ᠵᠠᠰᠠᠬᠤ ᠤᠷᠤᠨ ᠤ ᠵᠠᠰᠠᠭ ᠤᠨ ᠤᠷᠲᠤᠨ ᠤ 74 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/8/12
     8 ᠳ᠋ᠤᠭᠠᠷ ᠰᠠᠷ᠎ᠠ ᠶᠢᠨ 11᠎ ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠠᠨ ᠬᠤᠷᠠᠯᠳᠤᠭᠤᠯᠵᠤ᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︿ᠬᠠᠤᠯᠢᠵᠢᠯ ᠤᠨ ᠵᠠᠰᠠᠬ ᠤᠨ ᠤᠷᠳᠤᠨ ᠤ ᠪᠦᠳᠦᠬᠡᠨ ᠪᠠᠶᠢᠭᠤᠯᠤᠯᠳᠠ ᠶᠢᠨ ᠭᠡᠷᠡᠭᠵᠢᠬᠦᠯᠬᠦ ᠬᠦᠳᠤᠯᠪᠤᠷᠢ ︵2015 — 2020 ᠣᠨ︶﹀᠎ ᠶᠢ ᠭᠡᠷᠡᠭᠵᠢᠬᠦᠯᠬᠦ  ᠲᠦᠰᠤᠯ  ︾᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︿13 · 5﹀᠎ ᠶᠢᠨ ᠤᠢᠢᠯᠡᠴᠢᠯᠡᠬᠡᠨ ᠎ ᠤ ᠤᠢᠢᠯᠡᠰ ᠤᠨ ᠬᠦᠭᠵᠢᠯᠳᠠ ᠶᠢᠨ ᠲᠦᠯᠤᠪᠵᠢᠬᠦᠯᠬᠡ︾᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠎ ᠤ ᠤᠯᠠᠨ ᠤᠯᠤᠰ ᠤᠨ ᠤᠢᠢᠯᠡᠳᠪᠤᠷᠢᠯᠠᠯ ᠤᠨ ᠴᠢᠳᠠᠪᠤᠷᠢ ᠪᠤᠯᠤᠨ ᠲᠤᠨᠤᠬᠯᠠᠯ ᠤᠢᠢᠯᠡᠳᠬᠦ ᠶᠢ ᠬᠠᠮᠳᠤᠷᠠᠨ ᠬᠡᠷᠡᠭᠵᠢᠬᠦᠯᠬᠦ ᠶᠢ ᠠᠬᠢᠭᠤᠯᠬᠤ ᠲᠦᠰᠤᠯ︾ ᠵᠡᠷᠬᠡ ᠶᠢ ᠰᠤᠳᠤᠯᠪᠠ᠃      ᠬᠤᠷᠠᠯ ᠠᠴᠠ ᠦᠵᠡᠭᠰᠡᠡ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠬᠠᠤᠯᠢᠵᠢᠯ ᠤᠨ ᠵᠠᠰᠠᠬ ᠎ ᠤᠨ ᠤᠷᠳᠤᠨ ᠢ ᠦᠨᠳᠦᠰᠦᠨ ᠳᠡᠭᠡᠨ ᠪᠦᠳᠦᠬᠡᠨ ᠪᠠᠶᠢᠭᠤᠯᠬᠤ ᠶᠢ 2020 ᠣᠨ ᠬᠦᠷᠳᠡᠯ᠎ᠠ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢᠨ ᠴᠢᠬᠤᠯᠠ ᠬᠠᠷᠠᠯᠳᠠ ᠶᠢᠨ ᠨᠢᠬᠡ ᠪᠤᠯᠭᠠᠬᠰᠠᠨ ᠪᠠᠶᠢᠨ᠎ᠠ᠃ ᠬᠠᠤᠯᠢᠵᠢᠯ ᠤᠨ ᠵᠠᠰᠠᠬ ᠎ ᠤᠨ ᠤᠷᠳᠤᠨ  ᠢ ᠪᠦᠳᠦᠬᠡᠨ ᠪᠠᠶᠢᠭᠤᠯᠬᠤ ᠪᠤᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠴᠢᠬᠤᠯᠠ ᠶᠡᠭᠡ ᠡᠬᠦᠷᠬᠡ ᠪᠤᠯᠤᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠶᠢᠨ ᠪᠠᠴᠢᠮ ᠲᠤᠯᠭᠠᠮ᠎ᠠ ᠭᠡᠷᠡᠭᠴᠡᠭᠡ ᠮᠦᠨ᠃ ᠡᠯ᠎ᠠ ᠱᠠᠳᠤᠨ ᠤ ᠵᠠᠰᠠᠬ ᠤᠨ ᠤᠷᠳᠤᠨ ᠪᠤᠯᠤᠨ ᠡᠯ᠎ᠠ ᠰᠠᠯᠠᠭ᠎ᠠ ᠮᠦᠴᠢᠷ ᠤᠨ ᠬᠢᠨ ᠲᠤᠯᠭᠠᠮ᠎ᠠ ᠤᠬᠠᠮᠰᠠᠷ ᠪᠤᠯᠤᠨ ᠬᠠᠷᠢᠭᠤᠴᠠᠯᠭᠠᠳᠤ ᠤᠬᠠᠮᠰᠠᠷ ᠢᠶᠠᠨ ᠦᠨᠡᠨᠬᠦ ᠲᠡᠭᠡᠭᠰᠢᠯᠡᠬᠦᠯᠵᠥ᠂ ︽ᠬᠠᠤᠯᠢᠵᠢᠯ ᠤᠨ ᠵᠠᠰᠠᠬ ᠤᠨ ᠤᠷᠳᠤᠨ ᠤ ᠪᠦᠳᠦᠬᠡᠨ ᠪᠠᠶᠢᠭᠤᠯᠤᠯᠳᠠ ᠶᠢᠨ ᠭᠡᠷᠡᠭᠵᠢᠬᠦᠯᠬᠦ ᠬᠦᠳᠤᠯᠪᠤᠷᠢ ︵2015 — 2020 ᠣᠨ︶︾᠎ ᠶᠢ ᠲᠤᠤᠱᠯᠠᠭᠤᠯᠤᠨ ᠨᠡᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠠᠳᠬᠤᠬᠤ ᠭᠡᠷᠡᠭᠳᠠᠢ᠃ ᠨᠠᠮ ᠵᠠᠰᠠᠭ ᠎ ᠤᠨ ᠭᠤᠤᠯ ᠬᠠᠷᠢᠭᠤᠴᠠᠯᠭᠠᠲᠠᠨ ᠬᠠᠤᠯᠢᠵᠢᠯ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠭᠡᠵᠤ᠂ ᠬᠠᠤᠯᠢᠵᠢᠯ ᠤᠨ ᠵᠠᠰᠠᠭ ᠤᠨ ᠤᠷᠳᠤᠨ ᠢ ᠪᠦᠳᠦᠬᠡᠨ ᠪᠠᠶᠢᠭᠤᠯᠬᠤ ᠶᠢ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ᠡᠯ᠎ᠠ ᠰᠠᠯᠠᠭ᠎ᠠ ᠮᠦᠴᠢᠷ ᠦᠪᠡᠷ ᠤᠨ ᠠᠵᠢᠯ ᠤᠨ ᠬᠤᠪᠢᠶᠠᠷᠢᠯᠠᠯ ᠳᠤᠲᠤᠷ᠎ᠠ ᠪᠠᠨ ᠵᠠᠰᠠᠭ ᠤᠨ ᠤᠷᠳᠤᠨ ᠤ ᠡᠭᠦᠷᠭᠡ ᠴᠢᠳᠠᠪᠬᠢ ᠶᠢ ᠬᠠᠤᠯᠢ ᠶᠤᠰᠤᠭᠠᠷ ᠪᠦᠬᠦ ᠲᠠᠯ᠎ᠠ ᠪᠠᠷ ᠭᠦᠢᠴᠡᠳᠭᠡᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠤ᠂ ᠲᠦᠪ ᠭᠤᠤᠯᠴᠢ ᠪᠤᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠠ ᠱᠠᠳᠤᠨ ᠤ ᠺᠠᠳ᠋ᠷ᠂ ᠤᠨᠴᠠᠭᠠᠢᠢᠯᠠᠨ ᠤᠳᠤᠷᠢᠳᠬᠤ ᠺᠠᠳ᠋ᠷᠴᠤᠳ ᠲᠦᠷᠦᠭᠦᠯᠡᠨ ᠬᠠᠤᠯᠢ ᠶᠢ ᠰᠤᠷᠤᠯᠴᠠᠵᠤ᠂ ᠬᠠᠤᠯᠢᠵᠢᠯ ᠤᠨ ᠬᠡᠪ ᠪᠤᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠤ᠂ ᠬᠠᠤᠯᠢᠵᠢᠯ ᠤᠨ ᠰᠡᠳᠭᠢᠭᠦᠢ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ ᠠᠵᠢᠯ ᠢᠶᠠᠨ ᠦᠷᠨᠢᠭᠦᠯᠬᠦ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠤ᠂ ᠠᠷᠠᠳ ᠲᠦᠮᠡᠨ ᠳᠤ ᠬᠠᠨᠤᠮᠵᠢᠲᠠᠢ ᠬᠠᠤᠯᠢᠵᠢᠯ ᠤᠨ ᠵᠠᠰᠠᠭ ᠤᠨ ᠤᠷᠳᠤᠨ ᠢ ᠴᠢᠷᠮᠠᠶᠢᠨ ᠪᠦᠳᠦᠬᠡᠨ ᠪᠠᠶᠢᠭᠤᠯᠬᠤ ᠬᠡᠷᠡᠭᠲᠡᠢ ᠬᠡᠪᠡ᠃      ᠬᠤᠷᠠᠯ ᠠᠴᠠ ᠵᠢᠭᠠᠵᠥ ᠭᠠᠷᠭᠠᠭᠰᠠᠠ ᠨᠢ᠂ ︽12 · 5︾᠎ ᠶᠢᠨ ᠬᠤᠭᠤᠴᠠᠭᠠᠨ ᠳᠤ ᠮᠠᠨ ᠤ ᠤᠷᠤᠨ ᠤ ᠦᠢᠯᠡᠴᠢᠯᠡᠭᠡᠨ ᠤ ᠦᠢᠯᠡᠰ ᠳᠤᠪᠤᠶᠢᠮ᠎ᠠ ᠠᠮᠵᠢᠯᠲᠠ ᠤᠯᠵᠤ᠂ ᠬᠡᠳᠦ᠋ᠢᠪᠡᠷ ᠶᠡᠷᠤᠩᠬᠡᠢ ᠬᠡᠮᠵᠢᠶ᠎ᠠ ᠪᠠᠷ ᠪᠠᠭ᠎ᠠ᠂ ᠪᠦᠲᠦᠴᠡ ᠵᠤᠬᠢᠰᠲᠠᠢ ᠪᠢᠰᠢ ᠵᠡᠷᠭᠡ ᠠᠰᠠᠭᠤᠳᠠᠯ ᠢᠯᠡᠳᠲᠡ ᠤᠷᠤᠰᠢᠵᠤ ᠪᠠᠶᠢᠪᠠᠴᠤ ᠬᠦᠭᠵᠢᠯᠲᠠ ᠶᠢᠨ ᠳᠠᠯᠲᠠ ᠬᠦᠴᠦᠨ ᠲᠦᠢᠯ ᠤᠨ ᠶᠡᠭᠡ ᠶᠤᠮ᠃ ︽13 · 5︾᠎ ᠶᠢᠨ ᠬᠤᠭᠤᠴᠠᠭᠠᠨ ᠳᠤ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠭᠦᠯᠬᠦ ᠶᠢ ᠠᠵᠤ ᠦᠢᠯᠡᠰ ᠤᠨ ᠪᠦᠲᠦᠴᠡ ᠪᠠᠨ ᠲᠤᠬᠢᠷᠠᠭᠤᠯᠬᠤ ᠪᠠ ᠬᠦᠭᠵᠢᠯᠲᠠ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠭᠤᠤᠯᠳᠠᠯᠭ᠎ᠠ ᠪᠤᠯᠭᠠᠨ ᠠᠳᠬᠤᠵᠤ᠂ ᠤᠯᠠᠮᠵᠢᠯᠠᠯᠲᠦ ᠦᠢᠯᠡᠴᠢᠯᠡᠭᠡᠨ ᠤ ᠦᠢᠯᠡᠰ ᠪᠠ ᠤᠳᠤ ᠦᠶ᠎ᠠ ᠶᠢᠨ ᠦᠢᠯᠡᠴᠢᠯᠡᠬᠡᠨ ᠤ ᠦᠢᠯᠡᠰ ᠢ ᠬᠠᠮᠲᠦ ᠳᠤᠨᠢ ᠠᠳᠬᠤᠬᠤ ᠶᠢ ᠪᠠᠷᠢᠮᠲᠠᠯᠠᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠤᠯᠤᠨ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠠᠮᠲᠦ ᠳᠤᠨᠢ ᠴᠢᠬᠤᠯᠠᠴᠢᠯᠠᠵᠤ᠂ ᠪᠤᠳᠠᠰ ᠤᠨ ᠬᠦᠢᠯᠬᠡᠬᠡ᠂ ᠵᠤᠭᠠᠴᠠᠯ᠂ ᠮᠦᠩᠭᠦᠨ ᠭᠦᠢᠯᠭᠡᠭᠡᠨ᠂ ᠮᠡᠳᠡᠭᠡ ᠵᠠᠩᠭᠢ ᠵᠡᠷᠭᠡ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ ᠶᠢᠨ ᠬᠦᠭᠵᠢᠯᠲᠠ ᠶᠢ ᠶᠡᠬᠡᠪᠡᠷ ᠠᠬᠢᠭᠤᠯᠵᠤ᠂ ᠦᠢᠯᠡᠴᠢᠯᠡᠭᠡᠨ ᠤ ᠬᠦᠷᠢᠶ᠎ᠠ ᠬᠡᠪᠴᠢᠶᠡᠨ ᠳᠠᠬᠢ ᠲᠤᠯᠠᠭᠠᠭᠤᠷᠢᠯᠠᠬᠤ ᠠᠵᠤ ᠦᠢᠯᠡᠰ ᠢ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠢᠨᠵᠧᠨᠧᠷᠢᠩ ᠪᠤᠯᠤᠨ ᠭᠤᠤᠯᠳᠠᠯᠭ᠎ᠠ ᠲᠠᠢ ᠲᠦᠷᠦᠯ ᠵᠦᠢᠯ ᠢ ᠨᠠᠷᠢᠨ ᠨᠢᠮᠪᠠᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠤ ᠦᠢᠯᠡᠰ ᠤᠨ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠭᠠᠳᠠᠭᠠᠳᠤ ᠳᠤ ᠨᠡᠭᠡᠭᠡᠯᠲᠡ ᠬᠢᠬᠦ ᠶᠢ ᠬᠦᠴᠦᠯᠡᠨ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠶᠡᠷᠦᠩᠬᠡᠢ ᠬᠡᠮᠵᠢᠶ᠎ᠡ ᠶᠢ ᠴᠢᠨᠠᠭᠰᠢᠲᠠ ᠶᠡᠬᠡᠰᠭᠡᠨ᠂ ᠦᠢᠯᠡᠴᠢᠯᠡᠭᠡᠨ ᠤ ᠦᠢᠯᠡᠰ ᠤᠨ ᠪᠦᠲᠦᠴᠡ ᠶᠢ ᠳᠤᠬᠢᠷᠠᠭᠤᠯᠤᠨ ᠰᠢᠯᠢᠳᠡᠭᠵᠢᠭᠦᠯᠵᠦ᠂ ᠦᠢᠯᠡᠴᠢᠯᠡᠭᠡᠨ ᠤ ᠦᠢᠯᠡᠰ ᠎ ᠤᠨ ᠪᠦᠬᠦᠯᠢ ᠴᠤᠭᠴᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠬᠡᠪᠡ᠃      ᠬᠤᠷᠠᠯ ᠠᠴᠠ ᠵᠢᠭᠠᠵᠥ ᠭᠠᠷᠭᠠᠭᠰᠠᠠ ᠨᠢ᠂ ᠤᠯᠠᠨ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠪᠤᠯᠤᠨ ᠲᠤᠨᠤᠭᠯᠠᠯ ᠦᠢᠯᠡᠳᠬᠦ ᠶᠢ ᠬᠠᠮᠳᠤᠷᠠᠨ ᠬᠡᠷᠡᠭᠵᠢᠬᠦᠯᠬᠦ ᠶᠢ ᠠᠬᠢᠭᠤᠯᠬᠤ ᠪᠤᠯ ᠤᠯᠤᠰ ᠠᠴᠠ ︽ᠭᠠᠳᠠᠭᠰᠢ ᠭᠠᠷᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠮᠠᠨ ᠤ ᠤᠷᠤᠨ ᠤ ᠤᠷᠤᠨ ᠪᠠᠶᠢᠷᠢ ᠪᠠ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠤᠷᠤᠰ ᠮᠤᠩᠭᠤᠯ ᠵᠡᠷᠭᠡ ᠤᠯᠤᠰ ᠲᠠᠢ ᠪᠤᠯᠤᠳ ᠲᠡᠮᠦᠷ᠂ ᠦᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠴᠠᠬᠢᠯᠭᠠᠨ ᠬᠦᠴᠦ᠂ ᠮᠠᠯ ᠠᠵᠤ ᠠᠬᠤᠢ ᠲᠠᠷᠢᠶᠠᠯᠠᠩ ᠢ ᠨᠡᠭᠡᠭᠡᠨ ᠬᠦᠭᠵᠢᠭᠦᠯᠬᠦ ᠵᠡᠷᠭᠡ ᠬᠦᠷᠢᠶ᠎ᠠ ᠬᠡᠪᠴᠢᠶᠡᠨ ᠳᠠᠬᠢ ᠤᠯᠠᠨ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠪᠠ ᠲᠤᠨᠤᠭᠯᠠᠯ ᠦᠢᠯᠡᠳᠬᠦ ᠶᠢ ᠬᠠᠮᠳᠤᠷᠠᠨ ᠬᠡᠷᠡᠭᠵᠢᠬᠦᠯᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠠᠵᠤ ᠠᠬᠤᠢᠢᠯᠠᠯ ᠤᠨ ᠵᠠᠬ᠎ᠠ ᠳᠡᠯᠭᠡᠭᠦᠷ ᠲᠠᠬᠢ ᠭᠤᠤᠯ ᠴᠤᠭᠴᠠ ᠶᠢᠨ ᠪᠠᠶᠢᠷᠢ ᠰᠠᠭᠤᠷᠢ ᠶᠢ ᠳᠤᠪᠤᠶᠢᠯᠭᠠᠨ ᠵᠠᠰᠠᠭ ᠤᠨ ᠤᠷᠳᠤᠨ ᠠᠴᠠ ᠵᠤᠷᠢᠭᠵᠢᠭᠤᠯᠬᠤ᠂ ᠳᠠᠶᠢᠴᠢᠯᠠᠬᠤ ᠪᠠ ᠠᠬᠢᠭᠤᠯᠬᠤ ᠪᠠᠨ ᠴᠢᠩᠭᠠᠳᠬᠠᠵᠤ᠂ ᠡᠳ᠋ ᠤᠨ ᠵᠠᠰᠠᠭ ᠭᠠᠶᠢᠯᠢ᠂ ᠮᠦᠩᠭᠦᠨ ᠭᠦᠯᠭᠡᠭᠡᠨ ᠵᠡᠷᠭᠡ ᠲᠠᠯ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠮᠠᠨ ᠤ ᠤᠷᠤᠨ ᠤ ᠠᠵᠤ ᠠᠬᠤᠢᠢᠯᠠᠯ ᠤᠨ ᠭᠠᠳᠠᠭᠰᠢ ᠭᠠᠷᠬᠤ ᠶᠢ ᠠᠬᠢᠭᠤᠯᠵᠤ᠂ ᠠᠵᠤ ᠦᠢᠯᠡᠰ ᠤᠨ ᠬᠦᠭᠵᠢᠯᠲᠡ ᠶᠢᠨ ᠰᠢᠨ᠎ᠡ ᠤᠷᠤᠨ ᠵᠠᠢ ᠶᠢ ᠦᠷᠭᠡᠳᠬᠡᠨ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠵᠥ ᠳᠡᠰ ᠳᠠᠪᠰᠢᠬᠦᠯᠬᠦ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠪᠠᠰᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠭᠡᠭᠡᠨ ᠬᠦᠭᠵᠢᠭᠦᠯᠬᠦ ᠶᠢ ᠬᠢᠵᠠᠭᠠᠷᠯᠠᠭᠰᠠᠨ ᠤᠷᠤᠨ ᠪᠦᠰᠡ ᠳᠠᠬᠢ ᠬᠢᠵᠠᠭᠠᠷᠯᠠᠭᠰᠠᠨ ᠪᠠ ᠴᠠᠭᠠᠵᠠᠯᠠᠭᠰᠠᠨ ᠠᠵᠤ ᠦᠢᠯᠡᠰ ᠤᠨ ᠵᠢᠯᠤᠭᠤᠳᠬᠤ ᠭᠠᠷᠴᠠᠭ ︵2016  ᠣᠨ ᠤ ᠬᠡᠪᠯᠡᠯ︶︾ ᠪᠠ ︽ᠲᠦᠰᠦᠪ ᠢ ᠢᠯᠡ ᠪᠤᠯᠭᠠᠬᠤ ᠠᠵᠢᠯ ᠢ ᠴᠢᠨᠠᠭᠰᠢᠲᠠ ᠠᠬᠢᠭᠤᠯᠬᠤ ᠲᠤᠬᠠᠢ ᠬᠡᠷᠡᠭᠵᠢᠭᠦᠯᠬᠦ ᠲᠦᠰᠦᠯ︾᠎ ᠢ ᠰᠤᠳᠤᠯᠤᠭᠰᠠᠠ ᠪᠦᠭᠡᠳ ᠵᠠᠷᠴᠢᠮ ᠤᠨ ᠲᠠᠯ᠎ᠠ ᠪᠠᠷ ᠪᠠᠲᠤᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号