ᠪᠦᠬᠦ ᠣᠷᠣᠨ ᠤ ᠤᠯᠤᠰ ᠤᠨ ᠭᠠᠶᠢᠯᠢ ᠶᠢᠨ ᠰᠢᠰᠲ᠋ᠧᠮ ᠤᠨ ᠡᠳ᠋ ᠤᠨ ᠶᠠᠪᠤᠳᠠᠯ ᠵᠢᠴᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠬᠤᠷᠠᠯ ᠮᠠᠨᠵᠤᠤᠷ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/8/12
     ᠣᠶᠢᠷ᠎ᠠ ᠳᠤ᠂ ᠪᠦᠬᠦ ᠣᠷᠣᠨ ᠤ ᠤᠯᠤᠰ ᠤᠨ ᠭᠠᠶᠢᠯᠢ ᠶᠢᠨ ᠰᠢᠰᠲ᠋ᠧᠮ ᠤᠨ ᠡᠳ᠋ ᠤᠨ ᠶᠠᠪᠤᠳᠠᠯ ᠵᠢᠴᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠬᠤᠷᠠᠯ ᠮᠠᠨᠵᠤᠤᠷ ᠬᠤᠲᠠ ᠳᠤ ᠬᠤᠷᠠᠯᠳᠤᠪᠠ᠃ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠭᠦᠸᠧ ᠹᠸᠡᠭ ᠮᠢᠩ᠂ ᠣᠷᠣᠨ ᠤ ᠲᠣᠪᠴᠢᠶ᠎ᠠ ᠶᠢᠨ ᠬᠠᠮᠢᠶ᠎ᠠ ᠪᠥᠬᠦᠢ ᠭᠠᠵᠠᠷ ᠠᠯᠪᠠᠨ ᠭᠡᠷ ᠵᠢᠴᠢ ᠡᠯ᠎ᠡ ᠠᠶᠢᠮᠠᠭ ᠬᠤᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠰᠤᠷᠭᠠᠭᠤᠯᠢ ᠶᠢᠨ ᠬᠠᠮᠢᠶ᠎ᠠ ᠪᠦᠬᠦᠢ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠭᠦᠸᠧ ᠹᠸᠡᠭ ᠮᠢᠩ 2015 ᠣᠨ ᠤ ᠡᠳ᠋ ᠤᠨ ᠶᠠᠪᠤᠳᠠᠯ ᠵᠢᠴᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠡᠳ᠋ ᠤᠨ ᠶᠠᠪᠤᠳᠠᠯ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠶ ᠵᠠᠳᠠᠯᠤᠨ᠂ ᠡᠨᠡ ᠵᠢᠯ ᠤᠨ ᠡᠳ᠋ ᠤᠨ ᠶᠠᠪᠤᠳᠠᠯ ᠵᠢᠴᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠶ ᠱᠠᠭᠠᠷᠳᠠᠯᠭ᠎ᠠ ᠳᠤᠷᠠᠳᠪᠠ᠄ ᠨᠢᠭᠡ ᠳᠤ ᠪᠠᠶᠢᠭᠤᠯᠤᠯ ᠤᠨ ᠲᠣᠭᠲᠠᠴᠠ ᠶᠢ ᠪᠦᠷᠢᠨᠰᠢᠭᠦᠯᠵᠦ᠂ ᠲᠦᠷᠢᠮ ᠤᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ︔ ᠬᠤᠶᠠᠷ ᠲᠤ ᠡᠳ᠋ ᠤᠨ ᠶᠠᠪᠤᠳᠠᠯ ᠤᠨ ᠰᠠᠭᠤᠷᠢ ᠶᠢ ᠪᠠᠬᠢᠵᠢᠭᠦᠯᠵᠦ᠂ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ︔ ᠭᠤᠷᠪᠠ ᠳᠤ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠠᠴᠠ ᠪᠦᠲᠦᠮᠵᠢᠲᠡᠶ ᠵᠠᠶᠢᠯᠠᠰᠭᠢᠬᠦ ᠬᠡᠷᠡᠭᠲᠡᠢ︔ ᠲᠦᠷᠪᠡ ᠳᠤ ᠡᠳ᠋ ᠤᠨ ᠵᠠᠰᠠᠭ ᠠᠵᠤ ᠠᠬᠤᠶ ᠶᠢᠨ ᠮᠡᠳᠡᠭᠡ ᠵᠠᠩᠬᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ ᠡᠵᠡᠮᠳᠡᠬᠦ ᠴᠢᠳᠠᠪᠤᠷᠢ ᠪᠠᠨ ᠴᠢᠩᠭᠠᠷᠠᠭᠤᠯᠬᠤ ᠬᠡᠷᠡᠭᠲᠡᠢ︔ ᠲᠠᠪᠤ ᠳᠤ ᠦᠪᠡᠷ ᠢ ᠪᠠᠨ ᠪᠦᠬᠦ ᠲᠠᠯ᠎ᠠ ᠪᠠᠷ ᠪᠠᠶᠢᠴᠠᠭᠠᠨ ᠵᠠᠯᠠᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠬᠡᠷᠡᠭᠲᠡᠢ︔ ᠵᠢᠷᠭᠤᠭ᠎ᠠ ᠳᠤ ᠬᠤᠳᠠᠯᠳᠤᠨ ᠠᠪᠬᠤ ᠵᠢᠷᠤᠮᠵᠢᠯ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠬᠤᠳᠠᠯᠳᠤᠨ ᠠᠪᠬᠤ ᠪᠠᠨ ᠴᠢᠩᠭᠠᠳᠬᠠᠬᠤ ᠬᠡᠷᠡᠭᠲᠡᠶ︔ ᠲᠤᠯᠤᠭ᠎ᠠ ᠳᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠶᠠᠪᠤᠳᠠᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︔ ᠨᠠᠢᠮᠠ ᠳᠤ ᠺᠠᠳ᠋ᠷ ᠤᠨ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠤᠯᠠᠮ ᠰᠠᠶᠢᠵᠢᠷᠠᠭᠤᠯᠬᠤ ᠬᠡᠷᠡᠭᠲᠡᠢ︔ ᠶᠢᠰᠦ ᠳᠤ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠭᠰᠠᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠡᠳ᠋ ᠲᠣᠪᠴᠢᠶᠠᠨ ᠳᠠᠷᠤᠭ᠎ᠠ ᠭᠦᠸᠧ ᠹᠧᠩ ᠮᠢᠩ ᠤᠨ ᠶᠠᠷᠢᠶᠠᠨ ᠤ ᠲᠣᠭᠤᠷᠢᠨ ᠳᠤ ᠬᠠᠯᠠᠭᠤᠨ ᠶᠠᠷᠢᠯᠴᠠᠭ᠎ᠠ ᠦᠷᠨᠢᠭᠦᠯᠦᠭᠰᠡᠨ ᠪᠦᠭᠡᠳ ᠣᠳᠣᠬᠠᠨ ᠤ ᠡᠳ᠋ ᠤᠨ ᠶᠠᠪᠤᠳᠠᠯ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠣᠯᠤᠭᠰᠠᠨ ᠲᠤᠷᠰᠢᠯᠭ᠎ᠠ ᠪᠠᠨ ᠭᠦᠨᠵᠡᠭᠡᠢ ᠰᠣᠯᠢᠯᠴᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号