ᠳᠡᠳ᠋ ᠲᠡᠷᠢᠭᠦᠯᠡᠭᠴᠢ ᠸᠠᠩ ᠪᠥᠸᠧ ᠱᠧᠨᠵᠧᠨ ᠬᠤᠲᠠ ᠳᠤ ᠬᠦᠷᠴᠦ ᠤᠫᠲ᠋ᠢᠮᠠᠮ ᠨᠠᠨᠤ᠋ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠤᠯᠪᠣᠭ᠎ᠠ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2016/8/12
     2016 ᠤᠨ ᠤ 8 ᠳ᠋ᠤᠭᠠᠷ ᠰᠠᠷ᠎ᠠ ᠶᠢᠨ 10 - 11᠎ ᠤ ᠡᠳᠦᠷ ᠪᠤᠯᠲᠠᠯ᠎ᠠ᠂ ᠳᠡᠳ᠋ ᠲᠡᠷᠢᠭᠦᠯᠡᠭᠴᠢ ᠸᠠᠩ ᠪᠥᠸᠧ ᠱᠧᠨᠵᠧᠨ ᠬᠤᠲᠠ ᠶᠢᠨ ᠤᠫᠲ᠋ᠢᠮᠠᠮ ᠨᠠᠨᠤ᠋ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠤᠯᠪᠣᠭ᠎ᠠ ᠶᠢᠨ ᠬᠤᠯᠪᠤᠭᠳᠠᠯ ᠪᠦᠬᠦᠢ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠠᠨ ᠤ ᠠᠵᠤ ᠠᠬᠤᠶᠢᠯᠠᠯ ᠤᠨ ᠲᠦᠷᠦᠯ ᠵᠦᠢᠯ ᠢ ᠬᠥᠬᠡᠬᠤᠲᠠ ᠶᠢᠨ ᠶᠢᠨ ᠱᠠᠨ ᠨᠡᠭᠡᠭᠡᠨ ᠬᠥᠭᠵᠢᠭᠦᠯᠬᠦ  ᠲᠤᠭᠤᠷᠢᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠦᠷᠢᠶᠡᠯᠡᠩ ᠲᠤᠭᠤᠷᠢᠭ ᠲᠤ ᠤᠷᠤᠭᠤᠯᠬᠤ ᠬᠡᠷᠡᠭ ᠶᠠᠪᠤᠳᠠᠯ ᠢ ᠵᠦᠪᠯᠡᠪᠡ᠃ ᠣᠳᠣᠬᠠᠨ ᠳᠤ᠂ ᠤᠫᠲ᠋ᠢᠮᠠᠮ ᠨᠠᠨᠤ᠋᠂ ᠶᠤᠸᠡᠢ ᠪᠥᠸᠧ ᠬᠥᠳᠡᠯᠭᠡᠬᠦ ᠬᠦᠴᠦᠨ᠂ ᠳ᠋ᠦᠩᠹᠧᠩ ᠮᠠᠰᠢᠨ ᠲᠡᠷᠭᠡ᠂ ᠯᠠᠨ ᠬᠠᠢ ᠬᠤᠸᠠ ᠲᠧᠩ ᠵᠡᠷᠭᠡ 10 ᠭᠠᠷᠤᠶ ᠬᠤᠯᠪᠣᠭᠠᠨ ᠤ ᠠᠵᠤ ᠠᠬᠤᠶᠢᠯᠠᠯ ᠨᠢᠭᠡᠨᠲᠡ ᠬᠦᠬᠡᠬᠤᠲᠠ ᠳᠤ ᠰᠠᠭᠤᠷᠢᠰᠢᠵᠤ᠂ ᠣᠶᠢᠷ᠎ᠠ ᠳᠤ ᠪᠠᠰᠠ 10 ᠭᠠᠷᠤᠶ ᠠᠵᠤ ᠠᠬᠤᠶᠢᠯᠠᠯ ᠤᠷᠤᠵᠤ ᠰᠠᠭᠤᠷᠢᠰᠢᠬᠤ ᠪᠠᠷ ᠪᠠᠶᠢᠨ᠎ᠠ᠃      ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠳᠡᠳ᠋ ᠲᠡᠷᠢᠭᠦᠯᠡᠭᠴᠢ ᠸᠠᠩ ᠪᠥᠸᠧ ᠤᠫᠲ᠋ᠢᠮᠠᠮ ᠨᠠᠨᠤ᠋ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠤᠯᠪᠣᠭ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠢᠭᠰᠡᠨ ᠪᠠᠶᠢᠨ᠎ᠠ᠃ ᠲᠡᠷᠢᠭᠦᠯᠡᠭᠴᠢ ᠸᠠᠩ ᠪᠥᠸᠧ ᠵᠢᠭᠠᠭᠰᠠᠨ ᠨᠢ᠂ ᠥᠪᠥᠷ ᠮᠣᠩᠭᠤᠯ ᠡᠨᠧᠷᠭᠢ ᠶᠢᠨ ᠰᠤᠷᠪᠤᠯᠵᠢ᠂ ᠴᠠᠬᠢᠯᠭᠠᠨ ᠬᠦᠴᠦ᠂ ᠭᠠᠵᠠᠷ ᠰᠢᠷᠣᠶ᠂ ᠠᠭᠤᠷ ᠠᠮᠢᠰᠬᠤᠯ᠂ ᠣᠷᠣᠨ ᠪᠠᠶᠢᠷᠢ ᠵᠡᠷᠭᠡ ᠲᠠᠯ᠎ᠠ ᠶᠢᠨ ᠬᠦᠴᠦᠨ ᠵᠦᠢᠯ ᠤᠨ ᠳᠠᠪᠠᠭᠤᠯᠢᠭ ᠲᠠᠢ ᠮᠦᠷᠲᠡᠭᠡᠨ ᠡᠯ᠎ᠡ ᠱᠠᠲᠤᠨ ᠤ ᠵᠠᠰᠠᠭ ᠤᠨ ᠣᠷᠳᠣᠨ ᠴᠦ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠮᠥᠩᠭᠦᠨ ᠭᠦᠢᠯᠭᠡᠭᠡ᠂ ᠠᠵᠤ ᠦᠢᠯᠡᠰ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ ᠶᠢ ᠢᠳᠡᠪᠬᠢᠲᠡᠶ ᠰᠤᠳᠤᠯᠤᠨ ᠲᠣᠭᠲᠠᠭᠠᠵᠤ ᠪᠠᠶᠢᠨ᠎ᠠ᠂ ᠡᠳᠡᠭᠡᠷ ᠨᠢ ᠴᠥᠮ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠲᠦᠷᠭᠡᠨ ᠬᠦᠭᠵᠢᠬᠦ ᠶᠢ ᠬᠦᠴᠦᠲᠡᠶ ᠠᠬᠢᠭᠤᠯᠬᠤ ᠪᠤᠯᠤᠨ᠎ᠠ᠃ ᠡᠯ᠎ᠡ ᠬᠤᠯᠪᠣᠭ᠎ᠠ ᠶᠢᠨ ᠠᠵᠤ ᠠᠬᠤᠶᠢᠯᠠᠯ ᠤᠳ ᠢᠲᠡᠭᠡᠯ ᠵᠣᠷᠢᠭ ᠢᠶᠠᠨ ᠪᠠᠲᠤᠳᠬᠠᠨ᠂ ᠲᠥᠷᠥᠯ ᠵᠦᠢᠯ ᠢ ᠰᠠᠭᠤᠷᠢᠰᠢᠭᠤᠯᠬᠤ ᠠᠬᠢᠴᠠ ᠪᠠᠨ ᠲᠦᠷᠭᠡᠳᠬᠡᠨ᠂ ᠦᠷ᠎ᠡ ᠠᠰᠢᠭ ᠢ ᠲᠦᠷᠭᠡᠨ ᠪᠠᠳᠠᠷᠠᠭᠤᠯᠬᠤ ᠬᠡᠷᠡᠭᠲᠡᠢ ᠭᠡᠪᠡ᠃ ᠠᠵᠤ ᠦᠢᠯᠡᠰ ᠤᠨ ᠬᠤᠯᠪᠣᠭᠠᠨ ᠤ ᠬᠡᠷᠡᠭ ᠡᠷᠬᠢᠯᠡᠭᠴᠢᠳ ᠤᠨ ᠳᠠᠷᠤᠭ᠎ᠠ᠂ ᠤᠫᠲ᠋ᠢᠮᠠᠮ ᠨᠠᠨᠤ᠋ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠶᠣᠣ ᠬᠤᠯᠪᠣᠭᠠᠨ ᠤ ᠪᠦᠷᠢᠯᠳᠦᠬᠦᠨ ᠨᠢᠭᠡᠴᠡ ᠶᠢ ᠲᠦᠯᠦᠭᠡᠯᠡᠨ ᠶᠠᠷᠢᠶ᠎ᠠ ᠲᠠᠯᠪᠢᠬᠤ ᠳᠠᠭᠠᠨ ᠢᠯᠡᠳᠬᠡᠭᠰᠡᠨ ᠨᠢ᠂ ᠠᠵᠤ ᠠᠬᠤᠶᠢᠯᠠᠯ ᠤᠨ ᠲᠥᠷᠥᠯ ᠵᠦᠢᠯ ᠢ ᠰᠠᠭᠤᠷᠢᠰᠢᠭᠤᠯᠬᠤ ᠠᠯᠬᠤᠴᠠ ᠶᠢ  ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠦᠷᠦᠯ ᠵᠦᠢᠯ ᠢ ᠠᠯᠢ ᠲᠦᠷᠭᠡᠨ ᠢᠶᠠᠷ ᠦᠢᠯᠡᠳᠪᠦᠷᠢᠯᠡᠬᠦ ᠦᠷ᠎ᠡ ᠪᠦᠲᠦᠮᠵᠢ ᠭᠠᠷᠭᠠᠵᠤ᠂ ᠬᠥᠬᠡᠬᠤᠲᠠ ᠶᠢᠨ ᠠᠵᠤ ᠦᠢᠯᠡᠰ ᠤᠨ ᠬᠦᠷᠢᠶᠡᠯᠡᠩ ᠢ ᠬᠤᠯᠪᠣᠭᠠᠨ ᠤ ᠠᠵᠤ ᠠᠬᠤᠶᠢᠯᠠᠯ ᠤᠨ ᠨᠢᠭᠡᠴᠡ ᠶᠢᠨ ᠬᠠᠮᠲᠤᠷᠠᠨ ᠠᠵᠢᠯᠯᠠᠬᠤ ᠨᠡᠶᠢᠲᠡᠯᠢᠭ ᠵᠢᠱᠢᠶ᠎ᠡ ᠪᠠ ᠵᠢᠱᠢᠶ᠎ᠡ ᠦᠵᠡᠭᠦᠯᠬᠦ ᠴᠢᠭ᠋ ᠪᠤᠯᠭᠠᠨ ᠴᠤᠭᠴᠠᠯᠠᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠦᠨ᠎ᠡ ᠭᠡᠪᠡ᠃      ᠱᠧᠨᠵᠧᠨ ᠳᠤ ᠪᠠᠶᠢᠬᠤ ᠬᠤᠭᠤᠴᠠᠭᠠᠨ ᠳᠤ᠂ ᠳᠡᠳ᠋ ᠲᠡᠷᠢᠭᠦᠯᠡᠭᠴᠢ ᠸᠠᠩ ᠪᠥᠸᠧ ᠪᠠᠰᠠ ᠤᠫᠲ᠋ᠢᠮᠠᠮ ᠨᠠᠨᠤ᠋ ᠪᠦᠯᠦᠭᠯᠡᠯ ᠤᠨ ᠴᠠᠬᠢᠯᠭᠠᠨ ᠴᠡᠨᠡᠭ ᠤᠨ ᠦᠢᠯᠡᠳᠪᠦᠷᠢᠯᠡᠯ ᠤᠨ ᠱᠤᠭᠤᠮ᠂ ᠴᠠᠬᠢᠯᠭᠠᠨ ᠴᠡᠨᠡᠭ ᠤᠨ ᠰᠤᠳᠤᠯᠭᠠᠨ ᠤ ᠬᠦᠷᠢᠶᠡᠯᠡᠩ ᠪᠠ ᠠᠵᠤ ᠦᠢᠯᠡᠰ ᠤᠨ ᠬᠤᠯᠪᠣᠭ᠎ᠠ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠢ ᠲᠤᠭᠤᠷᠢᠨ ᠦᠵᠡᠪᠡ᠃      ᠤᠫᠲ᠋ᠢᠮᠠᠮ ᠨᠠᠨᠤ᠋ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠤᠯᠪᠣᠭ᠎ᠠ 2013 ᠣᠨ ᠤ 10 ᠳ᠋ᠤᠭᠠᠷ ᠰᠠᠷ᠎ᠠ ᠳᠤ ᠪᠠᠶᠢᠭᠤᠯᠤᠭᠳᠠᠵᠤ᠂ ᠣᠳᠣᠬᠠᠨ ᠳᠤ 600 ᠭᠠᠷᠤᠶ ᠬᠤᠯᠪᠣᠭᠠᠨ ᠤ ᠠᠵᠤ ᠠᠬᠤᠶᠢᠯᠠᠯ ᠲᠠᠢ ᠪᠠᠶᠢᠵᠤ᠂ ᠤᠢᠢᠯᠡᠳᠭᠡᠭᠦᠨ ᠤ ᠦᠷᠳᠡᠭ ᠨᠢ ᠭᠡᠳᠦᠨ ᠮᠢᠩᠭᠠᠨ ᠳ᠋ᠦᠩᠰᠢᠭᠤᠷ ᠲᠥᠭᠦᠷᠢᠭ ᠠᠷᠠᠳ ᠤᠨ ᠵᠤᠭᠤᠰ ᠢ ᠳᠠᠪᠠᠭᠰᠠᠨ ᠪᠠᠶᠢᠨ᠎ᠠ᠃ ᠬᠤᠯᠪᠣᠭ᠎ᠠ ᠨᠢ ᠠᠵᠤ ᠠᠬᠤᠶᠢᠯᠠᠯ ᠤᠨ ᠮᠠᠷᠭᠡᠵᠢᠯ ᠤᠨ ᠰᠤᠳᠤᠯᠤᠨ ᠨᠡᠭᠡᠭᠡᠬᠦ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠲᠥᠪ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠪᠠ ᠪᠡᠯᠡ ᠮᠦᠩᠭᠦ ᠶᠢᠨ ᠪᠣᠳᠠᠲᠤ ᠬᠦᠴᠦᠨ ᠢ ᠠᠰᠢᠭᠯᠠᠬᠤ ᠳᠤ ᠬᠦᠴᠦ ᠲᠠᠯᠪᠢᠨ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠬᠠᠮᠤᠷᠠᠭᠰᠠᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠰᠢᠨ᠎ᠡ ᠡᠳ᠋ ᠮᠠᠲ᠋ᠧᠷᠢᠶᠠᠯ᠂ ᠰᠢᠨ᠎ᠡ ᠪᠦᠲᠦᠴᠡ᠂ ᠰᠢᠨ᠎ᠡ ᠬᠥᠳᠡᠯᠭᠡᠬᠦ ᠬᠦᠴᠦᠨ᠂ ᠰᠢᠨ᠎ᠡ ᠤᠷᠠᠨ ᠮᠡᠷᠭᠡᠰᠢᠯ᠂ ᠰᠢᠨ᠎ᠡ ᠬᠡᠪ ᠵᠠᠭᠪᠤᠷ ᠵᠡᠷᠭᠡ ᠲᠠᠪᠤᠨ ᠲᠠᠯ᠎ᠠ ᠪᠠᠷ ᠳᠤᠮᠳᠠᠳᠤ ᠤᠯᠤᠰ ᠤᠨ ᠢᠷᠡᠭᠡᠳᠦᠶ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠢ ᠡᠭᠦᠳᠦᠨ ᠪᠠᠶᠢᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号