8 ᠳ᠋ᠤᠭᠠᠷ ᠰᠠᠷ᠎ᠠ ᠶᠢᠨ 11 ᠤ ᠡᠳᠦᠷ ᠲᠡᠭᠦᠰᠦᠭᠰᠡᠨ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠬᠤᠳᠠ | ᠪᠠᠯᠭᠠᠰᠤᠵᠢᠯᠳᠠ ᠶᠢᠨ ᠠᠬᠢᠴᠠ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠠᠵᠢᠯ ᠤᠨ ᠬᠤᠷᠠᠯᠳᠤᠭᠠᠨ ᠠᠴᠠ | ᠣᠶᠢᠯᠠᠭᠠᠭᠰᠠᠨ ᠢᠶᠠᠷ 2015 ᠣᠨ ᠪᠣᠯᠬᠤ ᠳᠤ᠂ ᠮᠠᠨ ᠤ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ | ᠬᠤᠳᠠ ᠪᠠᠯᠭᠠᠰᠤᠵᠢᠯᠳᠡ ᠶᠢᠨ ᠨᠤᠷᠮ᠎ᠠ ᠨᠢ 60.3% ᠳᠤ ᠬᠦᠷᠴᠦ᠂ ᠠᠳᠠᠯᠢ ᠬᠤᠭᠤᠴᠠᠭᠠᠨ ᠤ ᠪᠦᠬᠦ ᠤᠯᠤᠰ ᠤᠨ | ᠬᠤᠲᠠ ᠪᠠᠯᠭᠠᠰᠤᠵᠢᠯᠳᠠ ᠶᠢᠨ ᠨᠣᠷᠮ᠎ᠠ ᠶᠢᠨ ᠳᠤᠮᠳᠠᠴᠢ ᠬᠢᠷᠢ ᠬᠡᠮᠵᠢᠶ᠎ᠡ ᠠᠴᠠ 4.2 ᠵᠠᠭᠤᠨ ᠤ ᠴᠡᠭ ᠥᠨᠳᠥᠷ | ᠪᠣᠯᠪᠠ᠃ | ᠬᠤᠷᠠᠯ ᠠᠴᠠ ᠵᠢᠭᠠᠭᠰᠠᠨ ᠨᠢ᠂ ᠬᠤᠲᠠ ᠪᠠᠯᠭᠠᠰᠤᠵᠢᠯᠲᠠ ᠶᠢᠨ ᠨᠤᠷᠮ᠎ᠠ ᠶᠢᠨ ᠵᠢᠯ ᠳᠠᠷᠠᠭᠠᠯᠠᠨ ᠨᠡᠮᠡᠭᠳᠡᠭᠰᠡᠨ | ᠨᠢ ᠪᠦᠬᠦ ᠣᠷᠣᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ | ᠠᠳᠠᠯᠢ ᠲᠡᠭᠰᠢ ᠪᠣᠯᠭᠠᠬᠤ ᠴᠢᠨᠠᠭᠰᠢᠯᠠᠪᠠᠯ ᠪᠦᠬᠦᠯᠢ ᠴᠣᠭᠴᠠ ᠶᠢᠨ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ | ᠶᠢ ᠲᠦᠢᠯ ᠤᠨ ᠶᠡᠭᠡ ᠪᠠᠷ ᠠᠬᠢᠭᠤᠯᠪᠠ᠃ ᠭᠡᠪᠡᠴᠦ ᠡᠭᠦᠨ ᠤ ᠵᠡᠷᠭᠡᠪᠡᠷ ︽12 · 5︾ ᠶᠢᠨ ᠲᠥᠯᠥᠪᠵᠢᠭᠦᠯᠭᠡ | ᠳᠤ ᠣᠷᠣᠭᠰᠠᠨ ᠠᠴᠠ ᠨᠠᠰᠢ᠂ ᠠᠵᠤ ᠠᠬᠤᠶ ᠪᠠᠭᠤᠷᠠᠬᠤ ᠳᠠᠷᠤᠯᠲᠠ ᠨᠡᠮᠡᠭᠳᠡᠬᠦ ᠵᠡᠷᠭᠡ ᠠᠰᠢᠭ ᠦᠭᠡᠢ ᠬᠦᠴᠦᠨ | ᠵᠦᠢᠯ ᠤᠨ ᠨᠥᠯᠥᠭᠡ ᠠᠴᠠ ᠪᠣᠯᠵᠤ᠂ ᠮᠠᠨ ᠤ ᠣᠷᠣᠨ ᠤ ᠬᠤᠳᠠ ᠪᠠᠯᠭᠠᠰᠤᠵᠢᠯᠳᠠ ᠶᠢᠨ ᠠᠬᠢᠴᠠ ᠳᠡᠭᠡᠳᠦ | ᠬᠤᠷᠳᠤᠴᠠ ᠲᠠᠢ ᠪᠠᠶᠢᠭᠰᠠᠨ ᠠᠴᠠ ᠪᠠᠨ ᠳᠤᠮᠳᠠ ᠳᠡᠭᠡᠳᠦ ᠬᠤᠷᠳᠤᠴᠠ ᠪᠣᠯᠵᠤ ᠬᠤᠪᠢᠷᠠᠨ᠂ ᠤᠯᠠᠨ ᠵᠢᠯ ᠤᠨ | ᠲᠤᠷᠰᠢᠬᠢ᠂ ᠤᠯᠠᠮᠵᠢᠯᠠᠯᠲᠤ ᠬᠤᠳᠠ ᠪᠠᠯᠭᠠᠰᠤᠵᠢᠯᠳᠠ ᠶᠢᠨ ᠠᠬᠢᠴᠠ ᠳᠤ ᠬᠤᠲᠠ ᠬᠥᠳᠡᠭᠡ ᠶᠢᠨ ᠬᠥᠭᠵᠢᠯᠲᠡ | ᠲᠡᠩᠴᠡᠭᠦᠷᠢ ᠦᠭᠡᠶ᠂ ᠬᠤᠳᠠ ᠪᠠᠯᠭᠠᠰᠤᠵᠢᠯᠳᠠ ᠶᠢᠨ ᠶᠠᠰᠤ ᠴᠢᠨᠠᠷ ᠠᠨᠠᠶ ᠵᠡᠷᠭᠡ ᠠᠯᠢ ᠣᠯᠠᠨ ᠲᠠᠯᠳᠠ ᠭᠡᠮ ᠪᠣᠯᠤᠨ | ᠠᠰᠠᠭᠤᠳᠠᠯ ᠳᠠᠭᠠᠯᠳᠤᠵᠤ᠂ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠭᠦᠢᠴᠡᠳᠬᠡᠯ ᠲᠤᠭ᠎ᠠ ᠳᠤ ᠲᠤᠰᠬᠠᠬᠤ | ᠮᠥᠷᠲᠡᠭᠡᠨ ᠰᠢᠢᠳᠪᠦᠷᠢᠯᠡᠬᠦ ᠴᠢᠬᠤᠯᠠᠲᠠᠢ ᠪᠠᠶᠢᠬᠤ ᠶᠢ ᠣᠯᠵᠤ ᠦᠵᠡᠬᠦ ᠬᠡᠷᠡᠭᠲᠡᠢ᠃ ᠶᠠᠭ ᠡᠶᠢᠮᠦ ᠠᠴᠠ ︽ | ᠬᠥᠮᠦᠨ ᠢᠶᠠᠷ ᠦᠨᠳᠦᠰᠦ ᠪᠣᠯᠭᠠᠬᠤ᠂ ᠳᠥᠷᠪᠡ ᠶᠢ ᠵᠡᠷᠭᠡᠪᠡᠷ ᠠᠬᠢᠭᠤᠯᠬᠤ᠂ ᠪᠠᠶᠢᠷᠢᠰᠢᠯ ᠢ ᠰᠢᠯᠢᠳᠡᠭᠵᠢᠭᠦᠯᠬᠦ᠂ ᠠᠮᠢ | ᠠᠬᠤᠶ ᠶᠢᠨ ᠪᠣᠯᠪᠠᠰᠤᠨ᠂ ᠰᠣᠶᠣᠯ ᠤᠨ ᠤᠯᠠᠮᠵᠢᠯᠠᠯ︾ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠳᠠ ᠶᠢᠨ | ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠶᠠᠭ ᠰᠠᠶ᠋ᠢᠬᠠᠨ ᠪᠤᠢ ᠪᠣᠯᠤᠭᠰᠠᠨ ︽ᠥᠪᠥᠷ ᠮᠣᠩᠭᠤᠯ ᠤᠨ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠲᠥᠰᠦᠯ ︵ᠲᠤᠷᠰᠢᠨ | ᠬᠡᠷᠡᠭᠵᠢᠭᠦᠯᠬᠦ︶︾ ᠢ ᠵᠢᠷᠤᠮᠵᠢᠭᠤᠯᠤᠨ ᠪᠦᠷᠢᠨᠰᠢᠭᠦᠯᠵᠦ ᠪᠣᠢ᠃ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠡᠯᠡᠭᠰᠡᠨ ᠢᠶᠠᠷ ︽ᠲᠥᠰᠦᠯ︾ ᠢ | ᠬᠡᠷᠡᠭᠵᠢᠭᠦᠯᠦᠭᠰᠡᠨ ᠤ ᠰᠡᠭᠦᠯᠡᠷ᠂ ᠪᠦᠬᠦ ᠣᠷᠣᠨ ᠤ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠶᠢᠨ | ᠬᠥᠭᠵᠢᠯᠲᠡ ᠳᠤ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠰᠢᠢᠳᠪᠦᠷᠢᠲᠦ ᠪᠤᠳᠦᠯᠭ᠎ᠠ ᠶᠢᠨ ᠡᠰᠢ ᠪᠠᠷᠢᠮᠲᠠ | ᠣᠯᠭᠤᠨ ᠥᠭᠬᠦ ᠪᠣᠯᠣᠨ᠎ᠠ᠃ |