ᠥᠪᠥᠷ ᠮᠣᠩᠭᠤᠯ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠲᠦᠷᠦ ᠶᠢᠨ ᠪᠤᠳᠤᠯᠭ᠎ᠠ ᠶᠢᠨ ᠲᠣᠬᠠᠢ 30 ᠠᠰᠠᠭᠤᠯᠲᠠ
ᠨᠡᠶᠢᠲᠡᠯᠡᠭᠰᠡᠨ ᠴᠠᠭ᠄
2016/8/12
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠷᠴᠢᠮᠬᠠᠨ ︽ ︿ᠠᠳᠠᠯ ᠦᠢᠯᠡᠰ ᠴᠣᠭᠴᠠᠯᠠᠬᠤ ᠥᠪᠥᠷ ᠮᠣᠩᠭᠤᠯ﹀ ᠠᠵᠢᠯᠯᠠᠭᠠᠨ ᠤ ᠲᠥᠯᠥᠪᠯᠡᠭᠡ ︵2016 ᠣᠨ - 2020 ᠣᠨ︶ ᠶᠢ ᠳᠠᠷᠤᠮᠠᠯᠯᠠᠨ ᠲᠠᠷᠬᠠᠭᠠᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵︽ᠲᠥᠯᠥᠪᠯᠡᠭᠡ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠪᠦᠬᠦ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠬᠤ ᠶᠢ ᠤᠯᠠᠮ ᠴᠢᠨᠠᠭᠰᠢᠳᠠ ᠲᠦᠯᠬᠢᠨ ᠠᠬᠢᠭᠤᠯᠵᠤ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠰᠠᠶᠢᠨ ᠰᠠᠶᠢᠬᠠᠨ ᠪᠠᠶᠢᠳᠠᠯ ᠢ ᠲᠥᠷᠭᠡᠨ ᠪᠤᠢ ᠪᠣᠯᠭᠠᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠨ᠂ ᠠᠵᠢᠯ ᠣᠯᠭᠤᠯᠲᠠ ᠶᠢᠨ ᠣᠷᠣᠨ ᠵᠠᠶ ᠶᠢ ᠢᠳᠡᠪᠬᠢᠲᠡᠢ ᠪᠠᠷ ᠥᠷᠭᠡᠳᠭᠡᠬᠦ ᠬᠡᠷᠡᠭᠲᠡᠢ ᠭᠡᠵᠦ ᠳᠤᠷᠠᠳᠪᠠ᠃      ︽ᠲᠥᠯᠥᠪᠯᠡᠭᠡ︾ ᠳᠤ ᠡᠭᠦᠳᠦᠨ ᠴᠣᠭᠴᠠᠯᠠᠭᠴᠢ ᠶᠢᠨ ᠬᠦᠰᠡᠯ ᠢ ᠲᠡᠷᠭᠡᠯᠰᠢᠭᠦᠯᠬᠦ ᠲᠥᠯᠥᠪᠯᠡᠭᠡ ᠂ ᠠᠳᠠᠯ ᠦᠢᠯᠡᠰ ᠴᠣᠭᠴᠠᠯᠠᠬᠤ ᠳᠤ ᠨᠡᠪᠴᠢᠭᠦᠯᠦᠭᠦᠷ ᠪᠠᠶᠢᠭᠤᠯᠬᠤ ᠲᠥᠯᠥᠪᠯᠡᠭᠡ᠂ ᠠᠳᠠᠯ ᠦᠢᠯᠡᠰ ᠴᠣᠭᠴᠠᠯᠠᠬᠤ ᠳᠤ ᠵᠠᠮ ᠳᠠᠭᠠᠭᠤᠯᠬᠤ ᠲᠥᠯᠥᠪᠯᠡᠭᠡ᠂ ᠪᠡᠯᠡ ᠲᠤᠬᠢᠷᠠᠭᠤᠯᠭ᠎ᠠ ᠶᠢ ᠰᠢᠯᠤᠭᠤᠨ ᠨᠡᠪᠲᠡᠷᠡᠭᠦᠯᠬᠦ ᠲᠥᠯᠥᠪᠯᠡᠭᠡ᠂ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠲᠥᠯᠥᠪᠯᠡᠭᠡ᠂ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ ᠤ ᠠᠳᠠᠯ ᠦᠢᠯᠡᠰ ᠴᠣᠭᠴᠠᠯᠠᠬᠤ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ ᠃ ᠪᠦᠬᠦ ᠣᠷᠣᠨ ᠤ ᠡᠯ᠎ᠡ ᠱᠠᠲᠤᠨ ᠤ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠢᠳᠡᠪᠬᠢᠲᠡᠶ ᠬᠦᠳᠡᠯᠦᠯᠴᠡᠵᠦ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠳᠤ ᠬᠥᠲᠥᠯᠥᠨ ᠳᠠᠭᠠᠭᠤᠯᠬᠤ ᠪᠠ ᠲᠡᠳᠡᠨ ᠳᠤ ᠦᠢᠯᠡᠴᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠳᠤᠷᠠᠳᠪᠠ᠃      ᠥᠪᠡᠷᠲᠡᠭᠡᠨ ᠵᠠᠰᠠᠬᠤ ᠣᠷᠣᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠠᠯᠢ ᠤᠯᠠᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠨᠡᠶᠢᠲᠡᠯᠡᠵᠡᠢ᠂ ᠤᠩᠰᠢᠭᠴᠢᠳ ᠡᠳᠡᠭᠡᠷ ᠲᠦᠷᠦ ᠶᠢᠨ ᠪᠤᠳᠤᠯᠭ᠎ᠠ ᠶᠢ ᠨᠡᠩ ᠰᠠᠶᠢᠲᠤᠷ ᠣᠶᠢᠯᠭᠠᠬᠤ ᠳᠤ ᠬᠠᠪᠰᠤᠷᠤᠮᠵᠢ ᠪᠣᠯᠭᠠᠬᠤ ᠶᠢᠨ ᠲᠥᠯᠥᠭᠡ᠂ ᠪᠢᠳ᠋ᠨ 30 ᠴᠢᠬᠤᠯᠠ ᠵᠦᠢᠯ ᠰᠣᠩᠭᠤᠵᠤ᠂ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠲᠠᠶᠢᠯᠪᠤᠷᠢᠯᠠᠬᠤ ᠪᠣᠯᠪᠠ᠃       1 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠳᠤ ᠶᠠᠮᠠᠷ ᠶᠠᠮᠠᠷ ᠬᠠᠷᠠᠭᠠᠯᠵᠠᠯ ᠤᠨ ᠲᠦᠷᠦ ᠶᠢᠨ ᠪᠣᠳᠤᠯᠭ᠎ᠠ ᠬᠥᠷᠲᠡᠬᠦ ᠪᠤᠢ︖       ᠬᠠᠷᠢᠭᠤᠯᠲᠠ᠄ ᠨᠢᠭᠡ ᠳᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠪᠣᠯᠤᠨ ᠳᠠᠮ ᠬᠦᠦ  ᠲᠠᠢ ᠳᠡᠮᠵᠢᠯᠭᠡ ᠣᠯᠭᠤᠨ᠎ᠠ︔ ᠬᠤᠶᠠᠷ ᠲᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠬᠤᠯᠪᠣᠭᠳᠠᠯ ᠪᠦᠬᠦᠢ ᠰᠦᠢᠳᠬᠡᠯ ᠢ ᠦᠯᠦ ᠬᠤᠷᠢᠶᠠᠨ᠎ᠠ︔ ᠭᠤᠷᠪᠠ ᠳᠤ ᠪᠣᠯᠪᠠᠰᠤᠷᠠᠭᠤᠯᠤᠯ ᠤᠨ ᠨᠥᠬᠦᠪᠥᠷᠢ ᠬᠦᠷᠲᠡᠨ᠎ᠡ︔ ᠳᠥᠷᠪᠡ ᠳᠤ ᠠᠳᠠᠯ ᠦᠢᠯᠡᠰ ᠪᠤᠰᠬᠠᠬᠤ  ᠦᠢᠯᠡᠴᠢᠯᠡᠭᠡ ᠶᠢ ᠰᠦᠢᠳᠬᠡᠯ ᠲᠤᠰᠢᠶᠠᠬᠤ ᠦᠭᠡᠢ ᠪᠠᠷ ᠬᠦᠷᠲᠡᠨ᠎ᠡ᠃       2 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠮᠵᠢᠯᠲᠠ ᠲᠠᠢ ᠠᠳᠠᠯ ᠦᠢᠯᠡᠰ  ᠴᠣᠭᠴᠠᠯᠠᠭᠴᠢ ᠳᠤ ᠶᠠᠮᠠᠷ ᠶᠠᠮᠠᠷ ᠤᠷᠮᠠᠰᠢᠭᠤᠯᠤᠯ ᠤᠨ ᠲᠦᠷᠦ ᠶᠢᠨ ᠪᠣᠳᠤᠯᠭ᠎ᠠ ᠪᠠᠶᠢᠬᠤ ᠪᠤᠢ︖       ᠬᠠᠷᠢᠭᠤᠯᠲᠠ᠄ ᠡᠯ᠎ᠡ ᠱᠠᠲᠤᠨ ᠤ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠳᠠᠯ ᠦᠢᠯᠡᠰ ᠴᠣᠭᠴᠠᠯᠠᠬᠰᠠᠨ ᠨᠡᠶᠢᠲᠡᠯᠢᠭ ᠵᠢᠱᠢᠶ᠎ᠡ ᠨᠦᠭᠦᠳ ᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠨᠢ ᠪᠠᠳᠠᠷᠠᠭᠤᠯᠬᠤ ᠶᠢᠨ ᠲᠥᠯᠥᠭᠡ᠂ ᠵᠢᠯ ᠪᠦᠷᠢ ᠨᠡᠶᠢᠭᠡᠮ ᠠᠴᠠ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠭᠰᠡᠨ᠂ ᠤᠢᠰᠦᠠ ᠪᠤᠶᠢᠵᠢᠬᠤ ᠴᠢᠨᠠᠷ ᠢᠶᠠᠷ ᠰᠡᠶᠢᠠ᠂ ᠠᠵᠢᠯ  ᠣᠯᠭᠤᠯᠲᠠ ᠪᠠᠷ ᠤᠯᠠᠨ ᠨᠢᠭᠡ ᠪᠦᠯᠦᠭ ᠠᠳᠠᠯ ᠦᠢᠯᠡᠰ ᠴᠣᠭᠴᠠᠯᠠᠬᠤ ᠲᠦᠷᠦᠯ ᠵᠦᠢᠯ ᠢ ᠰᠤᠩᠭᠤᠵᠤ᠂ ︽ ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠣᠬᠢᠬᠤ ᠲᠣᠭᠠᠨ ᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃       3 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠪᠠᠶᠢᠬᠤ ᠪᠤᠢ︖       ᠬᠠᠷᠢᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠳᠠᠯ ᠦᠢᠯᠡᠰ ᠴᠣᠭᠴᠠᠯᠠᠬᠤ ᠳᠤ ᠬᠠᠮᠤᠭ ᠤᠨ ᠦᠨᠳᠦᠷ ᠲᠡᠭᠡᠨ 50 ᠲᠦᠮᠡᠨ ᠲᠦᠬᠦᠷᠢᠭ ᠤᠨ ᠭᠠᠭᠴᠠ ᠤᠳᠠᠭᠠᠨ ᠤ ᠳᠠᠭᠠᠭᠠᠯᠲᠠ ᠶᠢᠨ ᠵᠢᠭᠡᠯᠡᠯᠭᠡ ᠣᠯᠵᠤ ᠪᠣᠯᠤᠨ᠎ᠠ᠂ ᠭᠡᠪᠡᠴᠦ ᠠᠳᠠᠯ ᠦᠢᠯᠡᠰ ᠴᠣᠭᠴᠠᠯᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠦᠬᠦᠨ 50 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠭᠠᠭᠴᠠ ᠤᠳᠠᠭᠠᠨ ᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ ᠪᠣᠯᠬᠤ ᠪᠢᠰᠢ᠂ ᠬᠠᠷᠢᠨ ᠠᠳᠠᠯ ᠦᠢᠯᠡᠰ ᠴᠣᠭᠴᠠᠯᠠᠬᠤ ᠲᠥᠷᠥᠯ ᠵᠦᠢᠯ᠂ ᠠᠵᠢᠯ ᠣᠯᠭᠤᠬᠤ ᠴᠢᠳᠠᠪᠤᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ᠂  ᠠᠵᠤ ᠠᠬᠤᠶ ᠨᠡᠶᠢᠭᠡᠮ ᠤᠨ ᠳᠠᠯᠳᠠ ᠦᠷ᠎ᠡ ᠠᠰᠢᠭ᠂ ᠵᠠᠬ᠎ᠠ ᠳᠡᠯᠭᠡᠭᠦᠷ ᠤᠨ ᠬᠦᠭᠵᠢᠯᠲᠡ ᠶᠢᠨ ᠢᠷᠡᠭᠡᠳᠦᠶ ᠵᠡᠷᠭᠡ ᠶᠢ ᠨᠢ ᠦᠨᠳᠦᠰᠦᠯᠡᠨ᠂ ᠵᠢᠭᠡᠯᠡᠯᠭᠡ ᠶᠢᠨ ᠮᠥᠩᠭᠦ ᠶᠢ ᠵᠦᠢ ᠵᠣᠬᠢᠰᠲᠠᠶ ᠲᠣᠭᠲᠠᠭᠠᠨ᠎ᠠ᠃      4 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠮᠵᠢᠯᠲᠠ ᠲᠠᠢ ᠠᠳᠠᠯ ᠦᠢᠯᠡᠰ  ᠴᠣᠭᠴᠠᠯᠠᠭᠠᠳ᠂ ᠡᠵᠡᠩᠨᠡᠯᠲᠡ ᠶᠢᠨ ᠬᠡᠪᠴᠢᠶ᠎ᠡ ᠪᠠᠨ ᠥᠷᠭᠡᠳᠬᠡᠭᠰᠡᠨ ᠤ ᠳᠠᠷᠠᠭ᠎ᠠ᠂ ᠪᠠᠭ᠎ᠠ ᠲᠣᠭᠠᠨ ᠤ  ᠳᠠᠭᠠᠭᠠᠯᠲᠠ ᠶᠢᠨ ᠵᠢᠭᠡᠯᠡᠯᠭᠡ ᠶᠢ ᠬᠤᠶᠠᠷ ᠤᠳᠠᠭ᠎ᠠ ᠠᠴᠠ ᠳᠡᠭᠡᠭᠰᠢ ᠭᠤᠶᠤᠴᠢᠯᠠᠬᠤ ᠳᠤ ᠶᠠᠮᠠᠷ ᠬᠠᠷᠠᠭᠠᠯᠵᠠᠯ ᠤᠨ ᠲᠦᠷᠦ ᠶᠢᠨ ᠪᠣᠳᠤᠯᠭ᠎ᠠ ᠬᠦᠷᠲᠡᠬᠦ ᠪᠤᠢ︖      ᠬᠠᠷᠢᠭᠤᠯᠲᠠ᠄ ᠬᠡᠷᠪᠡ ᠳᠠᠬᠢᠨᠲᠠ ᠠᠵᠢᠯ ᠣᠯᠭᠤᠭᠰᠠᠨ ᠬᠥᠮᠦᠨ ᠤ ᠲᠤᠭ᠎ᠠ ᠨᠢ ᠪᠦᠬᠦ ᠠᠵᠢᠯᠲᠠᠨ ᠤ ᠶᠡᠷᠦᠩᠬᠡᠶ ᠲᠣᠭᠠᠨ  ᠤ 30% ᠠᠴᠠ ᠳᠡᠭᠡᠭᠰᠢ ᠳᠤ ᠬᠦᠷᠦᠭᠰᠡᠨ ᠪᠣᠯ᠂ ᠠᠩᠬᠠᠳᠠᠭᠴᠢ ᠵᠢᠭᠡᠯᠡᠯᠭᠡ ᠶᠢᠨ ᠲᠣᠭᠠᠨ ᠤ ᠨᠢᠭᠡ ᠳᠠᠬᠢᠨ ᠠᠴᠠ ᠳᠡᠭᠡᠭᠰᠢ ᠪᠠᠭ᠎ᠠ ᠲᠣᠭᠠᠨ ᠤ ᠵᠢᠭᠡᠯᠡᠯᠭᠡ ᠶᠢᠨ ᠲᠡᠳᠬᠦᠮᠵᠢ  ᠣᠯᠭᠤᠨ᠎ᠠ᠃      5 . ᠤᠶᠤᠲᠠᠳ ᠠᠳᠠᠯ ᠦᠢᠯᠡᠰ‌‍ᠴᠣᠭᠴᠠᠯᠠᠬᠤ ᠳᠤ ᠶᠠᠮᠠᠷ ᠶᠠᠮᠠᠷ ᠨᠡᠶᠢᠭᠡᠮ ᠤᠨ ᠳᠠᠭᠠᠳᠬᠠᠯ ᠤᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠬᠦᠷᠲᠡᠬᠦ ᠪᠤᠢ︖      ᠬᠠᠷᠢᠭᠤᠯᠲᠠ᠄ ᠭᠡᠷ ᠪᠦᠯᠢ ᠶᠢᠨ ᠠᠮᠢᠳᠤᠷᠠᠯ ᠨᠢ ᠬᠦᠴᠢᠷᠲᠡᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠬᠤᠪᠢ ᠶᠢᠨ ᠡᠵᠡᠩᠨᠡᠯᠲᠡ ᠬᠢᠬᠦ ᠪᠤᠶᠤ ᠵᠢᠵᠢᠭ ᠪᠢᠴᠢᠯ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠦᠭᠡᠳ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠴᠠᠭ ᠲᠣᠬᠠᠢ ᠳᠤᠨᠢ ᠭᠦᠢᠴᠡᠳ ᠲᠤᠰᠢᠶᠠᠭᠰᠠᠨ ᠪᠣᠯ᠂ ᠠᠵᠢᠯ ᠤᠯᠬᠤ ᠳᠤ ᠬᠦᠴᠢᠷᠲᠡᠶ ᠬᠥᠮᠦᠰ ᠤᠨ ᠬᠦᠷᠲᠡᠵᠦ ᠪᠠᠶᠢᠬᠤ ᠨᠠᠰᠤᠵᠢᠯ ᠤᠨ ᠦᠨᠳᠦᠰᠦᠨ ᠳᠠᠭᠠᠳᠬᠠᠯ ᠪᠣᠯᠣᠨ ᠡᠮ ᠡᠮᠨᠡᠯᠭᠡ ᠶᠢᠨ ᠳᠠᠭᠠᠳᠬᠠᠯ ᠤᠨ ᠨᠥᠬᠦᠪᠥᠷᠢ ᠥᠭᠬᠦ ᠲᠥᠷᠥ ᠶᠢᠨ ᠪᠤᠳᠤᠯᠭ᠎ᠠ ᠪᠠᠷ ᠯᠠᠪᠯᠠᠯᠲᠠ ᠪᠣᠯᠭᠠᠵᠤ ᠪᠣᠯᠣᠨ᠎ᠠ᠂ ᠨᠥᠬᠦᠪᠥᠷᠢ ᠥᠭᠬᠦ ᠬᠤᠭᠤᠴᠠᠭ᠎ᠠ ᠶᠢ 3 ᠵᠢᠯ ᠠᠴᠠ ᠬᠡᠲᠦᠷᠡᠭᠦᠯᠬᠦ ᠦᠭᠡᠢ᠃ ᠨᠥᠬᠦᠴᠡᠯ ᠳᠤ ᠨᠡᠶᠢᠴᠡᠬᠦ  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠡᠶ᠎ᠡ ᠶᠢᠨ ᠦᠨᠡᠮᠯᠡᠯ᠂ ᠡᠷᠤᠭᠡ ᠠᠮᠠ ᠶᠢᠨ ᠲᠠᠩᠰᠠ ᠶᠢᠨ ᠳᠡᠪᠲᠡᠷ᠂ ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠵᠢᠴᠢ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠭᠡᠷᠡᠴᠢ ᠪᠠᠨ ᠠᠪᠤᠭᠠᠳ᠂ ᠠᠳᠠᠯ ᠦᠢᠯᠡᠰ ᠴᠣᠭᠴᠠᠯᠠᠬᠤ ᠪᠠᠶᠢᠭ᠎ᠠ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠣᠴᠢᠵᠤ ᠭᠤᠶᠤᠴᠢᠯᠠᠯ ᠳᠡᠪᠰᠢᠭᠦᠯᠦᠨ᠎ᠡ᠂ ᠭᠤᠶᠤᠴᠢᠯᠠᠨ ᠠᠪᠬᠤ ᠴᠤᠪᠤᠷᠠᠯ᠂ ᠨᠥᠬᠦᠪᠥᠷᠢ ᠶᠢᠨ ᠪᠠᠷᠢᠮᠵᠢᠶ᠎ᠠ᠂ ᠪᠡᠯᠡ ᠮᠥᠩᠭᠦ ᠰᠠᠯᠭᠠᠨ ᠥᠭᠬᠦ ᠵᠡᠷᠭᠡ ᠶᠢ ᠪᠣᠯ ᠠᠵᠢᠯ ᠤᠯᠬᠤ ᠳᠤ ᠬᠦᠴᠢᠷᠲᠡᠶ ᠬᠥᠮᠦᠰ ᠲᠤ ᠠᠮᠢᠳᠤᠯᠢᠭ ᠠᠵᠢᠯ ᠣᠯᠭᠤᠠ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠬᠦᠷᠲᠡᠭᠡᠬᠦ ᠬᠤᠯᠪᠣᠭᠳᠠᠯ ᠪᠦᠬᠦᠢ ᠲᠣᠭᠲᠠᠭᠠᠯ ᠢᠶᠠᠷ ᠬᠡᠷᠡᠭᠵᠢᠭᠦᠯᠵᠦ᠂ ᠬᠡᠷᠡᠭᠰᠡᠬᠦ ᠪᠡᠯᠡ ᠮᠥᠩᠭᠦ ᠶᠢ ᠠᠵᠢᠯ ᠣᠯᠭᠤᠬᠤ ᠲᠤᠰᠬᠠᠶ ᠪᠡᠯᠡ ᠮᠥᠩᠭᠦ ᠠᠴᠠ ᠭᠠᠷᠭᠠᠨ᠎ᠠ᠃      6 . ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠳᠤ ᠠᠳᠠᠯ ᠦᠢᠯᠡᠰ ᠴᠣᠭᠴᠠᠯᠠᠬᠤ ᠨᠥᠬᠦᠪᠥᠷᠢ ᠶᠢ ᠬᠦᠷᠲᠡᠨ᠎ᠡ ᠤᠤ ᠦᠭᠡᠢ ᠦᠦ︖      ᠬᠠᠷᠢᠭᠤᠯᠲᠠ᠄ ᠲᠡᠭᠦᠰᠦᠭᠡᠳ 5 ᠵᠢᠯ ᠪᠣᠯᠣᠭᠠᠳᠤᠢ ᠶᠡᠭᠡ ᠳᠡᠭᠡᠳᠦ ᠰᠤᠷᠭᠠᠭᠤᠯᠢ ᠶᠢᠨ ᠲᠡᠭᠦᠰᠦᠭᠰᠡᠳ  ︵ᠲᠡᠭᠦᠰᠬᠦ ᠵᠢᠯ ᠤᠨ ᠰᠤᠷᠭᠠᠭᠤᠯᠢ ᠳᠤ ᠪᠠᠶᠢᠭ᠎ᠠ ᠣᠶᠣᠲᠠᠨ ᠪᠠᠭᠲᠠᠨ᠎ᠠ︶᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠮᠠᠭᠠᠳᠯᠠᠨ ᠲᠣᠭᠲᠠᠭᠠᠭᠰᠠᠨ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ ᠤᠨ ᠰᠠᠭᠤᠷᠢᠨ ᠭᠠᠵᠠᠷ ᠲᠤ ᠠᠮᠵᠢᠯᠲᠠ ᠲᠠᠢ ᠠᠳᠠᠯ ᠦᠢᠯᠡᠰ ᠴᠣᠭᠴᠠᠯᠠᠭᠰᠠᠨ  ᠪᠦᠭᠡᠳ1 ᠵᠢᠯ ᠠᠴᠠ ᠳᠡᠭᠡᠭᠰᠢ ᠲᠣᠭᠲᠠᠪᠤᠷᠢᠲᠠᠢ ᠡᠵᠡᠩᠨᠡᠭᠰᠡᠨ ᠪᠣᠯ᠂ 1 ᠲᠦᠮᠡᠨ ᠲᠥᠭᠦᠷᠢᠭ ᠠᠴᠠ ᠳᠡᠭᠡᠭᠰᠢ ᠠᠳᠠᠯ ᠦᠢᠯᠡᠰ ᠴᠣᠭᠴᠠᠯᠠᠬᠤ ᠨᠥᠬᠦᠪᠥᠷᠢ ᠣᠯᠭᠤᠨ᠎ᠠ᠂ ᠪᠣᠳᠠᠲᠠᠶ ᠨᠥᠬᠦᠪᠥᠷᠢ ᠣᠯᠭᠤᠬᠤ ᠪᠠᠷᠢᠮᠵᠢᠶ᠎ᠠ ᠶᠢ ᠡᠯ᠎ᠡ ᠠᠶᠢᠮᠠᠭ ᠬᠤᠲᠠ ᠥᠪᠡᠰᠦᠪᠡᠨ ᠲᠣᠭᠲᠠᠭᠠᠨ᠎ᠠ᠃ ᠠᠳᠠᠯᠢ ᠨᠢᠭᠡ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ ᠵᠥᠪᠬᠡᠨ ᠨᠢᠭᠡ ᠯᠡ ᠤᠳᠠᠭ᠎ᠠ ᠨᠥᠬᠦᠪᠥᠷᠢ ᠬᠦᠷᠲᠡᠨ᠎ᠡ᠃ ᠭᠡᠬᠦ ᠳᠡᠭᠡᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠪᠠᠶᠢᠬᠤ ᠬᠡᠷᠡᠭᠲᠡᠢ᠃      7 . ᠨᠥᠬᠦᠴᠡᠯ ᠳᠤ ᠨᠡᠶᠢᠴᠡᠬᠦ ᠤᠶᠤᠲᠠᠳ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠡᠭᠡᠨ ᠠᠳᠠᠯ ᠦᠢᠯᠡᠰ ᠴᠣᠭᠴᠠᠯᠠᠬᠤ ᠨᠥᠬᠦᠪᠥᠷᠢ ᠶᠢ ᠬᠡᠷᠬᠢᠨ ᠭᠤᠶᠤᠴᠢᠯᠠᠬᠤ ᠪᠤᠢ︖      ᠬᠠᠷᠢᠭᠤᠯᠲᠠ᠄ ᠨᠥᠬᠦᠴᠡᠯ ᠳᠤ ᠨᠡᠶᠢᠴᠡᠭᠰᠡᠨ ᠤᠶᠤᠲᠠᠳ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠡᠭᠡᠨ ᠪᠠᠶᠢᠭ᠎ᠠ ᠭᠠᠵᠠᠷ ᠤᠨ ᠢᠶᠠᠨ ᠬᠤᠰᠢᠭᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠳᠠᠯ ᠦᠢᠯᠡᠰ ᠴᠣᠭᠴᠠᠯᠠᠬᠤ ᠨᠥᠬᠦᠪᠥᠷᠢ ᠭᠤᠶᠤᠴᠢᠯᠠᠵᠤ ᠪᠣᠯᠣᠨ᠎ᠠ ︵ᠶᠡᠭᠡ ᠳᠡᠭᠡᠳᠦ ᠰᠤᠷᠭᠠᠭᠤᠯᠢ ᠲᠡᠭᠡᠨ ᠠᠳᠠᠯ ᠦᠢᠯᠡᠰ ᠴᠣᠭᠴᠠᠯᠠᠬᠤ ᠲᠠᠪᠴᠠᠩ ᠲᠤ ᠨᠡᠪᠴᠢᠭᠦᠯᠦᠭᠰᠡᠨ ᠣᠶᠣᠲᠠᠳ ᠤᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ ᠠᠳᠠᠯ ᠦᠢᠯᠡᠰ ᠴᠣᠭᠴᠠᠯᠠᠬᠤ ᠨᠥᠬᠦᠪᠦᠷᠢ ᠭᠤᠶᠤᠴᠢᠯᠠᠬᠤ ᠳᠤ ᠶᠡᠭᠡ ᠳᠡᠭᠡᠳᠦ ᠰᠤᠷᠭᠠᠭᠤᠯᠢ ᠨᠢ ᠬᠤᠷᠢᠶᠠᠩᠭᠤᠶᠢᠯᠠᠭᠰᠠᠨ ᠤ ᠲᠡᠷᠠᠭ᠎ᠠ᠂ ᠶᠡᠭᠡ ᠳᠡᠭᠡᠳᠦ ᠰᠤᠷᠭᠠᠭᠤᠯᠢ ᠶᠢᠨ ᠡᠳ᠋ ᠤᠨ ᠵᠠᠰᠠᠭ ᠤᠨ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠨ᠎ᠠ︶︔ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠠᠳ᠂ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠬᠦ ᠶᠢᠨ ᠬᠠᠮᠲᠤ ᠬᠢᠨᠠᠯᠲᠠ ᠶᠢ ᠬᠦᠯᠢᠶᠡᠬᠦ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠷᠯᠠᠨ ᠨᠡᠶᠢᠲᠡᠯᠡᠭᠡᠳ ᠣᠨᠳᠣᠣ ᠰᠠᠨᠠᠯ ᠥᠭᠡᠢ ᠲᠥᠷᠥᠯ ᠵᠦᠢᠯ ᠳᠤ ᠲᠣᠭᠲᠠᠭᠠᠯ ᠶᠣᠰᠣᠭᠠᠷ ᠨᠥᠬᠦᠪᠥᠷᠢ ᠮᠥᠩᠭᠦ ᠰᠠᠯᠭᠠᠨ ᠥᠭᠭᠦᠨ᠎ᠡ᠃      8 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠶᠠᠮᠠᠷ ᠠᠭᠤᠯᠭ᠎ᠠ ᠪᠠᠶᠢᠬᠤ ᠪᠤᠢ︖      ᠬᠠᠷᠢᠭᠤᠯᠲᠠ᠄ ᠪᠣᠯᠪᠠᠰᠤᠷᠠᠭᠤᠯᠤᠯ ᠤᠨ ᠠᠭᠤᠯᠭ᠎ᠠ ᠨᠢ ᠭᠡᠪᠡᠯ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠠᠴᠠ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠲᠦᠭᠡᠮᠡᠯᠵᠢᠭᠦᠯᠬᠦ  ᠢ ᠹᠠᠩ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ᠂ ᠤᠶᠤᠲᠠᠳ ᠲᠤ ᠰᠤᠳᠤᠯᠤᠨ ᠨᠡᠭᠡᠭᠡᠭᠰᠡᠨ ᠠᠳᠠᠯ ᠦᠢᠯᠡᠰ ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ᠪᠣᠯᠣᠨ᠎ᠠ᠃ ᠪᠣᠯᠪᠠᠰᠤᠷᠠᠭᠤᠯᠤᠯ ᠨᠢ ᠠᠳᠠᠯ ᠦᠢᠯᠡᠰ ᠴᠣᠭᠴᠠᠯᠠᠬᠤ ᠡᠮᠦᠨᠡᠬᠢ ᠬᠤᠭᠤᠴᠠᠭᠠᠨ ᠤ ᠪᠡᠯᠡᠳᠬᠡᠯ᠂ ᠠᠳᠠᠯ ᠦᠢᠯᠡᠰ ᠴᠣᠭᠴᠠᠯᠠᠬᠤ ᠴᠢᠳᠠᠪᠤᠷᠢ ᠶᠢᠨ ᠪᠦᠲᠦᠭᠡᠯᠲᠡ᠂ ᠥᠪᠡᠷ ᠤᠨ ᠠᠵᠤ ᠠᠬᠤᠶᠢᠯᠠᠯ ᠤᠨ ᠪᠠᠶᠢᠭᠤᠯᠤᠯᠲᠠ᠂ ᠥᠪᠡᠷ ᠤᠨ ᠠᠵᠤ ᠠᠬᠤᠶᠢᠯᠠᠯ ᠤᠨ ᠡᠵᠡᠩᠨᠡᠡᠬᠦ ᠲᠥᠷᠪᠡᠨ ᠶᠡᠭᠡ ᠬᠡᠰᠡᠭ ᠬᠤᠪᠢᠶᠠᠨ᠎ᠠ᠃ ᠪᠣᠯᠪᠠᠰᠤᠷᠠᠭᠤᠯᠤᠯ ᠳᠤ ᠠᠳᠠᠯ ᠦᠢᠯᠡᠰ ᠴᠣᠭᠴᠠᠯᠠᠬᠤ ᠤᠬᠠᠭᠳᠠᠬᠤᠨ ᠪᠠ ᠠᠳᠠᠯ ᠦᠢᠯᠡᠰ ᠴᠣᠭᠴᠠᠯᠠᠭᠴᠢ ᠶᠢᠨ  ᠬᠡᠪ ᠪᠣᠯᠪᠠᠰᠤᠷᠠᠯ᠂ ᠠᠳᠠᠯ ᠦᠢᠯᠡᠰ ᠴᠣᠭᠴᠠᠯᠠᠬᠤ ᠴᠢᠳᠠᠪᠤᠷᠢ᠂ ᠠᠳᠠᠯ ᠦᠢᠯᠡᠰ ᠴᠣᠭᠴᠠᠯᠠᠬᠤ ᠲᠥᠯᠥᠪᠯᠡᠭᠡ ᠶᠢᠨ ᠪᠢᠴᠢᠭ᠂ ᠠᠵᠤ ᠠᠬᠤᠶᠢᠯᠠᠯ ᠡᠭᠦᠳᠦᠨ ᠪᠠᠶᠢᠭᠤᠯᠬᠤ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ᠂ ᠡᠵᠡᠩᠨᠡᠨ ᠪᠣᠷᠣᠯᠠᠭᠤᠯᠬᠤ ᠬᠠᠮᠢᠶᠠᠷᠤᠯᠲᠠ ᠵᠢᠴᠢ ᠡᠯᠧᠺᠲᠷᠤᠨ ᠬᠤᠳᠠᠯᠳᠤᠭᠠᠨ ᠤ ᠶᠠᠪᠤᠳᠠᠯ᠂ ᠬᠤᠳᠠᠯᠳᠤᠭᠠᠨ ᠤ ᠶᠠᠪᠤᠳᠠᠯ ᠤᠨ ᠬᠡᠯᠡᠯᠴᠡᠭᠡᠷ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠬᠢᠭᠡᠳ ᠡᠵᠡᠩᠨᠡᠯᠲᠡ ᠶᠢᠨ ᠳᠠᠳᠤᠯᠭ᠎ᠠ ᠪᠣᠯᠪᠠᠰᠤᠷᠠᠭᠤᠯᠤᠯ᠂ ᠠᠵᠤ ᠠᠬᠤᠶᠢᠯᠠᠯ ᠤᠨ ᠡᠵᠡᠩᠨᠡᠯᠲᠡ ᠶᠢᠨ ᠤᠷᠤᠯᠳᠤᠭᠠᠨ ᠵᠡᠷᠭᠡ 10 ᠨᠢᠭᠡᠴᠡ ᠪᠠᠭᠲᠠᠨ᠎ᠠ᠃      9 . ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠲᠠᠯ᠎ᠠ ᠪᠠᠷ ᠶᠠᠮᠠᠷ ᠶᠠᠮᠠᠷ ᠲᠣᠭᠲᠠᠭᠠᠯ ᠪᠠᠶᠢᠬᠤ ᠪᠣᠢ︖      ᠬᠠᠷᠢᠭᠤᠯᠲᠠ᠄ ᠲᠡᠭᠦᠰᠦᠭᠰᠡᠨ ᠵᠢᠯ ᠠᠴᠠ ᠠᠪᠤᠭᠠᠳ 5 ᠵᠢᠯ ᠤᠨ ᠳᠣᠲᠣᠷ᠎ᠠ ᠠᠵᠢᠯ ᠣᠯᠤᠭᠠᠳᠤᠶ  ᠶᠡᠭᠡ ᠳᠡᠭᠡᠳᠦ ᠰᠤᠷᠭᠠᠭᠤᠯᠢ ᠶᠢᠨ ᠲᠡᠭᠦᠰᠦᠭᠰᠡᠳ ᠴᠦᠮ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠳᠤ ᠣᠷᠣᠯᠴᠠᠵᠤ ᠪᠣᠯᠣᠨ᠎ᠠ᠃      10 . ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠤᠷᠤᠯᠴᠠᠬᠤ ᠨᠢ ᠶᠠᠮᠠᠷ ᠦᠢᠯᠡᠳᠦᠯ ᠲᠠᠢ ᠪᠤᠢ︖      ᠬᠠᠷᠢᠭᠤᠯᠲᠠ᠄ ᠠᠳᠠᠯ ᠦᠢᠯᠡᠰ ᠴᠣᠭᠴᠠᠯᠠᠬᠤ ᠪᠤᠯᠪᠠᠰᠤᠷᠠᠭᠤᠯᠤᠯ ᠬᠢᠬᠦ ᠶᠢᠨ ᠵᠣᠷᠢᠯᠭ᠎ᠠ ᠪᠣᠯ ᠪᠤᠯᠪᠠᠰᠤᠷᠠᠭᠤᠯᠤᠯ ᠢᠶᠠᠷ ᠳᠠᠮᠵᠢᠭᠤᠯᠤᠨ ᠠᠳᠠᠯ ᠦᠢᠯᠡᠰ ᠴᠤᠭᠴᠠᠯᠠᠬᠤ ᠬᠦᠰᠡᠯᠡᠩ ᠲᠠᠢ ᠠᠳᠠᠯ ᠦᠢᠯᠡᠰ ᠴᠤᠭᠴᠠᠯᠠᠭᠠᠳᠤᠢ ᠬᠦᠮᠦᠰ ᠲᠤ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠢ ᠨᠢ ᠪᠤᠢ ᠪᠤᠯᠭᠠᠵᠤ᠂ ᠨᠢᠭᠡᠨᠲᠡ ᠠᠳᠠᠯ ᠦᠢᠯᠡᠰ ᠴᠤᠭᠴᠠᠯᠠᠭᠰᠠᠳ ᠤᠨ ᠠᠵᠤ ᠠᠬᠤᠶᠢᠯᠠᠯ ᠤᠨ ᠬᠠᠮᠢᠶᠠᠷᠤᠯᠲᠠ ᠪᠠ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠳᠠᠯ ᠦᠢᠯᠡᠰ ᠴᠤᠭᠴᠠᠯᠠᠭᠴᠢᠳ ᠤᠨ ᠠᠵᠤ ᠠᠬᠤᠶᠢᠯᠠᠯ ᠡᠷᠬᠢᠯᠡᠬᠦ᠂ ᠡᠵᠡᠩᠨᠡᠯᠲᠡ ᠶᠢᠨ ᠶᠠᠪᠤᠴᠠ ᠳᠤᠨᠢ ᠠᠳᠠᠯ ᠦᠢᠯᠡᠰ ᠴᠤᠭᠴᠠᠯᠠᠬᠤ ᠵᠢᠯᠤᠭᠤᠳᠤᠯᠭ᠎ᠠ ᠪᠠ ᠮᠦᠷᠳᠡᠯ ᠦᠢᠯᠡᠴᠢᠯᠡᠭᠡ ᠬᠠᠨᠭ᠍ᠭᠠᠵᠤ᠂ ᠵᠢᠵᠢᠭ ᠠᠵᠤ ᠠᠬᠤᠶᠢᠯᠠᠯ ᠤᠳ ᠤᠨ ᠣᠷᠣᠰᠢᠨ ᠲᠣᠭᠲᠠᠨᠢᠬᠤ ᠪᠠ ᠬᠥᠭᠵᠢᠬᠦ ᠪᠤᠯᠭᠠᠵᠤ᠂ ᠠᠳᠠᠯ ᠦᠢᠯᠡᠰ ᠴᠤᠭᠴᠠᠯᠠᠭᠰᠠᠳ ᠲᠤᠰ ᠪᠡᠶ᠎ᠡ ᠶᠢᠨ ᠠᠵᠢᠯ ᠤᠯᠬᠤ ᠠᠰᠠᠭᠤᠳᠠᠯ ᠢᠶᠠᠨ  ᠰᠢᠢᠳᠪᠦᠷᠢᠯᠡᠬᠦ ᠶᠢᠨ ᠬᠠᠮᠲᠤ ᠨᠡᠩ ᠠᠷᠪᠢᠨ ᠠᠵᠢᠯ ᠣᠯᠭᠤᠬᠤ ᠠᠵᠢᠯ ᠤᠨ ᠪᠠᠶᠢᠷᠢ ᠶᠢ ᠡᠭᠦᠳᠦᠨ ᠪᠦᠲᠦᠭᠡᠬᠦ ᠪᠠ ᠬᠠᠩᠭᠠᠵᠤ᠂ ᠨᠡᠩ ᠤᠯᠠᠨ ᠬᠥᠮᠦᠰ ᠢ ᠬᠠᠪᠰᠤᠷᠴᠤ ᠠᠵᠢᠯ ᠣᠯᠭᠤᠬᠤ ᠶᠢ ᠪᠡᠶᠡᠯᠡᠭᠦᠯᠬᠦ ᠶᠠᠪᠤᠳᠠᠯ ᠪᠤᠯᠤᠨ᠎ᠠ᠃      11 . ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠶᠤᠲᠠᠳ ᠰᠤᠷᠭᠠᠭᠤᠯᠢ ᠶᠢᠨ ᠬᠠᠷᠢᠶ᠎ᠠ ᠪᠠᠨ ᠦᠯᠡᠳᠡᠭᠡᠨ ᠠᠳᠠᠯ ᠦᠢᠯᠡᠰ ᠴᠤᠭᠴᠠᠯᠠᠵᠤ ᠪᠣᠯᠤᠨ᠎ᠠ ᠤᠤ︖      ᠬᠠᠷᠢᠭᠤᠯᠲᠠ᠄ ᠥᠪᠥᠷ ᠮᠣᠩᠭᠤᠯ ᠤᠨ ᠠᠳᠠᠯ ᠦᠢᠯᠡᠰ ᠴᠤᠭᠴᠠᠯᠠᠬᠤ ᠶᠡᠭᠡ ᠰᠤᠷᠭᠠᠭᠤᠯᠢ ᠶᠢᠨ ᠣᠶᠤᠲᠠᠨ ᠳᠤ ᠤᠶᠠᠨ ᠬᠠᠳᠠᠨ ᠴᠢᠨᠠᠷᠲᠠᠶ ᠰᠤᠷᠭᠠᠭᠤᠯᠢ ᠶᠢᠨ ᠳᠦᠷᠢᠮ ᠢ ᠬᠡᠷᠡᠭᠵᠢᠬᠦᠯᠵᠤ᠂ ᠰᠤᠷᠤᠭᠴᠢᠳ ᠤᠨ ᠰᠤᠷᠤᠯᠴᠠᠬᠤ ᠵᠢᠯ ᠬᠤᠭᠤᠴᠠᠭ᠎ᠠ ᠶᠢ ᠠᠭᠤᠵᠢᠭᠤ ᠲᠠᠯᠪᠢᠵᠤ᠂ ᠰᠤᠷᠭᠠᠭᠤᠯᠢ ᠳᠤ ᠪᠠᠶᠢᠭ᠎ᠠ ᠶᠡᠭᠡ ᠰᠤᠷᠭᠠᠭᠤᠯᠢ ᠶᠢᠨ ᠤᠶᠤᠲᠠᠳ ᠰᠤᠷᠤᠯᠭ᠎ᠠ ᠶᠢᠨ ᠠᠬᠢᠴᠠ ᠪᠠᠨ ᠲᠣᠬᠢᠷᠠᠭᠤᠯᠵᠤ ᠪᠤᠯᠬᠤ ᠶᠢ ᠵᠦᠪᠰᠢᠶᠡᠷᠡᠵᠤ᠂ ᠰᠤᠷᠭᠠᠭᠤᠯᠢ ᠶᠢᠨ ᠬᠠᠷᠢᠶ᠎ᠠ ᠪᠠᠨ ᠦᠯᠡᠳᠡᠭᠡᠨ ᠰᠤᠷᠤᠯᠭ᠎ᠠ ᠠᠴᠠ ᠪᠠᠨ ᠲᠦᠷ  ᠵᠤᠭᠰᠤᠵᠤ ᠠᠳᠠᠯ ᠦᠢᠯᠡᠰ ᠴᠤᠭᠴᠠᠯᠠᠵᠤ ᠪᠤᠯᠤᠨ᠎ᠠ᠃      12 . ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ ᠬᠠᠩᠭᠠᠬᠤ ᠴᠢᠬᠤᠯᠠ ᠲᠠᠢ ᠪᠤᠢ︖      ᠬᠠᠷᠢᠭᠤᠯᠲᠠ᠄ ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠭᠤᠶᠤᠴᠢᠯᠠᠬᠤ ᠳᠤ ᠵᠢᠭᠡᠯᠡᠭᠴᠢ ᠠᠴᠠ ᠬᠠᠨᠭ᠍ᠭᠠᠬᠤ ᠴᠢᠬᠤᠯᠠ ᠲᠠᠢ ᠮᠠᠲ᠋ᠧᠷᠢᠶᠠᠯ ᠬᠡᠪᠡᠯ᠄ ᠲᠡᠭᠦᠰᠦᠭᠰᠡᠨ ᠦᠨᠡᠮᠯᠡᠯ ︵ᠲᠡᠭᠦᠰᠬᠦ ᠣᠨ ᠤ ᠣᠶᠤᠲᠠᠨ ᠰᠤᠷᠭᠠᠭᠤᠯᠢ ᠶᠢᠨ ᠬᠡᠷᠡᠴᠢ ᠲᠠᠢ ᠪᠠᠶᠢᠬᠤ ᠬᠡᠷᠡᠭᠲᠠᠢ︶︔ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨᠠᠨ ᠣᠯᠭᠤᠭᠰᠠᠨ ︽ᠠᠵᠢᠯ ᠤᠯᠤᠭᠰᠠᠨ ᠪᠠ ᠠᠵᠢᠯ ᠠᠯᠳᠠᠭᠰᠠᠨ ᠳᠠᠩᠰᠠᠯᠠᠯ ᠤᠨ ᠦᠨᠡᠮᠯᠡᠯ︾ ᠪᠤᠶᠤ ︽ᠠᠵᠢᠯ ᠣᠯᠭᠤᠬᠤ ᠠᠳᠠᠯ ᠦᠢᠯᠡᠰ ᠴᠤᠭᠴᠠᠯᠠᠬᠤ ᠦᠨᠡᠮᠯᠡᠯ︾᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ︽ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠦᠨᠡᠮᠯᠡᠯ︾ ᠪᠤᠶᠤ ︽ᠠᠳᠠᠯ ᠦᠢᠯᠡᠰ ᠴᠤᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ  ᠰᠤᠷᠤᠯᠭᠠᠲᠠᠨ ᠤ ᠬᠢᠷᠢ ᠲᠡᠩᠴᠡᠭᠰᠡᠨ   ᠦᠨᠡᠮᠯᠡᠯ︾︔ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨᠠᠨ ᠣᠯᠭᠤᠭᠰᠠᠨ ︽ᠡᠵᠡᠩᠨᠡᠯᠲᠡ ᠶᠢᠨ ᠦᠨᠡᠮᠯᠡᠯ︾ ︽ᠭᠠᠶᠢᠯᠢ ᠶᠢᠨ ᠶᠠᠪᠤᠳᠠᠯ ᠤᠨ ᠳᠠᠩᠰᠠᠯᠠᠯ ᠤᠨ ᠦᠨᠡᠮᠯᠡᠯ︾︔ ᠳᠠᠭᠠᠭᠠᠨ ᠭᠦᠢᠴᠡᠳᠬᠡᠬᠦ ᠪᠠᠩᠬᠢ ᠶᠢᠨ ᠲᠣᠭᠲᠠᠭᠠᠭᠰᠠᠨ ᠪᠤᠰᠤᠳ ᠪᠢᠴᠢᠭ ᠮᠠᠲ᠋ᠧᠷᠢᠶᠠᠯ ᠵᠡᠷᠭᠡ ᠪᠤᠯᠤᠨ᠎ᠠ᠃      13 . ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠬᠤᠭᠤᠴᠠᠭ᠎ᠠ ᠨᠢ ᠬᠡᠳᠦᠨ ᠵᠢᠯ ᠪᠤᠢ︖      ᠬᠠᠷᠢᠭᠤᠯᠲᠠ᠄ ᠵᠢᠭᠡᠯᠡᠯᠭᠡ ᠶᠢᠨ ᠬᠤᠭᠤᠴᠠᠭ᠎ᠠ ᠨᠢ 2 ᠵᠢᠯ ᠪᠣᠯᠤᠨ᠎ᠠ᠂ ᠲᠣᠭᠲᠠᠭᠠᠯ ᠶᠣᠰᠣᠭᠠᠷ ᠳᠠᠮ ᠬᠦᠦ ᠮᠥᠩᠭᠦ ᠤᠯᠭᠤᠨ᠎ᠠ᠃      14 . ᠭᠠᠳᠠᠭᠠᠳᠤ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠭᠡᠳ ᠪᠤᠴᠠᠵᠤ ᠢᠷᠡᠭᠰᠡᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠤᠭᠴᠠᠯᠠᠬᠤ ᠬᠠᠷᠠᠭᠠᠯᠵᠠᠯ ᠤᠨ ᠲᠦᠷᠦ ᠶᠢᠨ ᠪᠣᠳᠤᠯᠭ᠎ᠠ ᠶᠢ ᠬᠦᠷᠲᠡᠵᠤ ᠪᠤᠯᠤᠨ᠎ᠠ ᠤᠤ︖      ᠬᠠᠷᠢᠭᠤᠯᠲᠠ᠄ ᠭᠠᠳᠠᠭᠠᠳᠤ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠭᠡᠳ ᠪᠤᠴᠠᠵᠤ ᠢᠷᠡᠭᠰᠡᠳ᠂ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠭᠰᠠᠨ ᠰᠤᠷᠤᠯᠭ᠎ᠠ ᠶᠢᠨ ᠨᠠᠮᠲᠠᠷ ᠪᠤᠯᠤᠨ ᠡᠷᠳᠡᠮ ᠤᠨ ᠴᠣᠯᠠ ᠶᠢᠨ ᠬᠡᠷᠡᠴᠢ ᠲᠠᠢ ᠪᠤᠯ᠂ ᠤᠯᠤᠰ ᠤᠨ ᠳᠣᠲᠣᠭᠠᠳᠤ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠳᠤ ᠬᠦᠷᠲᠡᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠠᠷ ᠯᠠᠪᠯᠠᠯᠲᠠ ᠪᠤᠯᠭᠠᠨ᠎ᠠ᠃      15 . ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠷ᠎ᠡ ᠪᠦᠲᠦᠭᠡᠯ ᠢ ᠤᠯᠠᠷᠢᠭᠤᠯᠤᠭᠠᠳ ᠣᠯᠤᠭᠰᠠᠨ ᠠᠰᠢᠭ ᠣᠯᠵᠠᠪᠤᠷᠢ ᠶᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠷᠢᠭᠤᠴᠠᠯᠭᠠᠲᠠᠨ᠂ ᠭᠤᠣᠯᠯᠠᠭᠴᠢ ᠮᠡᠷᠭᠡᠵᠢᠯ ᠤᠨ ᠠᠵᠢᠯᠳᠡᠠ ᠵᠡᠷᠭᠡ ᠴᠢᠬᠤᠯᠠ ᠬᠤᠪᠢ ᠨᠡᠮᠡᠷᠢ ᠦᠵᠡᠭᠦᠯᠦᠭᠰᠡᠨ ᠬᠥᠮᠦᠰ ᠪᠤᠯᠤᠨ ᠪᠦᠯᠬᠦᠮ ᠢ ᠶᠠᠮᠠᠷ ᠬᠠᠷᠢᠴᠠᠯ ᠢᠶᠠᠷ ᠱᠠᠩᠨᠠᠬᠤ ᠪᠤᠶ︖      ᠬᠠᠷᠢᠭᠤᠯᠲᠠ᠄ ᠬᠠᠷᠢᠴᠠᠯ ᠢ 70 % ᠠᠴᠠ ᠳᠤᠤᠷ᠎ᠠ ᠪᠠᠶᠢᠯᠭᠠᠬᠤ ᠦᠭᠡᠢ᠃      16 . ᠠᠳᠠᠯ ᠦᠢᠯᠡᠰ ᠴᠣᠭᠴᠠᠯᠠᠬᠤ ᠬᠥᠭᠵᠢᠭᠦᠯᠦᠯᠲᠡ ᠶᠢᠨ ᠪᠡᠯᠡ ᠮᠥᠩᠭᠦ ᠶᠢ ᠭᠤᠣᠯᠳᠠᠭᠤ ᠠᠯᠢ ᠠᠯᠢ ᠲᠠᠯ᠎ᠠ ᠳᠤ ᠬᠡᠷᠡᠭᠯᠡᠬᠦ ᠪᠤᠢ︖      ᠬᠠᠷᠢᠭᠤᠯᠲᠠ᠄ ᠭᠤᠣᠯᠳᠠᠭᠤ ᠤᠯᠤᠰ ᠤᠨ ᠲᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠠᠳᠠᠯ ᠦᠢᠯᠡᠰ  ᠴᠤᠭᠴᠠᠯᠠᠬᠤ ᠬᠡᠯᠪᠡᠷᠢ ᠶᠢᠨ ᠬᠤᠳᠠ ᠶᠢ ᠪᠠᠶᠢᠭᠤᠯᠤᠭᠰᠠᠨ ᠱᠠᠩᠨᠠᠯ ᠳᠤ ᠬᠡᠷᠡᠭᠯᠡᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠤᠭᠴᠠᠯᠠᠬᠤ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠪᠠ ᠠᠳᠠᠯ ᠦᠢᠯᠡᠰ ᠴᠤᠭᠴᠠᠯᠠᠬᠤ ᠦᠢᠯᠡᠴᠢᠯᠡᠭᠡ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠶᠢ ᠳᠠᠶᠢᠴᠢᠯᠠᠭᠰᠠᠨ ᠱᠠᠩᠨᠠᠯ ᠪᠤᠯᠤᠨ ᠤᠬᠠᠭᠤᠯᠭ᠎ᠠ᠂ ᠦᠢᠯᠡᠰ ᠴᠤᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠠᠳᠠᠯ ᠦᠢᠯᠡᠰ  ᠴᠤᠭᠴᠠᠯᠠᠬᠤ ᠨᠡᠪᠴᠢᠭᠦᠯᠦᠭᠦᠷ ᠤᠨ ᠰᠠᠭᠤᠷᠢᠨ ᠭᠠᠵᠠᠷ ᠤᠨ ᠱᠠᠩᠨᠠᠯ ᠨᠦᠬᠦᠪᠦᠷᠢ᠂ ᠠᠳᠠᠯ ᠦᠢᠯᠡᠰ ᠴᠣᠭᠴᠠᠯᠠᠬᠤ ᠨᠡᠶᠢᠲᠡᠯᠢᠭ ᠵᠢᠱᠢᠶ᠎ᠡ ᠶᠢᠨ ᠱᠠᠩᠨᠠᠯ᠂ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠤᠷᠤᠯᠳᠤᠭᠠᠨ ᠤ ᠵᠠᠷᠤᠳᠠᠯ ᠵᠡᠷᠭᠡ ᠶᠢ ᠲᠡᠳᠭᠦᠨ ᠳᠡᠮᠵᠢᠨ᠎ᠡ᠃      17 . ᠶᠠᠮᠠᠷ ᠶᠠᠮᠠᠷ ᠬᠥᠳᠡᠯᠮᠦᠷᠢᠴᠢᠳ ᠠᠳᠠᠯ ᠦᠢᠯᠡᠰ ᠴᠣᠭᠴᠠᠯᠠᠬᠤ ᠳᠤ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠪᠠᠷ ᠲᠡᠳᠬᠦᠬᠦ ᠲᠦᠷᠦ ᠶᠢᠨ ᠪᠣᠳᠤᠯᠭ᠎ᠠ ᠶᠢ ᠬᠦᠷᠲᠡᠵᠤ ᠪᠤᠯᠬᠤ ᠪᠤᠢ︖      ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠬᠢᠵᠠᠭᠠᠷ ᠳᠣᠲᠣᠷ᠎ᠠ ᠠᠳᠠᠯ ᠦᠢᠯᠡᠰ ᠴᠤᠭᠴᠠᠯᠠᠬᠤ ᠠᠵᠢᠯ ᠠᠯᠳᠠᠭᠰᠠᠳ ᠢᠶᠠᠷ ᠳᠠᠩᠰᠠᠯᠠᠭᠤᠯᠤᠭᠰᠠᠳ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ ᠬᠦᠴᠢᠷᠲᠡᠶ ᠬᠥᠮᠦᠰ᠂ ᠴᠡᠷᠢᠭ ᠤᠨ ᠬᠠᠯᠠᠭᠳᠠᠭᠰᠠᠳ ᠰᠢᠯᠵᠢᠭᠰᠡᠳ ᠪᠠᠭᠤᠭᠰᠠᠳ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠬᠥᠮᠦᠵᠢᠭᠦᠯᠬᠦ ᠪᠠᠷ ᠰᠤᠯᠠᠯᠠᠭᠳᠠᠭᠰᠠᠳ᠂ ᠮᠠᠯᠴᠢᠨ ᠲᠠᠷᠢᠶᠠᠴᠢᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠬᠤᠳᠠ ᠬᠥᠳᠡᠭᠡ ᠶᠢᠨ ᠬᠦᠳᠡᠯᠮᠦᠷᠢᠴᠢᠳ ᠪᠦᠬᠦᠨ ᠴᠦᠮ 2 ᠵᠢᠯ ᠤᠨ ᠬᠤᠭᠤᠴᠠᠭ᠎ᠠ ᠲᠠᠢ ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠲᠡᠳᠭᠦᠮᠵᠢ ᠶᠢᠨ ᠲᠦᠷᠦ ᠶᠢᠨ ᠪᠤᠳᠤᠯᠭ᠎ᠠ ᠶᠢ ᠬᠦᠷᠲᠡᠵᠤ ᠪᠤᠯᠤᠨ᠎ᠠ᠂ ᠵᠢᠬᠡᠯᠡᠭᠴᠢ ᠬᠤᠭᠤᠴᠠᠭ᠎ᠠ ᠪᠠᠨ ᠤᠷᠲᠤᠳᠬᠠᠬᠤ ᠴᠢᠬᠤᠯᠠ ᠲᠠᠢ ᠦᠶᠡᠰ ᠨᠢᠭᠡ ᠤᠳᠠᠭ᠎ᠠ ᠬᠤᠭᠤᠴᠠᠭ᠎ᠠ ᠪᠠᠨ ᠤᠷᠲᠤᠰᠬᠠᠬᠤ ᠪᠣᠯᠤᠨ᠎ᠠ᠂ ᠤᠷᠲᠤᠳᠬᠠᠬᠤ ᠬᠤᠭᠤᠴᠠᠭ᠎ᠠ ᠶᠢ ᠬᠠᠮᠤᠭ ᠣᠷᠳᠣ ᠳᠠᠭᠠᠨ 1 ᠵᠢᠯ ᠠᠴᠠ ᠬᠡᠲᠦᠷᠡᠬᠦᠯᠵᠤ ᠪᠤᠯᠬᠤ ᠦᠭᠡᠶ᠂ ᠬᠤᠭᠤᠴᠠᠭ᠎ᠠ ᠶᠢ ᠤᠷᠲᠤᠳᠬᠠᠬᠤ ᠳᠤ ᠳᠠᠮ ᠬᠦᠦ ᠮᠥᠩᠭᠦ ᠦᠭᠭᠦ ᠦᠭᠡᠢ᠃      18 . ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠴᠦ᠂ ᠦᠢ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠬᠤ ᠣᠷᠣᠨ ᠵᠠᠶ ᠶᠢ ᠪᠠᠶᠢᠭᠤᠯᠬᠤ ᠳᠤ ᠶᠠᠮᠠᠷ ᠶᠠᠮᠠᠷ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠬᠦᠷᠲᠡᠬᠦ ᠪᠤᠢ︖      ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠪᠣᠯ ᠵᠢᠯᠣᠭᠤᠳᠬᠤ ᠴᠢᠨᠠᠷᠲᠠᠶ ᠰᠠᠨᠠᠯ ᠪᠤᠯᠤᠨ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠴᠦ᠂ ᠦᠢ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠬᠤ ᠣᠷᠣᠨ ᠵᠠᠶ ᠶᠢᠨ ᠭᠡᠷ ᠤᠨ ᠲᠦᠷᠢᠶᠡᠰᠦ᠂ ᠥᠷᠭᠡᠨ ᠪᠦᠰᠡᠲᠦ ᠰᠦᠯᠵᠢᠶ᠎ᠡ᠂ ᠣᠯᠠᠨ ᠨᠡᠶᠢᠲᠡ ᠶᠢᠨ ᠵᠥᠭᠡᠯᠡᠨ ᠲᠤᠨᠤᠭᠯᠠᠯ ᠵᠡᠷᠭᠡ ᠳᠤ ᠲᠤᠬᠢᠲᠠᠢ ᠨᠥᠬᠦᠪᠥᠷᠢ ᠤᠯᠭᠤᠨ᠎ᠠ᠃ ᠪᠣᠳᠠᠲᠠᠶ ᠨᠥᠬᠦᠪᠥᠷᠢ ᠣᠯᠭᠤᠬᠤ ᠪᠠᠷᠢᠮᠵᠢᠶ᠎ᠠ ᠪᠤᠯᠤᠨ ᠪᠤᠰᠤᠳ ᠬᠠᠷᠠᠭᠠᠯᠵᠠᠯ ᠤᠨ ᠴᠢᠨᠠᠷᠲᠠᠶ ᠲᠦᠷᠦ ᠶᠢᠨ ᠪᠤᠳᠤᠯᠭ᠎ᠠ ᠶᠢ ᠡᠯ᠎ᠡ ᠭᠠᠵᠠᠷ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃      19 . ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠠᠵᠢᠯ ᠦᠢᠯᠡᠰ ᠤᠨ ᠨᠢᠬᠡᠴᠡ ᠶᠢᠨ ᠲᠤᠰᠬᠠᠶ ᠮᠡᠷᠭᠡᠵᠢᠯ ᠤᠨ ᠠᠵᠢᠯᠳᠠᠨ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠳᠤ ᠶᠠᠮᠠᠷ ᠲᠦᠷᠦ ᠶᠢᠨ ᠪᠤᠳᠤᠯᠭ᠎ᠠ ᠪᠠᠶᠢᠬᠤ ᠪᠤᠶ︖᡼      ᠬᠠᠷᠢᠭᠤᠯᠲᠠ᠄ ᠡᠷᠬᠡᠪᠰᠢ ᠤᠤᠯ ᠤᠨ ᠨᠢᠭᠡᠴᠡ ᠪᠠᠷ ᠢᠶᠠᠨ ᠵᠦᠪᠰᠢᠶᠡᠷᠡᠭᠦᠯᠦᠭᠰᠡᠨ ᠤᠷᠢᠲᠠᠯ ᠳᠣᠣᠷ᠎ᠠ᠂ 3 ᠵᠢᠯ ᠤᠨ ᠳᠣᠲᠣᠷ᠎ᠠ ᠠᠵᠢᠯᠲᠠᠨ ᠤ ᠶᠠᠪᠤᠳᠠᠯ ᠤᠨ ᠬᠠᠷᠢᠴᠠᠭ᠎ᠠ ᠪᠠᠨ ᠦᠯᠡᠳᠡᠭᠡᠵᠤ᠂ ᠤᠤᠯ ᠤᠨ ᠨᠢᠬᠡᠴᠡ ᠶᠢᠨ ᠠᠵᠢᠯ ᠤᠨ ᠪᠠᠶᠢᠷᠢ ᠳᠤ ᠪᠠᠶᠢᠭ᠎ᠠ ᠪᠤᠰᠤᠳ ᠬᠥᠮᠦᠰ ᠲᠠᠢ ᠠᠳᠠᠯᠢ ᠲᠡᠭᠰᠢ ᠪᠠᠷ ᠲᠤᠰᠬᠠᠶ ᠮᠡᠷᠭᠡᠵᠢᠯᠲᠡᠨ ᠤ ᠲᠥᠷᠥᠯ ᠵᠦᠢᠯ ᠰᠢᠯᠭᠠᠷᠠᠭᠤᠯᠬᠤ᠂ ᠮᠡᠷᠭᠡᠵᠢᠯ ᠤᠨ ᠴᠣᠯᠠ ᠦᠨᠡᠯᠡᠬᠦ ᠪᠠ ᠤᠷᠢᠵᠤ ᠬᠡᠷᠡᠭᠯᠡᠬᠦ᠂ ᠠᠵᠢᠯ ᠤᠨ ᠪᠠᠶᠢᠷᠢ ᠶᠢᠨ ᠵᠡᠷᠭᠡ ᠳᠡᠰ ᠢ ᠳᠡᠪᠰᠢᠬᠦᠯᠬᠦ ᠪᠠ ᠨᠡᠶᠢᠭᠡᠮ ᠤᠨ ᠳᠠᠭᠠᠳᠬᠠᠯ ᠵᠡᠷᠭᠡ ᠳᠤ ᠣᠷᠣᠯᠴᠠᠬᠤ ᠡᠷᠬᠡ ᠲᠠᠢ᠃ ᠤᠤᠯ ᠤᠨ ᠨᠢᠭᠡᠴᠡ ᠨᠢ ᠲᠤᠰᠬᠠᠶ ᠮᠡᠷᠭᠡᠵᠢᠯ ᠤᠨ ᠠᠵᠢᠯᠲᠠᠳ ᠤᠨ ᠠᠳᠠᠯ ᠦᠢᠯᠡᠰ ᠴᠤᠭᠴᠠᠯᠠᠬᠤ ᠪᠣᠳᠠᠲᠤ ᠪᠠᠶᠢᠳᠠᠯ ᠢ ᠦᠨᠳᠦᠰᠦᠯᠡᠨ᠂ ᠲᠡᠭᠦᠨ  ᠯᠦᠭᠡ ᠤᠷᠢᠵᠤ ᠬᠡᠷᠡᠭᠯᠡᠬᠦ ᠭᠡᠷ᠎ᠡ ᠲᠤᠭᠲᠠᠬᠤ ᠪᠤᠶᠤ ᠭᠡᠷ᠎ᠡ ᠶᠢ ᠬᠤᠪᠢᠷᠠᠭᠤᠯᠵᠤ᠂ ᠡᠷᠬᠡ ᠪᠠ ᠡᠭᠦᠷᠭᠡ ᠶᠢ ᠲᠣᠳᠣᠷᠬᠠᠶᠢᠯᠠᠨ᠎ᠠ᠃      20 . ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠦᠨᠡᠮᠰᠢᠭᠦᠯᠦᠭᠰᠡᠨ ᠠᠳᠠᠯ ᠦᠢᠯᠡᠰ ᠴᠤᠭᠴᠠᠯᠠᠬᠤ ᠬᠦᠷᠢᠶᠡᠯᠡᠩ᠂ ᠠᠳᠠᠯ ᠦᠢᠯᠡᠰ ᠴᠤᠭᠴᠠᠯᠠᠬᠤ ᠨᠡᠪᠴᠢᠭᠦᠯᠦᠬᠦᠷ ᠤᠨ ᠰᠠᠭᠤᠷᠢᠨ ᠭᠠᠵᠠᠷ ᠲᠤ ᠤᠷᠤᠵᠤ ᠰᠠᠭᠤᠭᠰᠠᠨ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠬᠦᠮᠦᠰ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠵᠡᠷᠭᠡ ᠬᠠᠷᠠᠭᠠᠯᠵᠠᠯ ᠶᠢᠨ ᠲᠦᠷᠦ ᠶᠢᠨ ᠪᠤᠳᠤᠯᠭ᠎ᠠ ᠶᠢ ᠬᠦᠷᠲᠡᠬᠦ ᠠᠴᠠ ᠭᠠᠳᠠᠨ᠎ᠠ ᠪᠠᠰᠠ ᠶᠠᠮᠠᠷ ᠬᠠᠷᠠᠭᠠᠯᠵᠠᠯ ᠤᠨ ᠲᠦᠷᠦ ᠶᠢᠨ ᠪᠣᠳᠤᠯᠭ᠎ᠠ ᠪᠠᠶᠢᠬᠤ ᠪᠤᠢ︖      ᠬᠠᠷᠢᠭᠤᠯᠲᠠ᠄ ᠨᠡᠪᠴᠢᠬᠦᠯᠬᠦ ᠬᠤᠭᠤᠴᠠᠭᠠᠨ ᠳᠤ ᠶᠡᠷᠦᠩᠭᠡᠢ ᠳᠡᠭᠡᠨ ᠪᠠᠰᠠ ᠲᠦᠷᠢᠶᠡᠰᠦᠨ ᠮᠥᠩᠭᠦ᠂ ᠤᠰᠤ ᠴᠠᠬᠢᠯᠭᠠᠨ ᠤ ᠵᠠᠷᠤᠳᠠᠯ᠂ ᠠᠳᠠᠯ ᠠᠬᠤᠶ ᠶᠢᠨ ᠵᠠᠷᠤᠳᠠᠯ᠂ ᠳᠤᠯᠠᠭᠠᠯᠠᠯᠭ᠎ᠠ ᠶᠢᠨ ᠰᠦᠢᠳᠬᠡᠯ ᠵᠡᠷᠭᠡ ᠬᠠᠮᠢᠶ᠎ᠠ ᠪᠦᠬᠦᠢ ᠵᠠᠷᠤᠳᠠᠯ ᠢ ᠨᠢ ᠬᠠᠰᠤᠵᠤ ᠬᠡᠯᠲᠦᠷᠢᠬᠦᠯᠵᠤ ᠪᠤᠯᠤᠨ᠎ᠠ᠂ ᠬᠡᠬᠦ ᠳᠡᠭᠡᠨ ᠡᠯ᠎ᠡ ᠠᠶᠢᠮᠠᠭ ᠬᠤᠳᠠ ᠪᠣᠯᠤᠨ ᠬᠤᠰᠢᠭᠤ ᠰᠢᠶᠠᠨ ︵ᠲᠣᠭᠤᠷᠢᠭ︶ ᠪᠠᠭ᠎ᠠ ᠰᠠᠭ᠎ᠠ ᠵᠥᠷᠢᠶ᠎ᠡ ᠲᠠᠢ ᠪᠠᠶᠢᠵᠤ ᠮᠡᠳᠡᠨ᠎ᠡ᠃      21 . ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠤᠭᠴᠠᠯᠠᠬᠤ ᠨᠡᠪᠴᠢᠬᠦᠯᠦᠬᠦᠷ ᠤᠨ ᠰᠠᠭᠤᠷᠢᠨ ᠭᠠᠵᠠᠷ ᠤᠨ ︽ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ︾ ᠲᠥᠷᠥᠯ ᠵᠦᠢᠯ ᠤᠨ ᠪᠡᠯᠡ ᠮᠥᠩᠭᠦ ᠶᠢ ᠭᠤᠣᠯᠳᠠᠭᠤ  ᠶᠠᠭᠤᠨ ᠳᠤ ᠬᠡᠷᠡᠭᠯᠡᠬᠦ ᠪᠤᠢ︖      ᠬᠠᠷᠢᠭᠤᠯᠲᠠ᠄ ︽ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ︾ ᠱᠠᠩᠨᠠᠯ ᠤᠨ ᠪᠡᠯᠡ ᠮᠥᠩᠭᠦ ᠶᠢ ᠭᠤᠣᠯᠳᠠᠭᠤ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠲᠠᠪᠴᠠᠩ ᠪᠠᠶᠢᠭᠤᠯᠬᠤ᠂ ᠠᠳᠠᠯ ᠦᠢᠯᠡᠰ ᠴᠤᠭᠴᠠᠯᠠᠬᠤ ᠬᠠᠮᠢᠶ᠎ᠠ ᠪᠦᠬᠦᠢ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ ᠪᠠ ᠠᠳᠠᠯ ᠦᠢᠯᠡᠰ ᠴᠤᠭᠴᠠᠯᠠᠬᠤ ᠬᠠᠮᠢᠶ᠎ᠠ ᠪᠦᠬᠦᠢ ᠦᠢᠯᠡᠴᠢᠯᠡᠭᠡ ᠤᠯᠭᠤᠬᠤ ᠵᠡᠷᠭᠡ ᠳᠤ ᠬᠡᠷᠡᠭᠯᠡᠨ᠎ᠡ᠃      22 . ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠠᠳᠠᠯ ᠦᠢᠯᠡᠰ ᠴᠣᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠨᠢ ᠠᠳᠠᠯ ᠦᠢᠯᠡᠰ ᠴᠣᠭᠴᠠᠯᠠᠭᠴᠢ ᠳᠤ ᠶᠠᠮᠠᠷ ᠦᠢᠯᠡᠳᠦᠯ ᠲᠠᠢ ᠪᠤᠢ︖      ᠬᠠᠷᠢᠭᠤᠯᠲᠠ᠄ ᠠᠳᠠᠯ ᠦᠢᠯᠡᠰ ᠴᠣᠭᠴᠠᠯᠠᠬᠤ ᠬᠦᠷᠢᠶᠡᠯᠡᠩ ᠨᠡᠪᠴᠢᠭᠦᠯᠤᠤᠷ ᠤᠨ ᠰᠠᠭᠤᠷᠢᠨ ᠭᠠᠵᠠᠷ ᠢ ᠪᠣᠯ ᠵᠠᠰᠠᠭ ᠤᠨ ᠣᠷᠳᠣᠨ ᠬᠥᠲᠥᠯᠥᠨ ᠵᠢᠯᠣᠭᠤᠳᠴᠤ ᠲᠡᠳᠬᠦᠨ ᠳᠡᠮᠵᠢᠵᠦ᠂ ᠵᠠᠬ᠎ᠠ ᠳᠡᠯᠭᠡᠭᠦᠷ ᠤᠨ ᠲᠣᠭᠲᠠᠴᠠ ᠪᠠᠷ ᠠᠵᠢᠯᠯᠠᠭᠤᠯᠵᠤ᠂ ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ ᠣᠷᠣᠯᠴᠠᠵᠤ᠂ ᠰᠢᠨ᠎ᠡ ᠪᠠᠶᠢᠭᠤᠯᠬᠤ ᠪᠠ ᠰᠤᠯᠠ ᠪᠠᠶᠢᠬᠤ ᠦᠢᠯᠡᠳᠪᠦᠷᠢ ᠶᠢᠨ ᠪᠠᠶᠢᠰᠢᠩ᠂ ᠲᠠᠯᠠᠪᠤᠷ ᠢ ᠥᠭᠡᠷᠡᠴᠢᠯᠡᠨ ᠪᠠᠶᠢᠭᠤᠯᠬᠤ ᠪᠠᠷ ᠳᠠᠮᠵᠢᠭᠤᠯᠬᠤ ᠪᠤᠶᠤ ᠤᠳᠤ  ᠶᠢᠨ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠣᠷᠣᠨ ᠲᠣᠭᠤᠷᠢᠭ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠵᠢᠵᠢᠭ ᠠᠵᠤ ᠠᠬᠤᠶᠢᠯᠠᠯ  ᠤᠨ ᠨᠡᠪᠴᠢᠭᠦᠯᠦᠦᠷ ᠬᠦᠷᠢᠶᠡᠯᠡᠩ᠂ ᠲᠤᠰᠬᠠᠶ ᠵᠠᠬ᠎ᠠ ᠳᠡᠯᠭᠡᠭᠦᠷ ᠪᠠ ᠬᠤᠳᠠᠯᠳᠤᠭᠠᠨ ᠤ ᠲᠠᠯᠠᠪᠤᠷ ᠤᠨ ᠨᠢᠭᠡ ᠬᠡᠰᠡᠭ ᠢ ᠰᠠᠯᠭᠠᠨ ᠠᠪᠴᠤ ᠪᠠᠶᠢᠭᠤᠯᠤᠭᠠᠳ᠂ ᠠᠳᠠᠯ ᠦᠢᠯᠡᠰ ᠴᠣᠭᠴᠠᠯᠠᠬᠤ ᠭᠤᠣᠯ ᠴᠣᠭᠴᠠ ᠶᠢ ᠬᠥᠮᠦᠵᠢᠭᠦᠯᠬᠦ ᠪᠠᠷ ᠬᠠᠷᠠᠯᠲᠠ ᠪᠣᠯᠭᠠᠨ᠂ ᠡᠯ᠎ᠡ ᠲᠥᠷᠥᠯ ᠤᠨ ᠭᠠᠵᠠᠷ ᠲᠠᠯᠠᠪᠤᠷ ᠢ ᠭᠦᠢᠴᠡᠳ ᠠᠰᠢᠭᠯᠠᠵᠤ᠂  ᠬᠦᠷᠢᠶᠡᠯᠡᠩ ᠲᠤᠭᠤᠷᠢᠭ ᠤᠳ ᠲᠤ ᠣᠷᠣᠵᠣ ᠰᠠᠭᠤᠭᠰᠠᠨ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠳᠤ ᠲᠦᠷᠢᠶᠡᠰᠦᠨ ᠮᠥᠩᠭᠦ ᠬᠢᠮᠳᠠ᠂ ᠵᠠᠷᠤᠳᠠᠯ ᠤᠨ ᠨᠤᠷᠮ᠎ᠠ ᠪᠠᠭ᠎ᠠ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠬᠠᠩᠭᠠᠨ ᠥᠭᠬᠦ ᠪᠦᠭᠡᠳ ᠲᠥᠷᠥ ᠶᠢᠨ ᠪᠤᠳᠤᠯᠭ᠎ᠠ ᠶᠢᠨ ᠯᠠᠪᠯᠠᠯᠭ᠎ᠠ ᠬᠢᠬᠦ᠂ ᠪᠦᠲᠦᠭᠡᠨ ᠪᠠᠶᠢᠭᠤᠯᠬᠤ ᠲᠥᠷᠥᠯ ᠵᠦᠢᠯ ᠢ ᠦᠨᠡᠯᠡᠨ ᠵᠢᠱᠢᠬᠦ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠬᠦ᠂ ᠪᠡᠯᠡ ᠲᠣᠬᠢᠷᠠᠭᠤᠯᠬᠤ᠂ ᠠᠵᠢᠯ ᠡᠬᠢᠯᠡᠭᠦᠯᠬᠦ ᠳᠤ ᠵᠢᠯᠤᠭᠤᠳᠤᠯᠭ᠎ᠠ ᠬᠢᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ᠂ ᠠᠵᠤ ᠠᠬᠤᠶᠢᠯᠠᠯ ᠤᠨ ᠬᠠᠮᠢᠶᠠᠷᠤᠯᠲᠠ᠂ ᠬᠤᠯᠪᠣᠭᠳᠠᠯ ᠪᠦᠬᠦᠢ ᠬᠡᠷᠡᠭ ᠶᠠᠪᠤᠳᠠᠯ ᠢ ᠲᠥᠯᠥᠭᠡᠯᠡᠨ ᠭᠦᠢᠴᠡᠳᠬᠡᠬᠦ ᠵᠡᠷᠭᠡ ᠲᠤᠰᠬᠠᠶᠢᠵᠢᠭᠰᠠᠨ ᠦᠢᠯᠡᠴᠢᠯᠡᠭᠡ ᠶᠢ ᠲᠠᠲᠠᠨ ᠣᠷᠣᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠲᠡᠬᠢᠠ ᠢᠶᠠᠷ ᠨᠡᠮᠡᠭᠳᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠳᠠᠭ᠃      23 . ᠥᠪᠥᠷ ᠮᠣᠩᠭᠤᠯ ᠤᠨ ᠬᠦᠴᠦ ᠶᠠᠪᠤᠭᠴᠢ ᠮᠠᠯᠴᠢᠨ ᠲᠠᠷᠢᠶᠠᠴᠢᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠳᠤ ᠂ ᠠᠳᠠᠯ ᠦᠢᠯᠡᠰ ᠴᠣᠭᠴᠠᠯᠠᠬᠤ ᠨᠡᠪᠴᠢᠭᠦᠯᠤᠤᠷ ᠤᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠠᠳ ᠬᠦᠷᠲᠡᠵᠦ ᠪᠠᠶᠢᠭᠰᠠᠨ ᠡᠯ᠎ᠡ ᠵᠦᠢᠯ ᠤᠨ ᠨᠥᠬᠦᠪᠥᠷᠢ ᠮᠥᠩᠭᠦ ᠠᠴᠠ ᠭᠠᠳᠠᠨ᠎ᠠ ᠪᠠᠰᠠ ᠥᠭᠡᠷ᠎ᠡ ᠶᠠᠮᠠᠷ ᠶᠠᠮᠠᠷ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠬᠦᠷᠲᠡᠵᠦ ᠪᠣᠯᠬᠤ ᠪᠤᠢ︖      ᠬᠠᠷᠢᠭᠤᠯᠲᠠ᠄ ᠨᠡᠪᠴᠢᠭᠦᠯᠤᠤᠷ ᠤᠨ ᠬᠤᠭᠤᠴᠠᠭᠠᠨ ᠳᠤ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂ ᠠᠳᠠᠯ ᠠᠬᠤᠶ ᠶᠢᠨ ᠰᠦᠢᠳᠬᠡᠯ᠂ ᠤᠰᠤ ᠴᠠᠬᠢᠯᠭᠠᠨ ᠤ ᠵᠠᠷᠤᠳᠠᠯ ᠵᠡᠷᠭᠡ ᠨᠥᠬᠦᠪᠥᠷᠢ ᠬᠦᠷᠲᠡᠬᠦ ᠠᠴᠠ ᠭᠠᠳᠠᠨ᠎ᠠ ᠪᠠᠰᠠ ᠲᠦᠷᠦ ᠶᠢᠨ ᠪᠤᠲᠤᠯᠭ᠎ᠠ ᠶᠢᠨ ᠲᠣᠭᠲᠠᠭᠠᠯ ᠳᠤ ᠨᠡᠶᠢᠴᠡᠵᠦ ᠪᠠᠶᠢᠪᠠᠯ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠰᠤᠵᠤ ᠲᠠᠲᠠᠪᠤᠷᠢᠯᠠᠬᠤ᠂ ᠦᠷᠳᠡᠭ ᠤᠨ ᠨᠡᠮᠡᠭᠳᠡᠯ ᠤᠨ ᠭᠠᠶᠢᠯᠢ ᠂ ᠡᠵᠡᠩᠨᠡᠯᠲᠡ ᠶᠢᠨ ᠭᠠᠶᠢᠯᠢ᠂ ᠰᠤᠷᠭᠠᠨ ᠬᠥᠮᠦᠵᠢᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ᠂ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ᠂ ᠰᠣᠶᠣᠯ ᠤᠨ ᠦᠢᠯᠡᠰ ᠤᠨ ᠪᠥᠳᠥᠭᠡᠨ ᠪᠠᠶᠢᠭᠤᠯᠤᠯᠲᠠ ᠶᠢᠨ ᠵᠠᠷᠤᠳᠠᠯ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠵᠡᠷᠭᠡ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠪᠠ ᠠᠵᠢᠯ ᠠᠯᠳᠠᠯᠲᠠ ᠶᠢᠨ ᠳᠠᠭᠠᠳᠬᠠᠯ ᠤᠨ  ᠵᠠᠷᠤᠳᠠᠯ ᠤᠨ ᠨᠤᠷᠮ᠎ᠠ ᠶᠢ ᠬᠠᠰᠤᠵᠤ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ᠃ ᠨᠤᠲᠤᠭ ᠲᠠᠭᠠᠨ ᠪᠤᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠡᠭᠦᠰᠭᠡᠨ ᠪᠠᠶᠢᠭᠤᠯᠤᠭᠰᠠᠨ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠨᠢ᠂ ᠲᠠᠷᠢᠶᠠᠯᠠᠩ ᠤᠨ ᠨᠥᠬᠦᠪᠥᠷᠢ ᠣᠯᠭᠤᠬᠤ ᠲᠥᠷᠥ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ ᠪᠠᠰᠠ ᠬᠠᠷᠢᠴᠠᠩᠭᠤᠢ ᠪᠦᠬᠦᠢ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠲᠣᠭᠲᠠᠭᠠᠯ ᠶᠣᠰᠣᠭᠠᠷ ᠠᠳᠠᠯᠢ ᠲᠡᠭᠰᠢ ᠪᠠᠷ ᠬᠦᠷᠲᠡᠵᠦ ᠪᠣᠯᠣᠨ᠎ᠠ᠃      24 . ᠬᠥᠳᠡᠯᠮᠦᠷᠢᠴᠢᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠪᠠᠨ ᠬᠡᠷᠬᠢᠨ ᠳᠡᠭᠡᠭᠰᠢᠯᠡᠭᠦᠯᠬᠦ ᠪᠤᠢ︖      ᠬᠠᠷᠢᠭᠤᠯᠲᠠ᠄ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠬᠦᠰᠡᠯ ᠲᠠᠢ ᠬᠥᠳᠡᠯᠮᠦᠷᠢᠴᠢᠳ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠣᠷᠣᠯᠴᠠᠵᠤ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠤᠨᠤᠯ ᠤᠨ ᠰᠤᠷᠤᠯᠴᠠᠯᠭ᠎ᠠ ᠪᠠ ᠠᠳᠠᠯ ᠦᠢᠯᠡᠰ ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠰᠣᠷᠢᠯᠲᠠ ᠶᠢᠨ ᠦᠢᠯᠡᠳᠦᠯᠭᠡ ᠶᠢ ᠬᠦᠯᠢᠶᠡᠵᠦ᠂ ᠠᠵᠤ ᠠᠬᠤᠶᠢᠯᠠᠯ ᠡᠭᠦᠳᠦᠨ ᠴᠣᠭᠴᠠᠯᠠᠬᠤ ᠮᠡᠳᠡᠯᠭᠡ ᠶᠢ ᠰᠢᠰᠲ᠋ᠧᠮ ᠲᠠᠢ ᠰᠤᠷᠤᠯᠴᠠᠵᠤ᠂ ᠠᠳᠠᠯ ᠦᠢᠯᠡᠰ ᠴᠣᠭᠴᠠᠯᠠᠬᠤ ᠲᠥᠯᠥᠪᠯᠡᠭᠡ ᠪᠠᠨ ᠪᠦᠷᠢᠨᠰᠢᠭᠦᠯᠵᠦ᠂ ᠠᠵᠤ ᠠᠬᠤᠶᠢᠯᠠᠯ ᠤᠨ ᠠᠰᠢᠭ ᠬᠤᠨᠵᠢᠪᠣᠷᠢ ᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠪᠠᠭᠠᠰᠬᠠᠵᠤ᠂ ᠠᠳᠠᠯ ᠦᠢᠯᠡᠰ ᠴᠣᠭᠴᠠᠯᠠᠬᠤ ᠠᠮᠵᠢᠯᠲᠠ ᠪᠦᠲᠦᠭᠡᠯ ᠢᠶᠠᠨ ᠠᠬᠢᠭᠤᠯᠬᠤ ᠪᠣᠯᠣᠨ᠎ᠠ᠃      25 . ᠨᠤᠲᠤᠭ ᠲᠠᠭᠠᠨ ᠪᠤᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠠᠵᠤ ᠠᠬᠤᠶᠢᠯᠠᠯ ᠡᠭᠦᠰᠬᠡᠨ ᠪᠠᠶᠢᠭᠤᠯᠤᠭᠠᠳ ᠠᠵᠢᠯ ᠣᠯᠭᠤᠬᠤ ᠲᠠᠯ᠎ᠠ ᠪᠠᠷ ᠶᠠᠮᠠᠷ ᠬᠠᠷᠠᠭᠠᠯᠵᠠᠯ ᠪᠠᠶᠢᠬᠤ ᠪᠤᠢ︖      ᠬᠠᠷᠢᠭᠤᠯᠲᠠ᠄ ᠠᠵᠤ ᠠᠬᠤᠶᠢᠯᠠᠯ ᠨᠢ ᠠᠵᠢᠯ ᠤᠯᠬᠤ ᠳᠤ ᠬᠦᠴᠢᠷᠲᠡᠶ ᠬᠥᠮᠦᠰ᠂ ᠲᠣᠰ ᠵᠢᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠭᠰᠡᠨ ᠪᠣᠯ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠃      26 . ᠬᠥᠳᠡᠯᠮᠦᠷᠢᠴᠢᠳ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠳᠤ ᠲᠦᠷᠦᠯ ᠵᠦᠢᠯ ᠣᠯᠳᠠᠬᠤ ᠦᠭᠡᠢ ᠪᠣᠯ ᠵᠠᠰᠠᠭ ᠤᠨ ᠣᠷᠳᠣᠨ ᠤ ᠠᠵᠢᠯ ᠣᠯᠭᠤᠬᠤ ᠦᠢᠯᠡᠴᠢᠯᠡᠭᠡᠨ ᠤ ᠰᠠᠯᠠᠭ᠎ᠠ ᠮᠥᠴᠢᠷ ᠶᠠᠮᠠᠷ ᠦᠢᠯᠡᠴᠢᠯᠡᠭᠡ ᠬᠦᠷᠲᠡᠭᠡᠬᠦ ᠪᠣᠢ︖      ᠬᠠᠷᠢᠭᠤᠯᠲᠠ᠄ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠢᠯᠡ ᠪᠠᠷ ᠴᠤᠭᠯᠠᠭᠤᠯᠬᠤ ᠪᠤᠶᠤ ᠵᠠᠰᠠᠭ  ᠤᠨ ᠣᠷᠳᠣᠨ ᠬᠤᠳᠠᠯᠳᠤᠨ ᠠᠪᠬᠤ ᠲᠠᠲᠠᠨ ᠣᠷᠣᠭᠤᠯᠬᠤ᠂ ᠲᠠᠨᠢᠯᠴᠠᠭᠤᠯᠬᠤ ᠠᠷᠭ᠎ᠠ ᠪᠠᠷ ᠳᠠᠮᠵᠢᠭᠤᠯᠤᠨ᠂ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠡᠬᠢ ᠪᠠᠶᠠᠯᠢᠭ ᠤᠨ ᠬᠥᠮᠥᠷᠭᠡ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠂ ᠠᠶᠢᠮᠠᠭ ᠬᠤᠳᠠ ᠶᠢᠨ ᠬᠥᠮᠥᠷᠭᠡ ᠳᠤ ᠣᠷᠣᠭᠤᠯᠬᠤ ᠠᠳᠠᠯ ᠦᠢᠯᠡᠰ ᠴᠣᠭᠴᠠᠯᠠᠬᠤ ᠲᠥᠷᠥᠯ ᠵᠦᠢᠯ ᠨᠢ ᠶᠡᠷᠦᠩᠬᠡᠶ ᠳᠡᠭᠡᠨ 1000 ᠠᠴᠠ ᠳᠤᠲᠠᠭᠤ ᠪᠠᠶᠢᠵᠤ ᠪᠣᠯᠬᠤ ᠦᠭᠡᠢ᠂ ᠬᠤᠰᠢᠭᠤ ᠰᠢᠶᠠᠨ ︵ᠲᠣᠭᠤᠷᠢᠭ᠂ ᠬᠤᠲᠠ︶ ᠤ ᠬᠢ ᠲᠥᠷᠥᠯ ᠵᠦᠢᠯ ᠢ 300 ᠠᠴᠠ ᠳᠤᠲᠠᠭᠤ  ᠪᠠᠶᠢᠵᠤ ᠪᠣᠯᠬᠤ ᠦᠭᠡᠢ᠂ ᠲᠥᠷᠥᠯ ᠵᠦᠢᠯ ᠲᠠᠨᠢᠯᠴᠠᠭᠤᠯᠬᠤ᠂ ᠲᠥᠷᠥᠯ ᠵᠦᠢᠯ ᠢ ᠲᠣᠭᠤᠷᠢᠨ ᠦᠵᠡᠬᠦ᠂ ᠮᠡᠳᠡᠭᠡ ᠵᠠᠩᠭᠢ ᠨᠡᠶᠢᠲᠡᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠠᠳᠠᠯ ᠦᠢᠯᠡᠰ ᠴᠣᠭᠴᠠᠯᠠᠭᠴᠢᠳ ᠲᠤ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠥᠷᠭᠡᠨ ᠳᠡᠯᠭᠡᠷ ᠲᠠᠨᠢᠯᠴᠠᠭᠤᠯᠤᠨ᠎ᠠ᠃ ᠡᠭᠦᠨ ᠤ ᠬᠠᠮᠲᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶ ᠨᠢ ᠴᠥᠮ ᠠᠵᠢᠯ ᠣᠯᠬᠤ ᠠᠳᠠᠯ ᠦᠢᠯᠡᠰ ᠴᠣᠭᠴᠠᠯᠠᠬᠤ ᠵᠢᠯᠣᠭᠤᠳᠬᠤ ᠲᠥᠪ ᠪᠠᠶᠢᠭᠤᠯᠵᠤ᠂ ᠠᠳᠠᠯ ᠦᠢᠯᠡᠰ ᠴᠣᠭᠴᠠᠯᠠᠭᠴᠢᠳ ᠲᠤ ᠲᠤᠰᠬᠠᠶᠢᠯᠠᠨ ᠠᠳᠠᠯ ᠦᠢᠯᠡᠰ ᠴᠣᠭᠴᠠᠯᠠᠬᠤ ᠲᠥᠷᠥ ᠶᠢᠨ ᠪᠤᠳᠤᠯᠭ᠎ᠠ ᠶᠢᠨ ᠯᠠᠪᠯᠠᠭ᠎ᠠ ᠥᠭᠬᠦ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠬᠦ᠂ ᠠᠳᠠᠯ ᠦᠢᠯᠡᠰ ᠴᠣᠭᠴᠠᠯᠠᠬᠤ ᠵᠢᠯᠤᠭᠤᠳᠤᠯᠭ᠎ᠠ᠂ ᠲᠥᠷᠥᠯ ᠵᠦᠢᠯ ᠨᠡᠭᠡᠭᠡᠨ ᠬᠥᠭᠵᠢᠭᠦᠯᠬᠦ᠂ ᠲᠥᠰᠦᠯ ᠵᠢᠷᠤᠭᠯᠠᠨ ᠲᠥᠯᠥᠪᠯᠡᠬᠦ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠠᠵᠢᠯ ᠡᠬᠢᠯᠡᠭᠦᠯᠬᠦ ᠵᠢᠯᠤᠭᠤᠳᠤᠯᠭ᠎ᠠ ᠥᠭᠬᠦ᠂ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠣᠯᠭᠤᠬᠤ᠂ ᠮᠥᠷᠳᠡᠨ ᠲᠠᠭᠠᠵᠤ ᠲᠡᠳᠬᠦᠬᠦ ᠵᠡᠷᠭᠡ ︽ᠨᠢᠭᠡ ᠥᠷᠲᠡᠭᠡᠨ ᠤ ᠮᠠᠶ᠋ᠢᠭ︾ ᠤᠨ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠦᠷᠲᠡᠭᠡᠨ᠎ᠡ᠃      27 . ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠡᠷᠦᠬᠡ ᠠᠮᠠ ᠶᠢᠨ ᠳᠠᠩᠰᠠᠨ ᠲᠠᠢ ᠠᠳᠠᠯ ᠦᠢᠯᠡᠰ  ᠴᠣᠭᠴᠠᠯᠠᠭᠴᠢᠳ ᠥᠪᠥᠷ ᠮᠣᠩᠭᠤᠯ ᠳᠤ ᠪᠣᠳᠠᠲᠤ ᠴᠣᠭᠴᠠ ᠪᠠᠶᠢᠭᠤᠯᠤᠭᠰᠠᠨ ᠪᠦᠭᠡᠳ ᠪᠤᠳᠠᠳᠤ ᠴᠤᠭᠴᠠ ᠶᠢᠨ ᠡᠵᠡᠩᠨᠡᠯᠲᠡ ᠶᠢᠨ ᠬᠡᠪᠴᠢᠶ᠎ᠡ ᠪᠠᠨ ᠰᠠᠶᠢᠵᠢᠷᠠᠭᠤᠯᠬᠤ ᠪᠤᠶᠤ ᠥᠷᠭᠡᠳᠬᠡᠬᠦ ᠬᠦᠰᠡᠯ ᠲᠠᠢ ᠪᠣᠯ᠂ ᠥᠪᠥᠷ ᠮᠣᠩᠭᠤᠯ ᠤᠨ ᠬᠠᠮᠢᠶ᠎ᠠ ᠪᠦᠬᠦᠢ ᠠᠳᠠᠯ ᠦᠢᠯᠡᠰ ᠴᠣᠭᠴᠠᠯᠠᠬᠤ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ ᠦᠦ︖      ᠬᠠᠷᠢᠭᠤᠯᠲᠠ᠄ ᠡᠷᠦᠬᠡ ᠠᠮᠠ ᠨᠢ ᠥᠪᠥᠷ ᠮᠣᠩᠭᠤᠯ ᠳᠤ ᠪᠠᠶᠢᠭ᠎ᠠ ᠬᠥᠮᠥᠰ ᠲᠠᠢ ᠠᠳᠠᠯᠢ ᠲᠡᠭᠰᠢ ᠪᠠᠷ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠨ᠎ᠡ᠃ ᠪᠣᠳᠠᠲᠠᠶ  ᠪᠠᠷ ᠬᠡᠯᠡᠪᠡᠯ᠄ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠮᠠᠯᠵᠢᠬᠤ ᠲᠠᠷᠢᠶᠠᠯᠠᠬᠤ ᠣᠷᠣᠨ  ᠤ ᠰᠢᠯᠵᠢᠭᠦᠯᠦᠨ ᠠᠵᠢᠯ  ᠣᠯᠣᠭᠰᠠᠨ ᠬᠥᠳᠡᠯᠮᠦᠷᠢᠴᠢᠳ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠳᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠲᠠᠪᠰᠢᠭᠰᠠᠨ ᠥᠭᠡᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠᠨ ᠠᠴᠠ ᠪᠠᠭᠤᠭᠰᠠᠳ ᠵᠡᠷᠭᠡ ᠲᠠᠪᠤᠨ ᠲᠥᠷᠥᠯ ᠤᠨ ᠬᠥᠮᠦᠰ ᠪᠠᠭᠲᠠᠨ᠎ᠠ᠃      28 . ᠰᠦᠯᠵᠢᠶᠡᠨ ᠬᠤᠳᠠᠯᠳᠤᠭ᠎ᠠ ᠡᠷᠬᠢᠯᠡᠵᠦ ᠪᠠᠶᠢᠭ᠎ᠠ ᠬᠥᠮᠦᠰ ᠡᠯ᠎ᠡ ᠵᠦᠢᠯ ᠤᠨ ᠠᠳᠠᠯ ᠦᠢᠯᠡᠰ ᠴᠣᠭᠴᠠᠯᠠᠬᠤ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ ᠦᠦ︖      ᠬᠠᠷᠢᠭᠤᠯᠲᠠ᠄ ᠦᠢᠯᠡᠳᠪᠦᠷᠢ ᠬᠤᠳᠠᠯᠳᠤᠭᠠᠨ ᠤ ᠬᠢᠨ ᠳᠤ ᠳᠠᠩᠰᠠᠯᠠᠭᠤᠯᠤᠭᠰᠠᠨ ᠪᠠᠶᠢᠪᠠᠯ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠠᠳᠠᠯᠢ ᠲᠡᠭᠰᠢ ᠪᠠᠷ ᠬᠦᠷᠲᠡᠨ᠎ᠡ᠂ ᠦᠢᠯᠡᠳᠪᠦᠷᠢ ᠬᠤᠳᠠᠯᠳᠤᠭᠠᠨ ᠤ ᠬᠢᠨ ᠳᠤ ᠳᠠᠩᠰᠠᠯᠠᠭᠤᠯᠤᠠ ᠪᠦᠷᠢᠳᠬᠡᠯᠭᠡᠭᠰᠡᠨ ᠦᠭᠡᠢ ᠪᠣᠯ ᠠᠮᠢᠳᠤᠯᠢᠭ ᠢᠶᠠᠷ ᠠᠵᠢᠯ ᠣᠯᠤᠭᠰᠠᠳ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠳᠡᠨ᠎ᠡ᠃      29 . ᠰᠦᠯᠵᠢᠶᠡᠨ ᠳᠡᠭᠡᠷ᠎ᠡ ᠠᠳᠠᠯ ᠦᠢᠯᠡᠰ ᠴᠣᠭᠴᠠᠯᠠᠭᠴᠢ ᠠᠳᠠᠯ ᠦᠢᠯᠡᠰ ᠴᠣᠭᠴᠠᠯᠠᠬᠤ ᠳᠠᠭᠭᠠᠯᠲᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ ᠦᠦ︖      ᠬᠠᠷᠢᠭᠤᠯᠲᠠ᠄ ᠰᠦᠯᠵᠢᠶᠡᠨ ᠲᠠᠪᠴᠠᠩ ᠳᠡᠭᠡᠷ᠎ᠡ ᠦᠨᠡᠨ ᠨᠡᠷ᠎ᠡ ᠪᠠᠷ ᠢᠶᠠᠨ ᠳᠠᠩᠰᠠᠯᠠᠵᠤ᠂ ᠡᠵᠡᠩᠨᠡᠯᠲᠡ ᠨᠢ ᠲᠣᠭᠲᠠᠭᠤᠨ  ᠪᠥᠭᠡᠳ ᠢᠲᠡᠭᠡᠯ ᠬᠦᠨᠳᠦ ᠪᠠᠷ ᠰᠠᠶᠢᠨ ᠰᠦᠯᠵᠢᠶᠡᠨ ᠬᠤᠳᠠᠯᠳᠤᠭᠠᠨ ᠤ ᠠᠳᠠᠯ ᠦᠢᠯᠡᠰ ᠴᠣᠭᠴᠠᠯᠠᠭᠴᠢᠳ ᠠᠳᠠᠯ ᠦᠢᠯᠡᠰ ᠴᠣᠭᠴᠠᠯᠠᠬᠤ ᠳᠠᠭᠭᠠᠯᠲᠠᠲᠤ ᠵᠢᠭᠡᠯᠡᠯᠭᠡ ᠵᠢᠴᠢ ᠳᠠᠮ ᠬᠦᠦ ᠥᠭᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠲᠣᠭᠲᠠᠭᠠᠯ ᠶᠣᠰᠣᠭᠠᠷ ᠬᠦᠷᠲᠡᠵᠦ ᠪᠣᠯᠣᠨ᠎ᠠ᠃      30 . ᠬᠥᠳᠡᠯᠮᠦᠷᠢ ᠨᠢᠭᠲᠠᠷᠬᠠᠰᠠᠨ ᠵᠢᠵᠢᠭ ᠠᠵᠤ ᠠᠬᠤᠶᠢᠯᠠᠯ ᠳᠤ ᠬᠠᠮᠤᠭ ᠠᠷᠪᠢᠨ ᠳᠠᠭᠠᠨ ᠬᠡᠳᠦᠢ ᠲᠣᠭᠠᠨ  ᠤ ᠵᠢᠭᠡᠯᠡᠯᠭᠡ ᠣᠯᠭᠤᠬᠤ ᠪᠤᠶ︖      ᠬᠠᠷᠢᠭᠤᠯᠲᠠ᠄ ᠨᠥᠬᠦᠴᠡᠯ ᠳᠤ ᠨᠡᠶᠢᠴᠡᠭᠰᠡᠨ ᠬᠥᠳᠡᠯᠮᠦᠷᠢ ᠨᠢᠭᠲᠠᠷᠬᠠᠰᠠᠨ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢ ᠬᠠᠮᠤᠭ ᠠᠷᠪᠢᠨ ᠳᠠᠭᠠᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠂ ᠲᠠᠮ ᠬᠦᠦ ᠥᠭᠬᠦ ᠲᠦᠷᠦ ᠶᠢᠨ ᠪᠤᠳᠤᠯᠭ᠎ᠠ ᠶᠢ ᠤᠯᠤᠰ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ