ᠪᠦᠬᠦ ᠤᠷᠤᠨ ᠤ ᠮᠦᠩᠬᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠤᠨ ᠳᠤᠬᠠᠢ ᠶᠢᠨ ᠭᠠᠵᠠᠷ ᠢ ᠳᠤᠭᠤᠷᠢᠨ ᠦᠵᠡᠬᠦ ᠵᠢᠴᠢ ᠪᠤᠯᠪᠠᠰᠤᠷᠠᠯ ᠤᠨ ᠬᠤᠷᠠᠯ ᠲᠦᠩᠯᠢᠶᠤᠤ ᠳᠤ ᠬᠤᠷᠠᠯᠳᠤᠪᠠ
ᠨᠡᠶᠢᠲᠡᠯᠡᠭᠰᠡᠨ ᠴᠠᠭ᠄
2016/8/15
      8 ᠳ᠋ᠤᠭᠠᠷ ᠰᠠᠷ᠎ᠠ ᠶᠢᠨ 12᠎ ᠠᠴᠠ 13᠎ ᠤ ᠡᠳᠤᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠠᠯᠪᠠᠨ ᠭᠡᠷ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠦᠪᠤᠷ ᠮᠤᠩᠭᠤᠯ ᠤᠨ ᠬᠤᠪᠢᠶᠠᠷᠢ ᠪᠠᠩᠬᠢ ᠶᠢᠨ ᠬᠠᠮᠳᠤᠷᠠᠨ ᠡᠷᠬᠢᠯᠡᠭᠰᠡᠨ ᠦᠪᠡᠷᠳᠡᠬᠡᠨ ᠵᠠᠰᠠᠬᠤ ᠤᠷᠤᠨ ᠤ ᠮᠦᠩᠬᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠵᠤ ᠠᠷᠠᠳ ᠢ ᠪᠠᠶᠠᠵᠢᠭᠤᠯᠬᠤ ᠢᠨᠵᠧᠨᠧᠷᠢᠩ ᠤᠨ ᠳᠤᠬᠠᠢ ᠶᠢᠨ ᠭᠠᠵᠠᠷ ᠢ ᠳᠤᠭᠤᠷᠢᠨ ᠦᠵᠡᠬᠦ ᠵᠢᠴᠢ ᠪᠤᠯᠪᠠᠰᠤᠷᠠᠯ ᠤᠨ ᠬᠤᠷᠠᠯ ᠲᠦᠩᠯᠢᠶᠤᠤ ᠳᠤ ᠬᠤᠷᠠᠯᠳᠤᠪᠠ᠃ ᠪᠦᠬᠦ ᠤᠷᠤᠨ ᠤ ᠡᠯ᠎ᠠ ᠠᠶᠢᠮᠠᠬ ᠬᠤᠳᠠ᠂ ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠬᠠᠷᠢᠭᠤᠴᠠᠯᠭᠠᠳᠠᠨ ᠵᠢᠴᠢ ᠡᠯ᠎ᠠ ᠭᠠᠵᠠᠷ ᠤᠨ ᠲᠠᠷᠢᠶᠠᠯᠠᠩ ᠤᠨ ᠪᠠᠩᠬᠢ ᠶᠢᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃      ᠬᠤᠷᠠᠯ ᠠᠴᠠ ᠱᠠᠭᠠᠷᠳᠠᠬᠰᠠᠨ ᠨᠢ᠂ ᠪᠦᠬᠦ ᠤᠷᠤᠨ ᠤ ᠡᠯ᠎ᠠ ᠱᠠᠳᠤᠨ ᠤ ᠶᠠᠳᠠᠭᠤ ᠶᠢ ᠲᠡᠤᠬᠦᠬᠦ ᠰᠠᠯᠠᠭ᠎ᠠ ᠮᠦᠴᠢᠷ᠂ ᠲᠠᠷᠢᠶᠠᠯᠠᠩ ᠤᠨ ᠪᠠᠩᠬᠢ ᠶᠢᠨ ᠰᠢᠰᠲ᠋ᠧᠮ ᠤᠨ ᠬᠢᠨ ᠲᠦᠷᠤ ᠶᠢᠨ ᠶᠠᠪᠤᠳᠠᠯ ᠤᠨ ᠬᠤᠷᠢᠶᠠᠨ ᠤ ᠮᠦᠩᠬᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠬᠦ ᠲᠧᠯᠸᠢᠰ ᠤᠳᠠᠰᠤ ᠬᠤᠷᠠᠯ᠂ ᠪᠦᠬᠦ ᠤᠷᠤᠨ ᠤ ᠮᠦᠩᠬᠦᠨ ᠬᠦᠢᠯᠬᠡᠬᠡᠨ ᠤ ᠠᠵᠢᠯ ᠤᠨ ᠶᠠᠷᠢᠯᠴᠠᠬᠤ ᠬᠤᠷᠠᠯ ᠪᠤᠯᠤᠨ ᠮᠦᠩᠬᠦᠨ ᠬᠦᠢᠯᠬᠡᠬᠡᠨ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠲᠡᠮᠵᠢᠬᠦ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠮᠵᠢᠶ᠎ᠠ ᠶᠢ ᠨᠡᠮᠡᠭᠳᠡᠬᠦᠯᠬᠦ᠂ ᠳᠠᠯᠠᠪᠠᠢ ᠶᠢ ᠦᠷᠬᠡᠳᠬᠡᠬᠦ᠂ ᠤᠨᠤᠪᠴᠢᠳᠠᠢ ᠪᠠᠶᠢᠯᠭᠠᠠᠬᠤ᠂ ᠰᠢᠨ᠎ᠠ ᠶᠢ ᠡᠬᠦᠳᠬᠦ᠂ ᠰᠡᠷᠬᠡᠶᠢᠯᠠᠨ ᠡᠵᠡᠮᠳᠡᠬᠦ ᠪᠠ ᠮᠡᠳᠡᠭᠡ ᠵᠠᠩᠬᠢ ᠶᠢ ᠬᠠᠮᠳᠤᠪᠡᠷ ᠡᠳ᠋ᠯᠡᠬᠦ ᠵᠡᠷᠬᠡ 6 ᠵᠦᠢᠯ ᠤᠨ ᠭᠤᠤᠯᠳᠠᠯᠭ᠎ᠠ ᠲᠠᠢ ᠠᠵᠢᠯ ᠢᠶᠠᠷ ᠭᠤᠤᠯᠳᠠᠭᠤᠯᠵᠤ᠂ ᠨᠡᠩ ᠠᠷᠪᠢᠨ ᠮᠦᠡᠭᠭᠦᠨ ᠬᠦᠢᠯᠭᠡᠭᠡᠨ ᠤ ᠡᠬᠢ ᠪᠠᠶᠠᠯᠢᠭ ᠢ ᠶᠠᠳᠠᠭᠤ ᠬᠦᠴᠢᠷᠲᠠᠢ ᠭᠠᠵᠠᠷ ᠤᠷᠤᠨ᠂ ᠶᠠᠳᠠᠭᠤ ᠬᠦᠴᠢᠷᠲᠠᠢ ᠡᠷᠦᠬᠡ ᠳᠤ ᠤᠷᠤᠭᠤᠯᠵᠦ᠂ ᠤᠯᠠᠨ ᠠᠷᠭ᠎ᠠ ᠵᠠᠮ ᠢᠶᠠᠷ ᠶᠠᠳᠠᠭᠤ ᠶᠢ ᠲᠡᠳᠭᠦᠵᠦ ᠨᠡᠭᠡᠭᠡᠡ ᠬᠦᠭᠵᠢᠬᠦᠯᠬᠦ ᠪᠡᠯᠡ ᠮᠦᠡᠭᠭᠦ ᠶᠢᠨ ᠢᠷᠡᠯᠲᠡ ᠶᠢ ᠨᠡᠮᠡᠭᠳᠡᠭᠦᠯᠬᠦ ᠬᠡᠷᠡᠭᠲᠠᠢ︔ ᠲᠦᠡᠭᠯᠢᠶᠤᠤ ᠬᠤᠲᠠ ᠶᠢᠨ ︽ᠬᠤᠶᠠᠷ ᠢ ᠬᠡᠯᠲᠦᠷᠢᠭᠦᠯᠬᠦ ᠬᠤᠶᠠᠷ ᠰᠢᠭᠤᠳ ᠪᠠᠶᠢᠯᠭᠠᠬᠤ︾᠂ ᠵᠠᠯᠠᠨ ᠠᠶᠢᠯ ᠬᠤᠲᠠ ᠶᠢᠨ ︽ᠵᠠᠰᠠᠭ ᠤᠨ ᠤᠷᠳᠤᠨ ᠪᠤᠯᠤᠨ ᠪᠠᠩᠬᠢ ᠪᠠᠲᠤᠯᠠᠬᠤ︾ ᠵᠡᠷᠭᠡ ᠵᠠᠭᠪᠤᠷᠰᠢᠯ ᠢ ᠰᠤᠷᠤᠯᠴᠠᠨ ᠲᠡᠯᠭᠡᠷᠡᠭᠦᠯᠵᠦ᠂ ᠲᠠᠩᠰᠠ ᠡᠪᠬᠡᠮᠡᠯ ᠪᠠᠶᠢᠭᠤᠯᠤᠬᠰᠠᠨ ᠺᠠᠷᠲ ᠲᠠᠢ ᠶᠠᠳᠠᠭᠤ ᠬᠦᠴᠢᠷᠲᠠᠢ ᠡᠷᠦᠭᠡ ᠶᠢ ᠲᠡᠳᠭᠦᠬᠦ ᠵᠢᠭᠡᠯᠡᠯᠭᠡ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠢᠴᠡᠳ ᠭᠡᠷᠡᠭᠯᠡᠵᠦ᠂ ᠠᠮᠢᠳᠤᠯᠢᠭ ᠢᠶᠠᠷ ᠬᠡᠷᠡᠭᠯᠡᠵᠦ᠂ ᠰᠠᠶᠢᠲᠤᠷ ᠬᠡᠷᠡᠭᠯᠡᠵᠦ᠂ ᠵᠢᠭᠡᠯᠡᠯᠭᠡ ᠲᠠᠯᠪᠢᠬᠤ ᠠᠬᠢᠴᠠ ᠶᠢ ᠲᠦᠷᠭᠡᠳᠭᠡᠨ᠂ ᠵᠠᠰᠠᠭ ᠤᠨ ᠤᠷᠳᠤᠨ ᠪᠤᠯᠤᠨ ᠮᠦᠡᠭᠭᠦᠨ ᠬᠦᠢᠯᠭᠡᠭᠡ ᠶᠢᠨ ᠬᠠᠮᠲᠤᠷᠠᠯᠴᠠᠭ᠎ᠠ ᠶᠢ ᠤᠯᠠᠮ ᠨᠢᠭᠲᠠᠷᠠᠭᠤᠯᠵᠦ᠂ ᠮᠦᠡᠭᠭᠦᠨ ᠬᠦᠢᠯᠭᠡᠭᠡᠨ ᠢᠶᠠᠷ ᠶᠠᠳᠠᠭᠤ ᠶᠢ ᠲᠡᠳᠭᠦᠨ ᠠᠷᠠᠳ ᠢ ᠪᠠᠶᠠᠵᠢᠭᠤᠯᠬᠤ ᠢᠨᠵᠧᠨᠧᠷᠢᠩ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠠᠢ︔ ᠠᠵᠦ ᠦᠢᠯᠡᠰ ᠤᠨ ᠬᠦᠭᠵᠢᠯᠳᠠ ᠪᠠ ᠶᠠᠳᠠᠭᠤ ᠬᠦᠴᠢᠷᠲᠠᠢ ᠡᠷᠦᠭᠡ ᠶᠢᠨ ᠤᠷᠤᠯᠭ᠎ᠠ ᠶᠢ ᠨᠡᠮᠡᠭᠳᠡᠭᠦᠯᠬᠦ ᠬᠠᠷᠢᠯᠴᠠᠨ ᠠᠬᠢᠭᠤᠯᠬᠤ ᠲᠤᠭᠲᠠᠴᠠ ᠶᠢ ᠪᠠᠶᠢᠭᠤᠯᠵᠦ᠂ ︽ᠳᠠᠭᠠᠭᠤᠯᠤᠭᠴᠢ ᠠᠵᠦ ᠠᠬᠤᠢᠢᠯᠠᠯ᠂ ᠲᠤᠰᠬᠠᠢ ᠬᠤᠷᠰᠢᠶ᠎ᠠ᠂ ᠴᠢᠳᠠᠪᠤᠷᠢᠲᠠᠢ ᠲᠤᠮᠤ ᠡᠷᠦᠭᠡ + ᠲᠠᠩᠰᠠ ᠡᠪᠬᠡᠮᠡᠯ ᠪᠠᠶᠢᠭᠤᠯᠤᠬᠰᠠᠠ ᠺᠠᠷᠲ ᠲᠠᠢ ᠶᠠᠳᠠᠭᠤ ᠬᠦᠴᠢᠷᠲᠠᠢ ᠡᠷᠦᠭᠡ︾᠎ ᠶᠢᠨ ᠬᠡᠯᠪᠡᠷᠢᠲᠦ ᠶᠠᠳᠠᠭᠤ ᠶᠢ ᠲᠡᠳᠭᠦᠬᠦ ᠵᠠᠭᠪᠤᠷᠰᠢᠯ ᠢ ᠭᠤᠤᠯᠳᠠᠯᠭ᠎ᠠ ᠲᠠᠢ ᠪᠠᠶᠢᠭᠤᠯᠵᠦ᠂ ᠶᠠᠳᠠᠭᠤ ᠬᠦᠴᠢᠷᠲᠠᠢ ᠡᠷᠦᠭᠡ ᠶᠢ ᠲᠠᠶᠢᠴᠢᠯᠠᠨ ᠭᠤᠤᠯᠯᠠᠬᠤ ᠠᠵᠦ ᠦᠢᠯᠡᠰ ᠢ ᠬᠦᠭᠵᠢᠬᠦᠯᠬᠦ᠂ ᠠᠵᠢᠯ ᠬᠢᠵᠦ ᠠᠵᠢᠯ ᠤᠯᠬᠤ᠂ ᠵᠠᠬᠢᠶᠠᠯᠠᠭ᠎ᠠ ᠶᠢᠨ ᠬᠠᠭᠤᠳᠠᠰᠦ ᠲᠠᠢ ᠲᠠᠷᠢᠵᠦ ᠲᠡᠵᠢᠭᠡᠬᠦ ᠦᠢᠯᠡᠰ᠂ ᠡᠳ᠋ ᠬᠦᠷᠦᠩᠭᠡ ᠪᠠᠷ ᠠᠰᠢᠬ ᠤᠯᠬᠤ᠂ ᠬᠤᠪᠢ ᠨᠡᠶᠢᠯᠡᠭᠦᠯᠦᠨ ᠠᠰᠢᠭ ᠤᠯᠵᠠ ᠬᠤᠪᠢᠶᠠᠷᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠤᠷᠤᠯᠭ᠎ᠠ ᠶᠢ ᠨᠢ ᠨᠡᠮᠡᠭᠳᠡᠭᠦᠯᠵᠦ ᠶᠠᠳᠠᠭᠤ ᠠᠴᠠ ᠠᠩᠭᠢᠵᠢᠷᠠᠭᠤᠯᠬᠤ ᠬᠡᠷᠡᠭᠲᠠᠢ︔ ᠵᠢᠭᠡᠯᠡᠯᠭᠡ ᠲᠠᠯᠪᠢᠬᠤ ᠲᠡᠰ ᠲᠠᠷᠠᠭᠠᠯᠠᠯ ᠪᠤᠯᠤᠨ ᠵᠠᠰᠠᠭ ᠤᠨ ᠤᠷᠳᠤᠨ ᠤ ᠠᠶᠤᠯ ᠲᠦᠭᠰᠢᠭᠦᠷᠢ ᠶᠢᠨ ᠲᠦᠯᠦᠪᠤᠷᠢ ᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠮᠦᠡᠭᠭᠦᠨ ᠬᠦᠢᠯᠭᠡᠭᠡᠨ ᠤ ᠦᠢᠯᠡᠴᠢᠯᠡᠭᠡ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠬᠡᠷᠡᠭᠲᠠᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号