ᠥᠪᠥᠷ ᠮᠣᠩᠭᠤᠯ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠬᠤ ᠶᠠᠪᠤᠳᠠᠯ ᠢ ᠶᠠᠭᠠᠬᠢᠵᠤ ᠬᠢᠬᠦ ᠪᠤᠢ︖
ᠨᠡᠶᠢᠲᠡᠯᠡᠭᠰᠡᠨ ᠴᠠᠭ᠄
2016/8/15
     ★ ᠥᠪᠥᠷ ᠮᠣᠩᠭᠤᠯ ᠤᠨ ᠰᠢᠯᠵᠢᠭᠦᠯᠦᠨ ᠠᠵᠢᠯ ᠣᠯᠭᠤᠬᠤ ᠶᠠᠪᠤᠳᠠᠯ ᠢ ᠶᠠᠭᠠᠬᠢᠵᠤ ᠬᠢᠬᠦ ᠪᠤᠢ︖      ᠡᠨᠡ ᠵᠢᠯ ᠥᠪᠥᠷ ᠮᠣᠩᠭᠤᠯ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠶᠢᠨ ᠬᠦᠴᠦᠨ ᠳᠤ ᠠᠵᠢᠯ ᠣᠯᠭᠤᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ 245 ᠲᠥᠮᠡ ᠠᠴᠠ ᠳᠡᠭᠡᠭᠰᠢᠬᠢ ᠮᠠᠯᠴᠢᠨ ᠲᠠᠷᠢᠶᠠᠴᠢᠳ ᠢ ᠬᠠᠪᠰᠤᠷᠴᠤ ᠰᠢᠯᠵᠢᠭᠦᠯᠦᠨ ᠠᠵᠢᠯ ᠣᠯᠭᠤᠬᠤ ᠪᠣᠯᠣᠨ᠎ᠠ᠃      ᠠᠵᠢᠯ ᠣᠯᠭᠤᠬᠤ ᠠᠷᠭ᠎ᠠ ᠵᠠᠮ᠄ ᠲᠠᠷᠢᠶᠠᠯᠠᠩ ᠮᠠᠯ ᠠᠵᠤ ᠠᠬᠤᠶ ᠳᠤ ᠠᠵᠢᠯ ᠣᠯᠭᠤᠨ᠎ᠠ      ◆ᠶᠠᠭᠠᠬᠢᠵᠤ ᠬᠢᠬᠦ ᠪᠣᠢ — ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠲᠤ ᠲᠦᠰᠢᠭᠯᠡᠨ᠎ᠡ      ◆ ᠶᠠᠭᠠᠬᠢᠵᠤ ᠬᠢᠬᠦ ᠪᠣᠢ — ᠥᠪᠡᠷᠮᠢᠴᠡ ᠣᠨᠴᠠᠯᠢᠭ ᠪᠦᠬᠦᠢ ᠳᠠᠷᠢᠵᠤ ᠲᠡᠵᠢᠭᠡᠬᠦ ᠦᠢᠯᠡᠰ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ᠂ ᠮᠠᠯᠵᠢᠬᠤ ᠲᠠᠷᠢᠶᠠᠯᠠᠬᠤ ᠣᠷᠣᠨ ᠤ ᠦᠢᠯᠡᠴᠢᠯᠡᠭᠡᠨ ᠤ ᠦᠢᠯᠡᠰ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠶ ᠶᠢᠨ ᠵᠤᠭᠠᠴᠠᠯ ᠤᠨ ᠦᠢᠯᠡᠰ ᠢ ᠳᠡᠳᠬᠦᠨ ᠬᠥᠭᠵᠢᠭᠦᠯᠦᠨ᠎ᠡ      ᠠᠵᠢᠯ ᠣᠯᠭᠤᠬᠤ ᠠᠷᠭ᠎ᠠ ᠵᠠᠮ᠄ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠨᠢ ᠳᠡᠮᠵᠢᠨ᠎ᠡ     ◆ᠶᠠᠭᠠᠬᠢᠵᠤ ᠬᠢᠬᠦ ᠪᠣᠢ — ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠬᠥᠳᠡᠯᠮᠦᠷᠢ ᠶᠢᠨ ᠦᠢᠯᠡᠴᠢᠯᠡᠭᠡᠨ ᠤ ᠨᠡᠷᠡᠳᠦ ᠲᠥᠷᠥᠯ ᠲᠡᠮᠳᠡᠭᠲᠦ ᠪᠣᠯᠤᠨ ᠰᠢᠯᠵᠢᠭᠦᠯᠦᠨ ᠠᠵᠢᠯ ᠣᠯᠭᠤᠬᠤ ᠵᠢᠱᠢᠶ᠎ᠡ ᠦᠵᠡᠭᠦᠯᠬᠦ ᠴᠢᠭ᠋ ᠪᠠᠶᠢᠭᠤᠯᠤᠨ᠂ ᠨᠤᠲᠤᠭ ᠲᠠᠭᠠᠨ ᠪᠤᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠢ ᠠᠳᠠᠯ ᠦᠢᠯᠡᠰ ᠴᠤᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢᠨ ᠲᠡᠳᠬᠦᠨ ᠳᠡᠮᠵᠢᠬᠦ ᠬᠡᠪᠴᠢᠶᠡᠨ ᠳᠤ ᠣᠷᠤᠭᠤᠯᠵᠤ᠂ ᠮᠡᠷᠭᠡᠵᠢᠯ ᠲᠠᠢ᠂ ᠪᠡᠯᠡ ᠬᠦᠷᠦᠩᠭᠡ ᠲᠠᠢ᠂ ᠡᠵᠡᠩᠨᠡᠵᠦ ᠴᠢᠳᠠᠳᠠᠭ᠂ ᠬᠠᠮᠢᠶᠠᠷᠤᠯᠲᠠ ᠶᠢ ᠣᠶᠢᠯᠠᠭᠠᠳᠠᠭ ᠨᠡᠩ ᠤᠯᠠᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠨᠤᠲᠤᠭ ᠲᠠᠭᠠᠨ ᠪᠣᠴᠠᠵᠤ ᠠᠳᠠᠯ ᠦᠢᠯᠡᠰ ᠴᠣᠭᠴᠠᠯᠠᠬᠤ ᠶᠢ ᠨᠢ ᠬᠥᠲᠥᠯᠥᠨ ᠵᠢᠯᠣᠭᠤᠳᠴᠤ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠶᠢᠨ ᠬᠦᠴᠦᠨ ᠢ ᠭᠡᠷ ᠠᠴᠠ ᠨᠢ ᠣᠶᠢᠷᠠᠯᠴᠠᠭ᠎ᠠ ᠰᠢᠯᠵᠢᠭᠦᠯᠦᠨ ᠠᠵᠢᠯ ᠣᠯᠭᠤᠬᠤ ᠶᠢ ᠳᠠᠶᠢᠴᠢᠯᠠᠨ᠎ᠠ᠃     ◆ᠶᠠᠭᠠᠬᠢᠵᠤ ᠬᠢᠬᠦ ᠪᠣᠢ — ᠥᠪᠥᠷ ᠮᠣᠩᠭᠤᠯ ᠦᠨᠳᠦᠰᠦᠨ ᠱᠠᠲᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠲᠠᠪᠴᠠᠩ᠂ ᠭᠠᠴᠠᠭ᠎ᠠ ᠲᠣᠰᠬᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠠᠪᠰᠤᠷᠤᠭᠴᠢ ᠶᠢᠨ ᠡᠩᠨᠡᠭᠡ᠂ ᠬᠥᠳᠡᠯᠮᠦᠷᠢ ᠦᠢᠯᠡᠴᠢᠯᠡᠭᠡᠨ ᠤ ᠵᠠᠭᠤᠴᠢ ᠪᠠᠶᠢᠭᠤᠯᠤᠮᠵᠢ ᠵᠢᠴᠢ ᠬᠥᠳᠡᠯᠮᠦᠷᠢ ᠦᠢᠯᠡᠴᠢᠯᠡᠭᠡᠨ ᠤ ᠵᠠᠭᠤᠴᠢᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠠᠪᠤᠷ ᠤᠨ ᠰᠠᠯᠬᠢᠨ ᠠᠵᠢᠯᠯᠠᠭ᠎ᠠ︾ ᠥᠷᠨᠢᠭᠦᠯᠬᠦ ᠪᠠ ᠨᠤᠲᠤᠭ ᠲᠠᠭᠠᠨ ᠪᠤᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠢ ᠲᠤᠰᠬᠠᠶ ᠤᠷᠢᠬᠤ ᠬᠤᠷᠠᠯ ᠡᠷᠬᠢᠯᠡᠵᠦ᠂ ᠠᠵᠢᠯᠴᠢᠨ ᠬᠡᠷᠡᠭᠯᠡᠬᠦ ᠵᠣᠯᠭᠤᠭᠤᠯᠣᠯᠲᠠ ᠪᠣᠯᠣᠨ ︽ᠵᠠᠬᠢᠶᠠᠯᠠᠭ᠎ᠠ ᠶᠢᠨ ᠬᠡᠯᠪᠡᠷᠢ︾ ᠶᠢᠨ ᠬᠥᠳᠡᠯᠮᠦᠷᠢ ᠶᠢᠨ ᠬᠦᠴᠦ ᠶᠢ ᠭᠠᠷᠭᠠᠬᠤ ᠠᠵᠢᠯ ᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠶᠢᠨ ᠬᠦᠴᠦᠨ ᠢ ᠬᠥᠲᠥᠯᠥᠨ ᠵᠢᠯᠣᠭᠤᠳᠴᠤ ᠵᠣᠬᠢᠶᠠᠨ ᠪᠠᠶᠢᠭᠤᠯᠵᠤ ᠪᠠᠶᠢᠭᠠᠳ ᠬᠡᠪᠴᠢᠶᠡᠵᠢᠭᠦᠯᠦᠨ ᠰᠢᠯᠵᠢᠭᠦᠯᠵᠦ ᠠᠵᠢᠯ ᠣᠯᠭᠤᠨ᠎ᠠ᠃      ★ ᠠᠵᠢᠯ ᠣᠯᠭᠤᠬᠤ ᠬᠦᠷᠢᠶ᠎ᠡ ᠬᠡᠪᠴᠢᠶ᠎ᠡ᠂ ᠣᠨᠣᠯᠵᠢᠬᠤᠨ ᠳᠤ ᠶᠠᠮᠠᠷ ᠶᠠᠮᠠᠷ ᠰᠢᠨ᠎ᠡ ᠬᠤᠪᠢᠷᠠᠯᠲᠠ ᠭᠠᠷᠤᠭᠰᠠᠨ ᠢ ᠦᠵᠡᠭᠡᠷᠡᠢ      ◇ ᠲᠦᠷᠭᠡᠨ ᠢᠯᠡᠭᠡᠮᠵᠢ᠂ ᠬᠤᠭᠤᠯᠠ ᠤᠮᠳᠠᠭᠠᠨ ᠤ ᠬᠦᠷᠭᠡᠬᠦ ᠶᠠᠪᠤᠳᠠᠯ ᠬᠥᠮᠦᠰ ᠲᠤ ᠲᠠᠭᠠᠰᠢᠶᠠᠭᠳᠠᠪᠠ      ᠪᠠᠷᠢᠯᠭ᠎ᠠ ᠶᠢᠨ ᠦᠢᠯᠡᠰ᠂ ᠦᠢᠯᠡᠳᠬᠦ ᠦᠢᠯᠡᠰ ᠤᠨ ᠡᠳᠡᠭᠡᠷ ᠤᠯᠠᠮᠵᠢᠯᠠᠯᠲᠤ ᠬᠦᠷᠢᠶ᠎ᠡ ᠴᠠᠷᠠᠭ᠎ᠠ ᠨᠢ ᠬᠥᠯᠥᠰᠥᠨ ᠠᠵᠢᠯᠴᠢᠨ ᠢ ᠲᠠᠲᠠᠨ ᠠᠵᠢᠯ ᠣᠯᠭᠤᠵᠣ ᠪᠠᠶᠢᠬᠤ ᠠᠴᠠ ᠭᠠᠳᠠᠨ᠎ᠠ᠂ ᠮᠠᠰᠢ ᠤᠯᠠᠨ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠵᠠᠷᠢᠮ ᠰᠢᠨ᠎ᠡ ᠬᠦᠷᠢᠶ᠎ᠡ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠣᠷᠣᠵᠣ ᠪᠠᠶᠢᠨ᠎ᠠ᠂ ᠵᠢᠱᠢᠶᠡᠯᠡᠪᠡᠯ ᠲᠦᠷᠭᠡᠨ ᠢᠯᠡᠭᠡᠮᠵᠢ᠂ ᠬᠤᠭᠤᠯᠠ ᠤᠮᠳᠠᠭᠠᠨ ᠤ ᠬᠦᠷᠭᠡᠬᠦ ᠵᠡᠷᠭᠡ ᠨᠢ ᠤᠯᠠᠮᠵᠢᠯᠠᠯᠲᠤ ᠠᠮᠢᠳᠤᠯᠢᠭ ᠠᠵᠢᠯ ᠣᠯᠭᠤᠯᠲᠠ ᠶᠢᠨ ᠳᠡᠰ ᠳᠡᠪᠰᠢᠯᠲᠠ ᠭᠡᠵᠦ ᠬᠡᠯᠡᠵᠦ ᠪᠣᠯᠣᠨ᠎ᠠ᠃ ᠡᠨᠡ ᠨᠢ ᠰᠢᠨ᠎ᠡ ᠠᠵᠤ ᠠᠬᠤᠶ᠂ ᠰᠢᠨ᠎ᠡ ᠠᠵᠤ ᠦᠢᠯᠡᠰ ᠤᠨ ᠬᠥᠭᠵᠢᠯᠲᠡ ᠨᠢ ᠤᠯᠠᠨ ᠳᠠᠪᠬᠤᠷ ᠠᠵᠢᠯ ᠪᠣᠯᠤᠨ ᠪᠡᠶ᠎ᠡ ᠶᠢᠨ ᠬᠢᠷᠢ ᠭᠡᠮ ᠲᠠᠢ ᠵᠠᠯᠠᠭᠤ ᠬᠥᠮᠦᠰ ᠲᠤ ᠠᠵᠢᠯ ᠤᠯᠬᠤ ᠲᠣᠬᠢᠶᠠᠯ ᠢ ᠣᠯᠭᠤᠵᠣ᠂ ᠳᠡᠭᠡᠳᠦ ᠲᠡᠰ ᠤᠨ ᠠᠵᠢᠯ ᠣᠯᠬᠤ ᠠᠵᠢᠯ ᠤᠨ ᠪᠠᠶᠢᠷᠢ ᠶᠢ ᠲᠣᠬᠢᠶᠠᠵᠤ ᠥᠭᠭᠦᠭᠰᠡᠨ ᠢᠶᠠᠷ ᠪᠠᠷᠠᠬᠤ ᠦᠭᠡᠢ ᠪᠠᠰᠠ ᠤᠯᠠᠮᠵᠢᠯᠠᠯᠲᠤ ᠠᠵᠤ ᠦᠢᠯᠡᠰ ᠲᠤ ᠵᠠᠷᠢᠮ ᠰᠢᠨ᠎ᠡ ᠲᠣᠬᠢᠶᠠᠯ ᠢ ᠠᠪᠴᠢᠷᠠᠵᠤ ᠥᠭᠭᠦᠭᠰᠡᠨ ᠪᠠᠶᠢᠨ᠎ᠠ᠃      ◇ ︽ᠬᠤᠲᠠ ᠣᠷᠣᠵᠤ ᠬᠥᠯᠥᠰᠥᠨ ᠠᠵᠢᠯ ᠬᠢᠬᠦ︾ ᠠᠴᠠ ᠪᠠᠨ ᠠᠳᠠᠯ ᠦᠢᠯᠡᠰ ᠴᠣᠭᠴᠠᠯᠠᠬᠤ ᠶᠡᠭᠡ ᠡᠩᠨᠡᠭᠡ ᠳᠤ ᠣᠷᠣᠯᠴᠠᠬᠤ ᠪᠣᠯᠪᠠ      ᠣᠳᠣᠬᠠᠨ ᠳᠤ᠂ ᠳᠤᠮᠳᠠᠳᠤ ᠤᠯᠤᠰ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ᠦᠢ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠨ᠂ ᠲᠥᠭ ᠲᠥᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠡᠳᠦᠷ ᠪᠦᠷᠢ ᠶᠢᠨ ᠰᠢᠨ᠎ᠡ ᠪᠠᠷ ᠳᠠᠩᠰᠠᠯᠠᠭᠤᠯᠵᠤ ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ 4 ᠲᠥᠮᠡ ᠳᠤ ᠬᠦᠷᠴᠦ᠂ ᠠᠵᠢᠯ ᠣᠯᠭᠤᠬᠤ ᠰᠢᠨ᠎ᠡ ᠣᠷᠣᠨ ᠵᠠᠶ ᠶᠢ ᠥᠷᠭᠡᠳᠬᠡᠪᠡ ᠃ ᠡᠭᠦᠨ ᠤ ᠬᠠᠮᠲᠤ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦ ᠴᠤ ︽ᠬᠤᠲᠠ ᠣᠷᠣᠵᠤ ᠬᠥᠯᠥᠰᠥᠨ ᠠᠵᠢᠯ ᠬᠢᠬᠦ︾ ᠠᠴᠠ ᠪᠠᠨ ᠠᠭᠠᠵᠢᠮ ᠢᠶᠠᠷ ᠠᠳᠠᠯ ᠦᠢᠯᠡᠰ ᠴᠣᠭᠴᠠᠯᠠᠬᠤ ᠶᠡᠭᠡ ᠡᠩᠨᠡᠭᠡ ᠳᠤ ᠣᠷᠣᠯᠴᠠᠬᠤ ᠪᠣᠯᠪᠠ᠃ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠡᠯᠭᠡᠭᠦᠷ ᠡᠷᠬᠢᠯᠡᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠬᠥᠭᠵᠢᠭᠦᠯᠵᠦ᠂ ᠬᠠᠷᠠᠴᠠ ᠪᠠᠨ ᠬᠦᠷᠢᠶ᠎ᠡ ᠬᠠᠰᠢᠶ᠎ᠠ ᠶᠢᠨ ᠠᠵᠤ ᠠᠬᠤᠶ ᠵᠡᠷᠭᠡ ᠬᠦᠷᠢᠶ᠎ᠡ ᠬᠡᠪᠴᠢᠶᠡᠨ ᠳᠤ ᠰᠢᠯᠵᠢᠭᠦᠯᠪᠡ᠃      ★ ᠡᠯ᠎ᠡ ᠭᠠᠵᠠᠷ ᠤᠨ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠤ ᠰᠢᠯᠵᠢᠯᠲᠡ ᠶᠢᠨ ᠪᠠᠶᠢᠳᠠᠯ ᠢ ᠦᠵᠡᠶ᠎ᠡ      ᠬᠥᠳᠡᠯᠮᠥᠷᠢ ᠶᠢᠨ ᠬᠦᠴᠦᠨ ᠣᠷᠣᠭᠤᠯᠬᠤ ᠭᠠᠵᠠᠷ ᠤᠨ ᠠᠵᠤ ᠠᠬᠤᠶᠢᠯᠠᠯ ᠳᠠᠬᠢ ᠰᠢᠨ᠎ᠡ ᠪᠠᠷ ᠡᠯᠰᠡᠭᠰᠡᠨ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠥᠷᠢ ᠶᠢᠨ ᠬᠦᠴᠦᠨ ᠤ ᠢᠷᠡᠯᠲᠡ ᠶᠢᠨ ᠪᠠᠶᠢᠳᠠᠯ
     ◆ᠬᠥᠬᠡᠬᠤᠲᠠ᠄ 23.5 ᠲᠥᠮᠡᠨ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠪᠠ      ᠡᠨᠡ ᠵᠢᠯ ᠠᠴᠠ ᠨᠠᠰᠢ᠂ ᠬᠥᠬᠡᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠲᠦᠯᠬᠢᠨ ᠠᠬᠢᠭᠤᠯᠪᠠ᠃ ᠲᠦᠷᠦᠭᠦᠦ 5 ᠰᠠᠷ᠎ᠠ ᠳᠤ᠂ ᠬᠥᠬᠡᠬᠤᠲᠠ 23.5 ᠲᠥᠮᠡ ᠭᠠᠷᠤᠶ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠣ᠂ ᠪᠦᠬᠦ ᠵᠢᠯ ᠤᠨ ᠬᠠᠷᠠᠯᠲᠠᠲᠤ ᠡᠭᠦᠷᠭᠡ ᠶᠢᠨ ᠢᠶᠠᠨ 87.36% ᠶᠢ ᠪᠡᠶᠡᠯᠡᠭᠦᠯᠪᠡ᠃      ◆ᠤᠯᠠᠭᠠᠨᠬᠠᠳᠠ᠄ ᠮᠠᠯᠵᠢᠬᠤ ᠲᠠᠷᠢᠶᠠᠯᠠᠬᠤ ᠣᠷᠣᠨ ᠤ 59.87 ᠲᠥᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠪᠠ      1-6 ᠳ᠋ᠤᠭᠠᠷ ᠰᠠᠷ᠎ᠠ ᠳᠤ ᠤᠯᠠᠭᠠᠨᠬᠠᠳᠠ ᠬᠤᠲᠠ ᠮᠠᠯᠵᠢᠬᠤ ᠲᠠᠷᠢᠶᠠᠯᠠᠬᠤ ᠣᠷᠣᠨ ᠤ 59.87 ᠲᠥᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠣ᠂ ᠲᠥᠯᠥᠪᠯᠡᠭᠰᠡᠨ ᠡᠭᠦᠷᠭᠡ ᠶᠢᠨ ᠢᠶᠠᠨ 87.4% ᠶᠢ ᠪᠡᠶᠡᠯᠡᠭᠦᠯᠪᠡ᠃ ᠡᠭᠦᠨ ᠳᠤ᠂ ᠰᠢᠯᠵᠢᠭᠦᠯᠦᠨ 6 ᠰᠠᠷ᠎ᠠ ᠠᠴᠠ ᠳᠡᠭᠡᠭᠰᠢ ᠠᠵᠢᠯ ᠣᠯᠭᠤᠭᠰᠠᠨ ᠨᠢ 33.60 ᠲᠥᠮᠡᠨ ᠬᠥᠮᠦᠨ᠂ ᠤᠢᠢᠷ᠎ᠠ ᠬᠠᠪᠢ ᠶᠢᠨ ᠲᠤᠬᠠᠶ ᠶᠢᠨ ᠭᠠᠵᠠᠷ ᠲᠤᠨᠢ ᠰᠢᠯᠵᠢᠭᠦᠯᠦᠨ ᠠᠵᠢᠯ ᠣᠯᠭᠤᠭᠰᠠᠨ ᠨᠢ 23.94 ᠲᠥᠮᠡᠨ ᠬᠥᠮᠦᠨ ᠪᠠᠶᠢᠨ᠎ᠠ᠃ ᠬᠥᠳᠡᠯᠮᠦᠷᠢ ᠦᠢᠯᠡᠴᠢᠯᠡᠭᠡᠨ ᠤ ᠣᠷᠣᠯᠭ᠎ᠠ ᠶᠢ 41.33 ᠳ᠋ᠥᠡᠭᠰᠢᠭᠤᠷ ᠲᠥᠭᠦᠷᠢᠭ ᠪᠡᠶᠡᠯᠡᠭᠦᠯᠪᠡ᠃ ᠨᠡᠶᠢᠲᠡ 12189 ᠬᠥᠮᠦᠨ ᠨᠤᠲᠤᠭ ᠲᠠᠭᠠᠨ ᠪᠤᠴᠠᠨ ᠠᠳᠠᠯ ᠦᠢᠯᠡᠰ ᠴᠣᠭᠴᠠᠯᠠᠵᠤ᠂ ᠡᠯ᠎ᠡ ᠲᠦᠷᠦᠯ ᠤᠨ ᠠᠵᠤ ᠠᠬᠤᠶ ᠶᠢᠨ ᠪᠣᠳᠠᠲᠤ ᠴᠣᠭᠴᠠ 4989 ᠶᠢ ᠡᠷᠬᠢᠯᠡᠵᠦ᠂ 53536 ᠬᠥᠮᠦᠨ ᠢ ᠳᠠᠶᠢᠴᠢᠯᠠᠨ ᠠᠵᠢᠯ ᠣᠯᠭᠤᠪᠠ᠃ ᠬᠥᠳᠡᠯᠮᠦᠷᠢ ᠶᠢᠨ ᠦᠢᠯᠡᠴᠢᠯᠡᠭᠡᠨ ᠤ ᠲᠣᠭᠲᠠᠭᠤᠨ ᠰᠠᠭᠤᠷᠢᠨ ᠭᠠᠵᠠᠷ 1075 ᠶᠢ ᠪᠠᠶᠢᠭᠤᠯᠪᠠ᠃      ◆ᠤᠯᠠᠭᠠᠨᠴᠠᠪ ᠬᠤᠲᠠ᠄ ᠮᠠᠯᠵᠢᠬᠤ ᠲᠠᠷᠢᠶᠠᠯᠠᠬᠤ ᠣᠷᠣᠨ ᠤ 33.97 ᠲᠥᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠪᠠ      ᠨᠢᠳᠤᠨᠤᠨ᠂ ᠤᠯᠠᠭᠠᠨᠴᠠᠪ ᠬᠤᠳᠠ ᠮᠠᠯᠵᠢᠬᠤ ᠲᠠᠷᠢᠶᠠᠯᠠᠬᠤ ᠣᠷᠣᠨ ᠤ 33.97 ᠲᠥᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠣ᠂ ᠪᠦᠬᠦ ᠵᠢᠯ ᠤᠨ ᠡᠭᠦᠷᠭᠡ ᠪᠠᠨ 101% ᠪᠠᠷ ᠪᠡᠶᠡᠯᠡᠭᠦᠯᠪᠡ᠃ ᠡᠭᠦᠨ ᠳᠤ᠂ ᠰᠢᠯᠵᠢᠭᠦᠯᠦᠨ 6 ᠰᠠᠷ᠎ᠠ ᠠᠴᠠ ᠳᠡᠭᠡᠭᠰᠢ ᠠᠵᠢᠯ ᠣᠯᠭᠤᠭᠰᠠᠨ ᠨᠢ 27.8 ᠲᠥᠮᠡᠨ ᠬᠥᠮᠦᠨ ᠪᠠᠶᠢᠵᠤ᠂ ᠪᠦᠬᠦ ᠵᠢᠯ ᠤᠨ ᠡᠭᠦᠷᠭᠡ ᠪᠠᠨ 102% ᠪᠠᠷ ᠪᠡᠶᠡᠯᠡᠭᠦᠯᠪᠡ︔ ᠤᠢᠢᠷ᠎ᠠ ᠬᠠᠪᠢ ᠶᠢᠨ ᠲᠤᠬᠠᠶ ᠶᠢᠨ ᠭᠠᠵᠠᠷ ᠲᠤᠨᠢ 16 ᠲᠦᠮᠡᠨ ᠬᠥᠮᠦᠨ ᠢ ᠰᠢᠯᠵᠢᠭᠦᠯᠦᠨ ᠭᠠᠷᠭᠠᠵᠤ᠂ 11.3 ᠲᠥᠮᠡᠨ ᠬᠥᠮᠦᠨ ᠢ ᠠᠶᠢᠮᠠᠭ ᠬᠤᠳᠠ ᠠᠯᠤᠰᠯᠠᠨ ᠰᠢᠯᠵᠢᠭᠦᠯᠦᠨ ᠭᠠᠷᠭᠠᠵᠤ᠂ 6.7 ᠲᠥᠮᠡᠨ ᠬᠥᠮᠦᠨ ᠳᠤ ᠮᠤᠵᠢ ᠠᠯᠤᠰᠯᠠᠨ ᠰᠢᠯᠵᠢᠭᠦᠯᠦᠨ ᠠᠵᠢᠯ ᠣᠯᠭᠤᠪᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ15932 ᠬᠥᠮᠦᠨ ᠣᠷᠣᠯᠴᠠᠵᠤ᠂ ᠬᠥᠳᠡᠯᠮᠦᠷᠢ ᠶᠢᠨ ᠦᠢᠯᠡᠴᠢᠯᠡᠭᠡᠨ ᠤ ᠣᠷᠣᠯᠭ᠎ᠠ ᠶᠢ 76 ᠳ᠋ᠦᠩᠰᠢᠭᠤᠷ ᠲᠥᠭᠦᠷᠢᠭ ᠪᠡᠶᠡᠯᠡᠭᠦᠯᠪᠡ᠃      ◆ ᠤᠷᠳᠤᠰ ᠬᠤᠳᠠ᠄ 12 ᠲᠦᠮᠡ ᠭᠠᠷᠤᠢ ᠮᠠᠯᠴᠢᠨ ᠲᠠᠷᠢᠶᠠᠴᠢᠳ ᠢ ᠰᠢᠯᠢᠵᠢᠭᠦᠯᠥᠨ ᠠᠵᠢᠯ ᠤᠯᠭᠤᠪᠠ      2015 ᠣᠨ ᠳᠤ᠂ ᠤᠷᠳᠤᠰ ᠬᠤᠳᠠ 122426 ᠮᠠᠯᠴᠢᠨ ᠲᠠᠷᠢᠶᠠᠴᠢᠳ ᠢ ᠰᠢᠯᠢᠵᠢᠭᠦᠯᠥᠨ ᠠᠵᠢᠯ ᠤᠯᠭᠤᠵᠤ᠂  ᠬᠠᠷᠠᠯᠲᠠᠲᠤ ᠡᠭᠦᠷᠭᠡ ᠪᠠᠨ 101.2% ᠢᠶᠠᠷ ᠪᠡᠶᠡᠯᠡᠭᠦᠯᠪᠡ᠃ ᠡᠭᠦᠨ ᠳᠤ᠂ 105113 ᠬᠦᠮᠦᠨ ᠢ 6 ᠰᠠᠷ᠎ᠠ ᠠᠴᠠ ᠳᠡᠭᠡᠭᠰᠢ ᠰᠢᠯᠵᠢᠬᠦᠯᠵᠤ᠂ ᠪᠦᠬᠦ ᠰᠢᠯᠵᠢᠭᠦᠯᠦᠭᠰᠡᠨ ᠬᠦᠮᠦᠨ ᠤ 85.9% ᠶᠢ ᠡᠵᠡᠯᠡᠪᠡ᠃ ᠡᠨᠡ ᠵᠢᠯ ᠠᠴᠠ ᠨᠠᠰᠢ᠂ ᠤᠷᠳᠤᠰ ᠬᠤᠳᠠ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠬᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠠᠪᠴᠤ ᠮᠠᠯᠴᠢᠨ ᠲᠠᠷᠢᠶᠠᠴᠢᠳ ᠢ ᠰᠢᠯᠵᠢᠭᠦᠯᠥᠨ ᠠᠵᠢᠯ ᠣᠯᠭᠤᠬᠤ ᠶᠢ ᠳᠡᠮᠵᠢᠪᠡ᠃      ◆ ᠬᠥᠯᠥᠨ ᠪᠤᠶᠢᠷ ᠬᠤᠳᠠ᠄ 7.3 ᠲᠦᠮᠡᠨ ᠮᠠᠯᠴᠢᠨ ᠲᠠᠷᠢᠶᠠᠴᠢᠳ ᠢ ᠰᠢᠯᠢᠵᠢᠭᠦᠯᠥᠨ ᠠᠵᠢᠯ ᠤᠯᠭᠤᠪᠠ      ᠤᠢᠢᠷ᠎ᠠ ᠶᠢᠨ ᠵᠢᠯ ᠤᠳ ᠲᠤ᠂ ᠬᠥᠯᠥᠨ ᠪᠤᠶᠢᠷ ᠬᠤᠳᠠ ᠬᠥᠳᠡᠯᠮᠦᠷᠢ ᠬᠦᠴᠦ ᠶᠢ ᠭᠠᠳᠠᠭᠰᠢ ᠭᠠᠷᠭᠠᠬᠤ ᠶᠠᠪᠤᠳᠠᠯ ᠢ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠰᠢᠯᠵᠢᠭᠦᠯᠦᠨ ᠠᠵᠢᠯ ᠤᠯᠭᠤᠬᠤ ᠪᠠ ᠬᠥᠳᠡᠭᠡ ᠲᠣᠰᠬᠤᠨ ᠤ ᠬᠥᠭᠵᠢᠯᠲᠡ ᠶᠢ ᠲᠦᠷᠭᠡᠳᠬᠡᠬᠦ᠂ ᠬᠤᠳᠠ ᠬᠥᠳᠡᠭᠡ ᠶᠢᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠬᠦ ᠶᠢᠨ ᠴᠢᠬᠤᠯᠠ ᠠᠭᠤᠯᠭ᠎ᠠ ᠪᠠᠨ ᠪᠤᠯᠭᠠᠨ᠂ ᠬᠥᠳᠡᠯᠮᠦᠷᠢ ᠶᠢᠨ ᠬᠦᠴᠦᠨ ᠢ ᠭᠠᠳᠠᠭᠰᠢ ᠭᠠᠷᠭᠠᠬᠤ ᠭᠤᠣᠯᠳᠠᠯᠭ᠎ᠠ ᠪᠠᠨ ᠲᠠᠷᠢᠶᠠᠯᠠᠩ ᠤᠨ ᠬᠥᠮᠦᠨ ᠠᠮᠠ ᠶᠢᠨ ᠬᠤᠪᠢ ᠶᠢᠨ ᠵᠢᠩ ᠢᠶᠠᠷ ᠨᠡᠯᠢᠶᠡᠳ ᠶᠡᠭᠡ ᠪᠤᠯᠬᠤ ᠳᠠᠪᠠᠭᠠᠨ ᠤ ᠡᠮᠦᠨᠡᠰᠢᠬᠢ ᠭᠤᠷᠪᠠᠨ ᠬᠤᠰᠢᠭᠤ ᠬᠤᠳᠠ — ᠵᠡᠯᠡᠨ ᠠᠶᠢᠯ ᠬᠤᠲᠠ᠂ ᠠᠷᠤᠨ ᠬᠤᠰᠢᠭᠤ᠂ ᠮᠤᠷᠢᠨ ᠳᠠᠪᠠᠭ᠎ᠠ ᠬᠤᠰᠢᠭᠤ ᠳᠤ ᠲᠠᠯᠪᠢᠪᠠ᠃ 2015 ᠣᠨ ᠳᠤ᠂ ᠪᠦᠬᠦ ᠬᠤᠲᠠ ᠶᠢᠨ 73819 ᠮᠠᠯᠴᠢᠨ ᠲᠠᠷᠢᠶᠠᠴᠢᠳ ᠢ ᠰᠢᠯᠵᠢᠭᠦᠯᠥᠨ ᠠᠵᠢᠯ ᠤᠯᠭᠤᠪᠠ᠃      ★ ᠤᠩᠰᠢᠯᠭ᠎ᠠ ᠶᠢᠨ ᠦᠷᠬᠦᠯᠵᠢᠯᠡᠯ      ☆ ᠥᠪᠥᠷ ᠮᠣᠩᠭᠤᠯ ᠵᠡᠭᠦᠨ ᠪᠠᠷᠠᠭᠤᠨ ᠪᠡᠶ᠎ᠡ ᠶᠢᠨ ᠬᠥᠳᠡᠯᠮᠦᠷᠢ ᠶᠢᠨ ᠦᠢᠯᠡᠴᠢᠯᠡᠭᠡ ᠶᠢ ᠵᠣᠯᠭᠠᠭᠤᠯᠬᠤ ᠶᠢ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠳ ᠢ ᠰᠢᠯᠢᠵᠢᠭᠦᠯᠥᠨ ᠠᠵᠢᠯ ᠤᠯᠭᠤᠬᠤ ᠬᠦᠴᠢᠷ ᠠᠰᠠᠭᠤᠳᠠᠯ ᠢ ᠰᠢᠢᠳᠪᠦᠷᠢᠯᠡᠪᠡ      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠡᠯ᠎ᠡ ᠬᠥᠳᠡᠯᠮᠦᠷᠢ ᠶᠢᠨ ᠦᠢᠯᠡᠴᠢᠯᠡᠭᠡ ᠶᠢ ᠭᠠᠳᠠᠭᠰᠢ ᠭᠠᠷᠭᠠᠬᠤ ᠭᠠᠵᠠᠷ ᠣᠷᠣᠨ ᠨᠤᠭᠤᠳ ᠬᠠᠷᠢᠶ᠎ᠠ ᠣᠷᠣᠨ ᠤ ᠪᠠᠨ ᠳᠣᠲᠣᠷᠠᠬᠢ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠪᠠᠶᠢᠳᠠᠯ ᠢ ᠤᠢᠢᠯᠠᠭᠠᠨ ᠡᠵᠡᠮᠰᠢᠵᠤ᠂ ᠢᠯᠠᠩᠭᠤᠶ᠎ᠠ ᠪᠠᠷᠠᠭᠤᠨ ᠪᠡᠶ᠎ᠡ ᠶᠢᠨ ᠭᠠᠵᠠᠷ ᠣᠷᠣᠨ ᠳᠤ ᠣᠴᠢᠵᠤ ᠠᠵᠢᠯ  ᠤᠯᠬᠤ ᠳᠤᠷᠠᠲᠠᠢ ᠬᠥᠳᠡᠯᠮᠦᠷᠢ ᠶᠢᠨ ᠬᠦᠴᠦᠨ ᠤ ᠨᠠᠰᠤ ᠵᠢᠯ᠂ ᠰᠣᠶᠣᠯ ᠤᠨ ᠬᠡᠮᠵᠢᠶ᠎ᠡ ᠂ ᠠᠵᠢᠯ ᠤᠯᠬᠤ ᠮᠡᠷᠭᠡᠵᠢᠯ ᠴᠢᠳᠠᠪᠤᠷᠢ᠂ ᠠᠵᠢᠯ ᠤᠯᠬᠤ ᠴᠢᠭᠯᠡᠯ ᠵᠡᠷᠭᠡ ᠦᠨᠳᠦᠰᠦᠨ ᠪᠠᠶᠢᠳᠠᠯ ᠳᠤᠨᠢ ᠺᠠᠷᠲ ᠬᠢᠵᠤ ᠲᠡᠩᠰᠠ ᠡᠪᠬᠡᠮᠡᠯ ᠪᠠᠶᠢᠭᠤᠯᠵᠤ᠂ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠪᠦᠷᠢᠨ ᠭᠦᠢᠴᠡᠳ ᠬᠥᠮᠥᠷᠭᠡ ᠶᠢ ᠪᠠᠶᠢᠭᠤᠯᠪᠠ᠃ ᠪᠠᠷᠠᠭᠤᠨ ᠪᠡᠶ᠎ᠡ ᠶᠢᠨ ᠭᠠᠵᠠᠷ ᠣᠷᠣᠨ ᠤ ᠬᠥᠳᠡᠯᠮᠦᠷᠢ ᠶᠢᠨ ᠬᠦᠴᠦᠨ ᠤᠷᠤᠭᠤᠯᠬᠤ ᠭᠠᠵᠠᠷ ᠪᠦᠬᠦᠨ ᠬᠠᠷᠢᠶ᠎ᠠ ᠣᠷᠣᠨ ᠤ ᠪᠠᠨ ᠳᠤᠲᠤᠷᠠᠬᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠᠶᠢᠳᠠᠯ ᠳᠤ ᠪᠠᠶᠢᠩᠭᠤ ᠶᠢᠨ ᠴᠢᠨᠠᠷᠲᠠᠶ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠬᠤᠭᠤᠰᠣᠨ ᠠᠵᠢᠯ ᠤᠨ ᠪᠠᠶᠢᠷᠢ ᠶᠢᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠴᠠᠯᠢᠩ ᠬᠥᠯᠥᠰᠥ᠂ ᠠᠵᠢᠯ ᠤᠨ ᠣᠷᠴᠢᠨ ᠲᠣᠭᠤᠷᠢᠨ ᠵᠡᠷᠭᠡ ᠪᠠᠶᠢᠳᠠᠯ ᠢ ᠲᠣᠳᠣᠷᠬᠠᠶ ᠣᠶᠢᠯᠠᠭᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢᠨ ᠬᠥᠮᠥᠷᠭᠡ ᠪᠠᠶᠢᠭᠤᠯᠤᠭᠰᠠᠨ ᠤ ᠬᠠᠮᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠬᠦᠯᠪᠡ᠃ ᠠᠵᠢᠯ ᠣᠯᠭᠤᠬᠤ ᠮᠡᠳᠡᠭᠡ ᠵᠠᠩᠭᠢ ᠰᠣᠷᠭᠤᠭ ᠪᠤᠰᠤ᠂ ᠬᠠᠩᠭᠠᠯᠭ᠎ᠠ ᠬᠡᠷᠡᠭᠴᠡᠭᠡᠨ ᠤ ᠮᠡᠳᠡᠭᠡ ᠵᠠᠩᠭᠢ ᠰᠤᠯᠤᠭᠠᠶᠢᠳᠠᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠬᠥᠳᠡᠯᠮᠦᠷᠢ ᠬᠦᠴᠦᠨ ᠬᠡᠷᠡᠭᠯᠡᠬᠦ ᠮᠡᠳᠡᠭᠡ ᠵᠠᠩᠭᠢ ᠶᠢᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠵᠡᠭᠦᠨ ᠪᠠᠷᠠᠭᠤᠨ ᠪᠡᠶ᠎ᠡ ᠶᠢᠨ ᠭᠠᠵᠠᠷ ᠣᠷᠣᠨ ᠠᠵᠢᠯ ᠤᠨ ᠪᠠᠶᠢᠷᠢ ᠶᠢᠨ ᠮᠡᠳᠡᠭᠡ ᠵᠠᠩᠬᠢ ᠶᠢ ᠥᠷᠭᠡᠨ ᠢᠶᠠᠷ ᠴᠤᠭᠯᠠᠭᠤᠯᠬᠤ᠂ ᠠᠵᠢᠯᠴᠢᠨ ᠬᠡᠷᠡᠭᠯᠡᠬᠦ ᠮᠡᠳᠡᠭᠡ ᠵᠠᠩᠭᠢ ᠨᠡᠶᠢᠲᠡᠯᠡᠬᠦ ᠶᠠᠪᠤᠳᠠᠯ ᠳᠡᠭᠡᠷ᠎ᠡ ᠭᠤᠣᠯ ᠬᠦᠴᠦ ᠪᠠᠨ ᠲᠠᠯᠪᠢᠬᠤ ᠢᠳᠡᠪᠬᠢᠲᠡᠶ ᠬᠥᠲᠥᠯᠥᠨ ᠵᠢᠯᠣᠭᠤᠳᠴᠤ ᠂ ᠣᠷᠣᠭᠤᠯᠬᠤ ᠪᠠ ᠭᠠᠷᠭᠠᠬᠤ ᠭᠠᠵᠠᠷ ᠤᠨ ᠠᠵᠢᠯᠴᠢᠨ ᠬᠡᠷᠡᠭᠯᠡᠬᠦ ᠨᠢᠭᠡᠴᠡ ᠪᠣᠯᠤᠨ ᠬᠥᠳᠡᠯᠮᠦᠷᠢᠴᠢᠨ ᠳᠤ ᠤᠷᠢᠵᠤ ᠡᠯᠰᠡᠬᠦ ᠲᠤᠰᠬᠠᠶ ᠬᠦᠳᠡᠯᠮᠦᠷᠢ ᠬᠦᠴᠦᠨ ᠬᠤᠷᠠᠯ ᠢ ᠵᠤᠬᠢᠶᠠᠨ ᠪᠠᠶᠢᠭᠤᠯᠵᠤ᠂ ᠲᠤᠮᠢᠯᠠᠨ ᠰᠠᠭᠤᠭ᠎ᠠ ᠬᠥᠳᠡᠯᠮᠦᠷᠢ ᠶᠢᠨ ᠦᠢᠯᠡᠴᠢᠯᠡᠭᠡ ᠶᠢᠨ ᠠᠵᠢᠯ ᠤᠨ ᠪᠠᠶᠢᠭᠤᠯᠤᠮᠵᠢ ᠪᠠᠷ ᠳᠠᠮᠵᠢᠭᠤᠯᠤᠨ ᠨᠢᠭᠡ ᠴᠢᠭ᠋ ᠨᠢ ᠨᠦᠬᠦᠭᠡ ᠴᠢᠭ᠋ ᠢᠶᠠᠨ ᠬᠠᠷᠠᠭᠠᠯᠵᠠᠬᠤ ᠠᠵᠢᠯ ᠤᠨ ᠵᠠᠭᠪᠤᠷᠰᠢᠯ ᠢ ᠳᠡᠯᠭᠡᠷᠡᠭᠦᠯᠵᠦ᠂ ᠨᠢᠭᠡ ᠴᠢᠭ᠋ ᠨᠢ ᠨᠦᠬᠦᠭᠡ ᠴᠢᠭ᠋ ᠲᠡᠭᠡᠨ ᠦᠢᠯᠡᠴᠢᠯᠡᠬᠦ ᠠᠵᠢᠯ ᠢ ᠰᠠᠶᠢᠲᠤᠷ ᠬᠢᠭᠰᠡᠨ ᠪᠠᠶᠢᠨ᠎ᠠ᠃ 【 ᠨᠠᠷᠢᠨ ᠪᠠᠶᠢᠳᠠᠯ】      ☆ ᠥᠪᠥᠷ ᠮᠣᠩᠭᠤᠯ ᠪᠦᠬᠦ ᠵᠢᠯ ᠤᠨ ᠮᠠᠯᠴᠢᠨ ᠲᠠᠷᠢᠶᠠᠴᠢᠳ ᠢ ᠰᠢᠯᠢᠵᠢᠭᠦᠯᠥᠨ ᠠᠵᠢᠯ ᠣᠯᠭᠤᠬᠤ ᠡᠭᠦᠷᠭᠡ  ᠪᠠᠨ ᠤᠷᠢᠳᠴᠢᠯᠠᠨ ᠪᠡᠶᠡᠯᠡᠬᠦᠯᠪᠡ      ᠥᠪᠥᠷ ᠮᠣᠩᠭᠤᠯ ᠬᠦᠴᠦ ᠶᠠᠪᠤᠭᠴᠢ ᠮᠠᠯᠴᠢᠨ ᠲᠠᠷᠢᠶᠠᠴᠢᠨ ᠤ ᠠᠵᠢᠯ ᠣᠯᠵᠤ ᠠᠳᠠᠯ ᠦᠢᠯᠡᠰ ᠴᠤᠭᠴᠠᠯᠠᠬᠤ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠪᠦᠷᠢᠨᠰᠢᠬᠦᠯᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠬᠦᠷᠢᠶᠡᠯᠡᠩ᠂ ᠰᠢᠯᠵᠢᠭᠦᠯᠦᠨ ᠠᠵᠢᠯ ᠣᠯᠭᠤᠬᠤ ᠵᠢᠱᠢᠶ᠎ᠡ ᠦᠵᠡᠭᠦᠯᠬᠦ ᠴᠢᠭ᠋ ᠢ ᠶᠡᠬᠡᠪᠡᠷ ᠪᠦᠳᠦᠬᠡᠨ ᠪᠠᠶᠢᠭᠤᠯᠵᠤ  ᠂ ᠦᠪᠡᠷᠮᠢᠴᠡ ᠣᠨᠴᠠᠯᠢᠭ ᠪᠦᠬᠦᠢ ᠬᠥᠳᠡᠯᠮᠦᠷᠢ ᠶᠢᠨ ᠦᠢᠯᠡᠴᠢᠯᠡᠭᠡᠨ ᠤ ᠨᠢᠭᠡ ᠪᠦᠯᠦᠭ ᠳᠦᠷᠦᠯ ᠳᠡᠮᠳᠡᠭ ᠡᠭᠦᠳᠬᠦ ᠶᠢ ᠲᠡᠳᠬᠦᠨ  ᠳᠡᠮᠵᠢᠵᠤ᠂ ᠰᠢᠯᠵᠢᠭᠦᠯᠦᠨ ᠠᠵᠢᠯ ᠣᠯᠭᠤᠬᠤ ᠠᠵᠢᠯᠳᠠᠨ ᠢ ᠵᠤᠬᠢᠴᠠᠭᠤᠯᠬᠤ᠂ ᠬᠠᠮᠢᠶᠠᠷᠬᠤ ᠪᠠ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠬᠥᠳᠡᠯᠮᠦᠷᠢ ᠶᠢᠨ ᠦᠢᠯᠡᠴᠢᠯᠡᠭᠡ ᠶᠢ ᠭᠠᠳᠠᠭᠰᠢ ᠭᠠᠷᠭᠠᠬᠤ ᠲᠦᠷᠦᠯ ᠲᠡᠮᠳᠡᠭ ᠤᠨ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠨᠢ ᠤᠯᠠᠮ ᠨᠢᠭᠡ ᠠᠯᠬᠤᠮ ᠪᠠᠳᠠᠷᠠᠭᠤᠯᠪᠠ᠃ ᠣᠳᠣᠬᠠᠨ ᠳᠤ᠂ ᠥᠪᠥᠷ ᠮᠣᠩᠭᠤᠯ  ᠮᠠᠯᠴᠢᠨ ᠲᠠᠷᠢᠶᠠᠴᠢᠳ ᠢ ᠰᠢᠯᠢᠵᠢᠭᠦᠯᠥᠨ ᠠᠵᠢᠯ ᠣᠯᠭᠤᠬᠤ ᠲᠤᠰᠠᠯᠠᠮᠵᠢ ᠶᠢᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠠᠵᠢᠯ ᠤᠨ ᠪᠠᠶᠢᠷᠢ ᠬᠦᠷᠭᠡᠬᠦ᠂ ᠮᠡᠷᠭᠡᠵᠢᠯ ᠴᠢᠳᠠᠪᠤᠷᠢ ᠬᠦᠷᠭᠡᠬᠦ᠂ ᠲᠦᠷᠦᠯ ᠵᠦᠢᠯ ᠬᠦᠷᠭᠡᠬᠦ᠂ ᠲᠦᠷᠦ ᠶᠢᠨ ᠪᠤᠳᠤᠯᠭ᠎ᠠ ᠬᠦᠷᠭᠡᠬᠦ᠂ ᠬᠠᠯᠠᠮᠵᠢᠯᠠᠯ ᠬᠦᠷᠬᠡᠬᠦ 5 ᠵᠦᠢᠯ ᠤᠨ ᠠᠵᠢᠯ ᠣᠯᠭᠤᠬᠤ ᠲᠤᠰᠠᠯᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠳᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ ᠦᠭᠪᠡ᠃ 【 ᠨᠠᠷᠢᠨ ᠪᠠᠶᠢᠳᠠᠯ】      ☆ ᠥᠪᠥᠷ ᠮᠣᠩᠭᠤᠯ ᠨᠡᠩ ᠣᠯᠠᠨ ᠬᠦᠴᠦ ᠶᠠᠪᠤᠭᠴᠢ ᠮᠠᠯᠴᠢᠨ ᠲᠠᠷᠢᠶᠠᠴᠢᠨ ᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠬᠥᠲᠥᠯᠥᠨ ᠵᠢᠯᠤᠭᠤᠳᠪᠠ      ᠥᠪᠥᠷ ᠮᠣᠩᠭᠤᠯ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠶᠢ ᠳᠡᠮᠵᠢᠬᠦ ᠪᠠᠷ ᠳᠠᠮᠵᠢᠭᠤᠯᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠮᠠᠯᠴᠢᠨ ᠲᠠᠷᠢᠶᠠᠴᠢᠳ ᠤᠨ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠦᠭᠵᠢᠬᠦᠯᠬᠦ ᠶᠢ ᠵᠤᠷᠢᠭᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠡ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠶ ᠵᠡᠷᠭᠡ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠤᠨ ᠲᠥᠷᠥᠯ ᠵᠦᠢᠯ ᠢ ᠬᠢᠯᠬᠡᠵᠤ ᠪᠤᠢ᠃ ᠡᠭᠦᠨ ᠤ ᠬᠠᠮᠲᠤ᠂ ᠮᠠᠯᠴᠢᠨ ᠲᠠᠷᠢᠶᠠᠴᠢᠳ ᠲᠤᠬᠠᠶ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ ᠰᠦᠯᠵᠢᠶᠡᠨ ᠳᠡᠭᠡᠷ᠎ᠡ ᠠᠳᠠᠯ ᠦᠢᠯᠡᠰ ᠴᠤᠭᠴᠠᠯᠠᠬᠤ ᠶᠢ ᠨᠢ ᠳᠡᠮᠵᠢᠵᠤ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ᠂ ᠪᠤᠬᠢᠷᠳᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠵᠡᠷᠭᠡ ᠥᠪᠡᠷᠮᠢᠴᠡ ᠣᠨᠴᠠᠯᠢᠭ ᠲᠠᠢ ᠦᠢᠯᠡᠳᠬᠦᠨ ᠢ ᠠᠭᠤᠳᠠᠯᠯᠠᠨ ᠳᠡᠰ ᠳᠡᠪᠰᠢᠬᠦᠯᠵᠤ᠂ ︽ᠢᠨᠲ᠋ᠧᠷ ᠰᠦᠯᠵᠢᠶ᠎ᠡ +︾ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠥᠪᠡᠷᠮᠢᠴᠡ ᠣᠨᠴᠠᠯᠢᠭ ᠲᠠᠢ ᠳᠡᠯᠭᠡᠭᠦᠷ᠂ ᠬᠤᠯᠪᠤᠭᠠᠲᠤ ᠳᠡᠯᠭᠡᠭᠦᠷ ᠪᠣᠯᠤᠨ ᠨᠡᠷᠡᠲᠦ ᠲᠡᠮᠳᠡᠭᠲᠦ ᠶᠢᠨ ᠳᠡᠯᠭᠡᠭᠦᠷ ᠢ ᠨᠡᠭᠡᠭᠡᠵᠠᠢ᠃ ᠡᠭᠦᠨ ᠠᠴᠠ ᠭᠠᠳᠠᠨ᠎ᠠ᠂ ᠪᠠᠰᠠ ᠠᠳᠠᠯ ᠦᠢᠯᠡᠰ ᠴᠤᠭᠴᠠᠯᠠᠬᠤ  ᠳᠠᠭᠠᠭᠠᠯᠲᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠥᠮᠦᠰ ᠲᠤ ᠲᠣᠭᠲᠠᠭᠠᠯ ᠶᠣᠰᠣᠭᠠᠷ ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠦᠭᠭᠦ ᠪᠠ ᠳᠠᠮ ᠬᠦᠦ ᠮᠥᠩᠭᠦ ᠥᠭᠬᠦ ᠪᠠᠷ ᠪᠠᠶᠢᠨ᠎ᠠ᠃ 【 ᠨᠠᠷᠢᠨ ᠪᠠᠶᠢᠳᠠᠯ】
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ