ᠥᠪᠥᠷ ᠮᠣᠩᠭᠤᠯ ᠤᠨ ᠴᠠᠭ ᠠᠭᠤᠷ ᠤᠨ ᠲᠤᠪᠴᠢᠶ᠎ᠠ ᠶᠢᠨ ᠵᠢᠱᠢᠯᠲᠡ ᠪᠠᠷ᠂ ᠢᠷᠡᠬᠦ ᠨᠢᠭᠡ ᠭᠠᠷᠠᠭ ᠲᠤ᠂ | ᠳᠡᠳ᠋ ᠬᠠᠯᠠᠭᠤᠨ ᠪᠦᠰᠡᠨ ᠤ ᠥᠨᠳᠥᠷ ᠳᠠᠷᠤᠯᠲᠠ ᠶᠢᠨ ᠭᠠᠳᠠᠭᠤᠷᠬᠢ ᠳᠤᠯᠠᠭᠠᠨ ᠴᠢᠭᠢᠭᠯᠢᠭ ᠠᠭᠤᠷ ᠠᠮᠢᠰᠬᠤᠯ ᠤᠨ | ᠨᠥᠯᠥᠭᠡ ᠪᠠᠷ᠂ ᠳᠤᠮᠳᠠ ᠪᠠᠷᠠᠭᠤᠨ ᠪᠡᠶ᠎ᠡ ᠶᠢᠨ ᠭᠠᠵᠠᠷ ᠣᠷᠣᠨ ᠳᠤ ᠨᠢᠭᠡ ᠤᠳᠠᠭᠠᠨ ᠤ ᠢᠯᠡᠷᠬᠡᠶ ᠪᠤᠷᠤᠭᠠᠨ | ᠤᠷᠤᠵᠤ᠂ ᠪᠤᠷᠤᠭᠠᠨ ᠨᠢ ᠭᠤᠣᠯᠳᠠᠭᠤ ᠠᠯᠠᠱᠠ ᠠᠶᠢᠮᠠᠭ ᠤᠨ ᠵᠡᠭᠦᠨ ᠪᠡᠶ᠎ᠡ᠂ ᠦᠬᠠᠶ ᠬᠤᠳᠠ᠂ ᠪᠠᠶᠠᠨᠨᠠᠭᠤᠷ ᠬᠤᠳᠠ᠂ | ᠤᠷᠳᠤᠰ ᠬᠤᠳᠠ᠂ ᠪᠤᠭᠤᠲᠤ ᠬᠤᠳᠠ᠂ ᠬᠥᠬᠡᠬᠤᠲᠠ᠂ ᠤᠯᠠᠭᠠᠨᠴᠠᠪ ᠬᠤᠳᠠ ᠶᠢᠨ ᠡᠮᠦᠨᠡᠲᠦ ᠪᠡᠶ᠎ᠡ ᠶᠢᠨ ᠭᠠᠵᠠᠷ | ᠤᠷᠤᠨ ᠳᠤ ᠲᠥᠪᠯᠡᠷᠡᠵᠦ᠂ ᠤᠯᠠᠩᠬᠢ ᠭᠠᠵᠠᠷ ᠲᠤ ᠤᠬᠤᠷ ᠬᠤᠭᠤᠴᠠᠭᠠᠨ ᠤ ᠠᠭᠠᠳᠠᠷ ᠪᠣᠷᠣᠭᠠᠨ᠂ ᠠᠶᠤᠩᠭᠠᠲᠤ | ᠪᠣᠷᠣᠭᠠᠨ ᠶᠡᠭᠡ ᠰᠠᠯᠬᠢ ᠵᠡᠷᠭᠡ ᠰᠣᠯᠢᠭ ᠤᠷᠤᠰᠬᠠᠯᠲᠤ ᠠᠭᠤᠷ ᠠᠮᠢᠰᠬᠤᠯ ᠲᠤᠬᠢᠶᠠᠯᠳᠤᠨ᠎ᠠ᠃ ᠥᠪᠥᠷ ᠮᠣᠩᠭᠤᠯ ᠤᠨ | ᠴᠠᠭ ᠠᠭᠤᠷ ᠤᠨ ᠲᠤᠪᠴᠢᠶ᠎ᠠ ᠶᠢᠨ ᠠᠬᠠᠯᠠᠭᠴᠢ ᠮᠡᠳᠡᠭᠡᠯᠡᠭᠴᠢ ᠵᠠᠩ ᠬᠦᠢ ᠯᠢᠶᠠᠨ ᠤ ᠲᠠᠨᠢᠯᠴᠠᠭᠤᠯᠤᠭᠰᠠᠨ ᠢᠶᠠᠷ᠂ 8 | ᠳ᠋ᠤᠭᠠᠷ ᠰᠠᠷ᠎ᠠ ᠶᠢᠨ 15~20 ᠤ ᠡᠳᠦᠷ ᠪᠤᠯᠲᠠᠯ᠎ᠠ᠂ ᠪᠠᠶᠠᠨᠨᠠᠭᠤᠷ ᠬᠤᠳᠠ ᠶᠢᠨ ᠡᠮᠦᠨ᠎ᠡ ᠪᠡᠶ᠎ᠡ᠂ ᠣᠷᠳᠣᠰ | ᠬᠤᠲᠠ ᠶᠢᠨ ᠶᠡᠬᠡᠩᠬᠢ ᠬᠡᠰᠡᠭ᠂ ᠪᠤᠭᠤᠲᠤ ᠬᠤᠲᠠ ᠶᠢᠨ ᠳᠤᠮᠳᠠ ᠡᠮᠦᠨ᠎ᠡ ᠪᠡᠶ᠎ᠡ᠂ ᠬᠥᠬᠡᠬᠤᠲᠠ ᠶᠢᠨ ᠳᠤᠮᠳᠠ | ᠡᠮᠦᠨ᠎ᠡ ᠪᠡᠶ᠎ᠡ᠂ ᠤᠯᠠᠭᠠᠨᠴᠠᠪ ᠬᠤᠳᠠ ᠶᠢᠨ ᠡᠮᠦᠨ᠎ᠡ ᠪᠡᠶ᠎ᠡ ᠶᠢᠨ ᠭᠠᠵᠠᠷ ᠤᠷᠤᠨ ᠳᠤ ᠪᠤᠷᠤᠭᠠᠨ ᠤᠷᠤᠵᠤ᠂ ᠨᠡᠶᠢᠲᠡ | ᠲᠤᠨᠳᠠᠰᠤᠨ ᠤ ᠬᠡᠮᠵᠢᠶ᠎ᠡ ᠨᠢ 50~150 ᠮᠢᠯᠢᠮᠧᠲᠷ ᠲᠤ ᠬᠦᠷᠴᠦ᠂ ᠠᠭᠠᠳᠠᠷ ᠪᠣᠷᠣᠭᠠᠨ ᠤ ᠳᠡᠰ ᠲᠤ ᠬᠦᠷᠦᠨ᠎ᠡ︔ | ᠡᠭᠦᠨ ᠠᠴᠠ ᠭᠠᠳᠠᠨ᠎ᠠ᠂ ᠥᠨᠳᠥᠷ ᠣᠭᠲᠠᠷᠭᠤᠶ ᠶᠢᠨ ᠬᠦᠢᠲᠡᠨ ᠤᠷᠤᠰᠬᠠᠯ ᠤᠨ ᠨᠥᠯᠥᠭᠡ ᠪᠠᠷ ᠳᠤᠮᠳᠠᠳᠤ ᠪᠡᠶ᠎ᠡ ᠠᠴᠠ | ᠵᠡᠭᠦᠨᠰᠢᠬᠢ ᠪᠠ ᠵᠡᠭᠦᠨ ᠪᠡᠶ᠎ᠡ ᠶᠢᠨ ᠭᠠᠵᠠᠷ ᠣᠷᠣᠨ ᠳᠤ ᠨᠢᠭᠡ ᠤᠳᠠᠭ᠎ᠠ ᠪᠤᠷᠤᠭᠠᠨ ᠤᠷᠤᠵᠤ᠂ ᠭᠤᠣᠯᠳᠠᠭᠤ | ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ ᠪᠤᠯᠤᠨ ᠡᠮᠦᠨ᠎ᠡ ᠪᠡᠶ᠎ᠡ᠂ ᠤᠯᠠᠭᠠᠨᠬᠠᠳᠠ ᠬᠤᠳᠠ᠂ ᠲᠦᠩᠯᠢᠶᠣᠤ | ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ ᠭᠠᠵᠠᠷ ᠤᠷᠤᠨ ᠳᠤ ᠲᠦᠪᠯᠡᠷᠡᠵᠤ᠂ | ᠤᠯᠠᠩᠬᠢ ᠭᠠᠵᠠᠷ ᠲᠤ ᠤᠬᠤᠷ ᠬᠤᠭᠤᠴᠠᠭᠠᠨ ᠤ ᠠᠭᠠᠳᠠᠷ ᠪᠣᠷᠣᠭᠠᠨ᠂ ᠠᠶᠤᠩᠭᠠᠲᠤ ᠪᠣᠷᠣᠭᠠᠨ ᠶᠡᠭᠡ ᠰᠠᠯᠬᠢ ᠵᠡᠷᠭᠡ | ᠰᠣᠯᠢᠭ ᠤᠷᠤᠰᠬᠠᠯᠲᠤ ᠠᠭᠤᠷ ᠠᠮᠢᠰᠬᠤᠯ ᠲᠤᠬᠢᠶᠠᠯᠳᠤᠵᠤ᠂ ᠪᠤᠷᠤᠭᠠᠨ ᠤ ᠲᠥᠪ ᠣᠷᠣᠨ ᠪᠦᠰᠡ ᠨᠢ ᠬᠢᠩᠭᠠᠨ | ᠠᠶᠢᠮᠠᠭ᠂ ᠬᠥᠯᠥᠨ ᠪᠤᠶᠢᠷ ᠬᠤᠳᠠ ᠶᠢᠨ ᠵᠡᠭᠦᠨ ᠡᠮᠦᠨ᠎ᠡ ᠪᠡᠶ᠎ᠡ ᠶᠢᠨ ᠭᠠᠵᠠᠷ ᠣᠷᠣᠨ ᠳᠤ ᠲᠦᠪᠯᠡᠷᠡᠵᠤ᠂ ᠨᠡᠶᠢᠲᠡ | ᠲᠤᠨᠤᠳᠠᠰᠤᠨ ᠤ ᠬᠡᠮᠵᠢᠶ᠎ᠡ ᠨᠢ 20~50 ᠮᠢᠯᠢᠮᠧᠲᠷ ᠲᠤ ᠬᠦᠷᠦᠨ᠎ᠡ᠃ |