8 ᠳ᠋ᠤᠭᠠᠷ ᠰᠠᠷ᠎ᠠ ᠶᠢᠨ 15 ᠤ ᠡᠳᠦᠷ ᠲᠤ ᠶᠠᠪᠤᠭᠳᠠᠭᠰᠠᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ | ᠤᠷᠳᠤᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠢᠢᠯᠠᠭᠠᠬᠰᠠᠨ ᠢᠶᠠᠷ᠂ ᠤᠳᠤᠬᠠᠨ ᠳᠤ ᠮᠠᠨ ᠤ ᠤᠷᠤᠨ | ᠭᠠᠩ ᠬᠠᠭᠰᠠᠷᠠᠭᠠᠨ ᠲᠠᠢ ᠲᠡᠮᠡᠴᠡᠨ ᠭᠠᠮᠰᠢᠬ ᠤᠨ ᠬᠤᠬᠢᠷᠠᠯ ᠢ ᠪᠠᠭᠠᠰᠠᠬᠬᠤ ᠠᠵᠢᠯ ᠢ ᠬᠦᠴᠦᠳᠡᠢ ᠦᠷᠨᠢᠬᠦᠯᠵᠦ ᠪᠤᠢ᠃ | ᠴᠠᠬ ᠠᠭᠤᠷ ᠤᠨ ᠰᠠᠯᠠᠭ᠎ᠠ ᠮᠦᠴᠢᠷ ᠤᠨ ᠤᠷᠢᠳᠴᠢᠯᠠᠨ ᠮᠡᠳᠡᠭᠡᠯᠡᠭᠰᠡᠨ ᠢᠶᠠᠷ᠂ ᠢᠷᠡᠬᠦ ᠲᠠᠪᠤᠨ ᠡᠳᠦᠷ ᠲᠤ ᠮᠠᠨ ᠤ | ᠤᠷᠤᠨ ᠳᠤ ᠪᠠᠷᠠᠭᠤᠨ ᠠᠴᠠ ᠵᠡᠬᠦᠨᠰᠢ ᠨᠡᠶᠢᠳᠡᠮ ᠤᠨ ᠴᠢᠨᠠᠷᠳᠠᠢ ᠬᠤᠷ᠎ᠠ ᠪᠤᠷᠤᠭᠠᠨ ᠤᠷᠤᠬᠤ ᠶᠢ ᠲᠠᠭᠠᠯᠳᠤᠨ | ᠤᠳᠤᠬᠠᠨ ᠤ ᠭᠠᠩ ᠬᠠᠭᠰᠠᠷᠠᠭᠠᠨ ᠵᠤᠬᠢᠬᠤ ᠬᠡᠮᠵᠢᠶ᠎ᠠ ᠪᠠᠷ ᠨᠠᠮᠳᠠᠬᠤ ᠪᠤᠯᠤᠨ᠎ᠠ᠃ | ᠡᠨᠡ ᠵᠢᠯ ᠠᠴᠠ ᠨᠠᠰᠢ᠂ ᠮᠠᠨ ᠤ ᠤᠷᠤᠨ ᠤ ᠭᠠᠩ ᠬᠠᠭᠰᠠᠷᠠᠭᠠᠨ ᠤ ᠪᠠᠶᠢᠳᠠᠯ ᠨᠡᠯᠢᠶᠡᠳ ᠬᠦᠨᠳᠤ ᠰᠦᠷᠡᠬᠡᠢ | ᠪᠠᠶᠢᠵᠦ᠂ 6 ᠳ᠋ᠤᠭᠠᠷ ᠰᠠᠷ᠎ᠠ ᠠᠴᠠ 7 ᠳ᠋ᠤᠭᠠᠷ ᠰᠠᠷ᠎ᠠ ᠶᠢᠨ ᠡᠬᠢᠨ ᠪᠤᠯᠳᠠᠯ᠎ᠠ ᠤᠯᠠᠭᠠᠨᠬᠠᠳᠠ ᠬᠤᠳᠠ ᠪᠠ ᠲᠦᠩᠯᠢᠶᠤᠤ | ᠬᠤᠳᠠ ᠶᠢᠨ ᠬᠤᠶᠢᠳᠤ ᠪᠠᠶ᠎ᠠ ᠶᠢᠨ ᠭᠠᠵᠠᠷ ᠤᠷᠤᠨ ᠢᠶᠠᠷ ᠭᠠᠩ ᠬᠠᠭᠰᠠᠷᠠᠭᠠᠨ ᠪᠤᠯᠵᠦ᠂ 7 ᠳ᠋ᠤᠭᠠᠷ ᠰᠠᠷ᠎ᠠ ᠶᠢᠨ | ᠲᠤᠮᠳᠠᠴᠢ ᠠᠴᠠ ᠨᠠᠰᠢ ᠬᠦᠯᠦᠨ ᠪᠤᠶᠢᠷ ᠬᠤᠳᠠ᠂ ᠰᠢᠯᠢ ᠶᠢᠨ ᠭᠤᠤᠯ ᠠᠶᠢᠮᠠᠭ ᠪᠠ ᠬᠢᠩᠭᠠᠨ ᠠᠶᠢᠮᠠᠭ ᠲᠤ ᠪᠠᠰᠠ | ᠭᠠᠩ ᠬᠠᠭᠰᠠᠷᠠᠭᠠᠨ ᠤ ᠪᠠᠶᠢᠳᠠᠯ ᠢᠯᠡᠷᠡᠭᠰᠡᠨ ᠮᠦᠷᠳᠡᠬᠡᠨ ᠬᠡᠴᠡᠬᠦᠳᠡᠬᠦ ᠪᠠᠶᠢᠳᠠᠯ ᠲᠠᠢ ᠪᠤᠯᠤᠬᠰᠠᠨ ᠪᠠᠶᠢᠨ᠎ᠠ᠃ 8 | ᠳ᠋ᠤᠭᠠᠷ ᠰᠠᠷ᠎ᠠ ᠶᠢᠨ 10 ᠤ ᠡᠳᠦᠷ ᠪᠤᠯᠳᠠᠯ᠎ᠠ᠂ ᠪᠦᠬᠦ ᠤᠷᠤᠨ ᠤ ᠭᠠᠩ ᠤᠨ ᠭᠠᠮᠰᠢᠬ ᠲᠤ ᠲᠠᠭᠠᠷᠢᠬᠳᠠᠬᠰᠠᠨ | ᠲᠠᠷᠢᠮᠠᠯ ᠤᠨ ᠲᠠᠯᠠᠪᠠᠢ 4181 ᠲᠦᠮᠡᠨ ᠮᠦ᠂ ᠠᠰᠢᠬᠯᠠᠵᠦ ᠪᠤᠯᠬᠤ ᠨᠤᠲᠤᠭ ᠪᠡᠯᠴᠢᠬᠡᠷ ᠤᠨ ᠲᠠᠯᠠᠪᠠᠢ 3.9 | ᠳ᠋ᠦᠩᠰᠢᠭᠤᠷ ᠮᠦ ᠳᠤ ᠬᠦᠷᠴᠦ᠂ 70 ᠭᠤᠤᠯ ᠮᠦᠷᠡᠨ ᠤᠷᠤᠰᠬᠠᠯ ᠲᠠᠰᠤᠷᠠᠨ 161 ᠤᠰᠤᠨ ᠴᠦᠬᠦᠷᠦᠮ | ᠰᠢᠷᠬᠢᠵᠦ᠂ 2.62 ᠲᠦᠮᠡᠨ ᠮᠠᠰᠢᠨ ᠴᠠᠬᠢᠯᠭᠠᠨ ᠬᠤᠳᠳᠤᠬ ᠤᠨ ᠤᠰᠤ ᠲᠠᠳᠠᠭᠤᠷᠠᠵᠦ᠂ ᠪᠦᠬᠦ ᠤᠷᠤᠨ ᠤ 35 | ᠲᠦᠮᠡᠨ ᠬᠦᠮᠦᠨ ᠪᠠ 318 ᠲᠦᠮᠡᠨ ᠮᠠᠯ ᠤᠰᠤ ᠤᠮᠳᠠ ᠶᠢᠨ ᠬᠦᠴᠢᠷᠳᠡᠯ ᠳᠤ ᠲᠤᠯᠭᠠᠷᠠᠪᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠭᠠᠩ ᠬᠠᠭᠰᠠᠷᠠᠭᠠᠨ ᠤ | ᠪᠠᠶᠢᠳᠠᠯ ᠢ ᠲᠡᠭᠡᠳᠦ ᠭᠡᠮᠵᠢᠶ᠎ᠠ ᠪᠠᠷ ᠴᠢᠬᠤᠯᠠᠴᠢᠯᠠᠨ ᠦᠵᠡᠵᠦ᠂ ᠤᠷᠢᠳ ᠬᠤᠵᠢᠳ ᠬᠤᠶᠠᠷ ᠤᠳᠠᠭ᠎ᠠ ᠰᠢᠨᠵᠢᠯᠡᠨ | ᠪᠠᠶᠢᠴᠠᠭᠠᠬᠤ ᠲᠤᠭᠤᠢᠢᠯᠠᠩ ᠲᠤᠮᠢᠯᠠᠨ ᠭᠠᠮᠰᠢᠬᠳᠠᠬᠰᠠᠨ ᠭᠠᠵᠠᠷ ᠤᠷᠤᠨ ᠢᠶᠠᠷ ᠬᠦᠨᠵᠡᠭᠡᠶᠢᠷᠡᠬᠦᠯᠦᠨ ᠭᠠᠮᠰᠢᠬ ᠤᠨ | ᠪᠠᠶᠢᠳᠠᠯ ᠢ ᠤᠢᠢᠯᠠᠭᠠᠭᠤᠯᠵᠦ᠂ ᠭᠠᠩ ᠬᠠᠭᠰᠠᠷᠠᠭᠠᠨ ᠲᠠᠢ ᠲᠡᠮᠡᠴᠡᠨ ᠭᠠᠮᠰᠢᠬ ᠤᠨ ᠬᠤᠬᠢᠷᠠᠯ ᠢ ᠪᠠᠭᠠᠰᠠᠬᠬᠤ ᠠᠵᠢᠯ ᠢ | ᠵᠢᠯᠤᠭᠤᠳᠤᠭᠤᠯᠬᠤ ᠶᠢᠨ ᠬᠠᠮᠳᠤ ᠭᠠᠩ ᠬᠠᠭᠰᠠᠷᠠᠭᠠᠨ ᠲᠠᠢ ᠲᠡᠮᠡᠴᠡᠨ ᠭᠠᠮᠰᠢᠬ ᠤᠨ ᠬᠤᠬᠢᠷᠠᠯ ᠢ ᠪᠠᠭᠠᠰᠬᠠᠬᠤ ᠪᠡᠯᠡ | ᠤᠷᠤᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠦ᠂ 7 ᠳ᠋ᠤᠭᠠᠷ ᠰᠠᠷ᠎ᠠ ᠶᠢᠨ 26 ᠤ ᠡᠳᠦᠷ ᠪᠤᠯᠳᠠᠯ᠎ᠠ | ᠤᠯᠠᠭᠠᠨᠬᠠᠳᠠ ᠬᠤᠳᠠ᠂ ᠲᠦᠩᠯᠢᠶᠤᠤ ᠬᠤᠳᠠ ᠪᠠ ᠬᠦᠯᠦᠨ ᠪᠤᠶᠢᠷ ᠬᠤᠳᠠ ᠳᠤ ᠤᠨᠴᠠ ᠶᠡᠭᠡ ᠭᠠᠩ | ᠬᠠᠭᠰᠠᠷᠠᠭᠠᠨ ᠲᠠᠢ ᠲᠡᠮᠡᠴᠡᠵᠦ ᠭᠠᠮᠰᠢᠬ ᠠᠴᠠ ᠠᠪᠤᠷᠠᠬᠤ ᠨᠦᠬᠦᠪᠦᠷᠢ ᠶᠢ 1.2 ᠳ᠋ᠦᠩᠰᠢᠭᠤᠷ ᠲᠦᠬᠦᠷᠢᠭ | ᠪᠠᠭᠤᠯᠭᠠᠬᠰᠠᠨ ᠪᠠᠶᠢᠨ᠎ᠠ᠃ 8 ᠳ᠋ᠤᠭᠠᠷ ᠰᠠᠷ᠎ᠠ ᠶᠢᠨ 14 ᠤ ᠡᠳᠦᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ | ᠤᠷᠳᠤᠨ ᠠᠴᠠ ᠪᠠᠰᠠ ᠤᠨᠴᠠ ᠶᠡᠭᠡ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠬ ᠠᠴᠠ ᠠᠪᠤᠷᠠᠬᠤ ᠨᠦᠬᠦᠪᠦᠷᠢ ᠶᠢ | 2 ᠳ᠋ᠦᠩᠰᠢᠭᠤᠷ ᠲᠦᠬᠦᠷᠢᠭ ᠪᠠᠭᠤᠯᠭᠠᠬᠤ ᠪᠠᠷ ᠲᠤᠭᠳᠠᠵᠠᠢ᠃ ᠤᠳᠤᠬᠠᠨ ᠳᠤ ᠦᠪᠡᠷᠳᠡᠬᠡᠨ ᠵᠠᠰᠠᠬᠤ ᠤᠷᠤᠨ ᠤ | ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠠᠵᠢᠯᠯᠠᠬᠤ ᠲᠤᠭᠤᠢᠢᠯᠠᠩ ᠲᠤᠮᠢᠯᠠᠵᠦ᠂ ᠭᠠᠮᠰᠢᠬᠳᠠᠬᠰᠠᠨ ᠤᠷᠤᠨ ᠤ | ᠭᠠᠮᠰᠢᠬ ᠠᠴᠠ ᠠᠪᠤᠷᠠᠬᠤ ᠠᠵᠢᠯ ᠢ ᠬᠦᠨᠵᠡᠬᠡᠢ ᠦᠷᠨᠢᠬᠦᠯᠵᠦ ᠪᠠᠶᠢᠨ᠎ᠠ᠃ 8 ᠳ᠋ᠤᠭᠠᠷ ᠰᠠᠷ᠎ᠠ ᠶᠢᠨ 10 ᠤ ᠡᠳᠦᠷ | ᠪᠤᠯᠳᠠᠯ᠎ᠠ᠂ ᠮᠠᠨ ᠤ ᠤᠷᠤᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠨᠡᠶᠢᠳᠡ 115 ᠲᠦᠮᠡᠨ ᠬᠦᠮᠦᠨ | ᠤᠳᠠᠭ᠎ᠠ ᠶᠢᠨ ᠬᠦᠳᠡᠯᠮᠦᠷᠢ ᠬᠦᠴᠦ ᠤᠷᠤᠭᠤᠯᠵᠤ᠂ ᠭᠠᠩ ᠬᠠᠭᠰᠠᠷᠠᠭᠠᠨ ᠲᠠᠢ ᠲᠡᠮᠡᠴᠡᠬᠦ 30 ᠦᠢᠯᠡᠴᠢᠯᠡᠬᠡᠨ ᠤ | ᠲᠤᠭᠤᠢᠢᠯᠠᠩ ᠢ ᠵᠤᠬᠢᠶᠠᠨ ᠪᠠᠶᠢᠭᠤᠯᠵᠦ᠂ ᠤᠰᠤ ᠲᠡᠭᠡᠭᠡᠪᠦᠷᠢᠯᠡᠬᠦ ᠮᠠᠰᠢᠨ ᠢ 1.4 ᠲᠦᠮᠡᠨ ᠲᠡᠷᠭᠡ ᠤᠳᠠᠭ᠎ᠠ | ᠬᠦᠳᠡᠯᠬᠡᠵᠦ᠂ ᠮᠠᠯᠴᠢᠨ ᠲᠠᠷᠢᠶᠠᠴᠢᠨ ᠳᠤ 150 ᠭᠠᠷᠤᠢ ᠲᠦᠮᠡᠨ ᠲᠤᠨ ᠤᠰᠤ ᠬᠦᠷᠭᠡᠭᠰᠡᠨ ᠪᠠᠶᠢᠨ᠎ᠠ᠃ |