ᠡᠨᠡ ᠵᠤᠨ ᠥᠪᠥᠷ ᠮᠣᠩᠭᠤᠯ ᠬᠦᠨᠳᠦ ᠬᠡᠴᠡᠭᠦᠦ ᠭᠠᠩ ᠬᠠᠭᠰᠠᠷᠠᠭᠠᠨ ᠳᠤ ᠳᠠᠭᠠᠷᠢᠭᠳᠠᠵᠤ᠂ ᠦᠨᠦ ᠪᠤᠯᠬᠤ | ᠳᠤ ᠪᠦᠬᠦ ᠣᠷᠣᠨ ᠤ ᠭᠠᠩᠳᠠᠭᠰᠠᠨ ᠭᠠᠵᠠᠷ ᠳᠠᠯᠠᠪᠠᠢ ᠨᠢ ᠪᠦᠬᠦ ᠭᠠᠵᠠᠷ ᠲᠠᠯᠠᠪᠠᠶ ᠶᠢᠨ 46.5% ᠶᠢ ᠡᠵᠡᠯᠡᠵᠦ | ᠪᠠᠶᠢᠨ᠎ᠠ᠃ ᠥᠪᠥᠷ ᠮᠣᠩᠭᠤᠯ ᠤᠨ ᠪᠣᠷᠣᠭᠠᠨ ᠤ ᠤᠯᠠᠷᠢᠯ 8 ᠳ᠋ᠤᠭᠠᠷ ᠰᠠᠷ᠎ᠠ ᠶᠢᠨ ᠳᠤᠮᠳᠠᠴᠢ ᠪᠤᠶᠤ ᠰᠡᠭᠦᠯᠴᠢ ᠪᠠᠷ | ᠵᠠᠯᠭᠠᠯᠳᠤᠭᠠᠪᠠᠷ ᠳᠠᠭᠤᠰᠳᠠᠭ᠂ ᠡᠨᠡᠬᠦ ᠬᠤᠭᠤᠴᠠᠭᠠᠨ ᠳᠤ ᠮᠠᠯᠵᠢᠬᠤ ᠣᠷᠣᠨ ᠤ ᠭᠠᠩ ᠤᠨ ᠪᠠᠶᠢᠳᠠᠯ ᠦᠷᠭᠦᠯᠵᠢᠯᠡᠨ | ᠬᠦᠨᠳᠦᠷᠡᠵᠦ᠂ ᠵᠢᠱᠢᠯᠲᠡ ᠪᠠᠷ ᠡᠨᠡ ᠡᠪᠦᠯ ᠥᠪᠥᠷ ᠮᠣᠩᠭᠤᠯ ᠳᠤ ᠡᠪᠡᠰᠦ ᠪᠡᠯᠴᠢᠭᠡᠷ ᠵᠠᠭᠤᠨ ᠲᠦᠮᠡᠨ ᠲᠦ᠋ᠨ | ᠤᠷᠴᠢᠮ ᠳᠤᠲᠠᠭᠳᠠᠬᠤ ᠪᠤᠯᠤᠨ᠎ᠠ᠃ | ᠲᠠᠨᠢᠯᠴᠠᠭᠤᠯᠤᠭᠰᠠᠨ ᠢ ᠦᠨᠳᠦᠰᠦᠯᠡᠪᠡᠯ᠂ ᠣᠳᠣᠬᠠᠨ ᠪᠣᠯᠲᠠᠯ᠎ᠠ ᠥᠪᠥᠷ ᠮᠣᠩᠭᠤᠯ ᠤᠨ ᠭᠠᠩᠳᠠᠭᠰᠠᠨ ᠭᠠᠵᠠᠷ | ᠲᠠᠯᠠᠪᠠᠢ ᠨᠢ 54.8 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠶ᠃ ᠡᠭᠦᠨ ᠳᠤ ᠣᠨᠴᠠ ᠶᠡᠭᠡ | ᠭᠠᠩᠳᠠᠭᠰᠠᠨ ᠲᠠᠯᠠᠪᠠᠶ ᠨᠢ 2.3 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠦᠨᠳᠦ ᠭᠠᠩᠳᠠᠭᠰᠠᠨ ᠲᠠᠯᠠᠪᠠᠶ ᠨᠢ | 16.7 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠳᠤᠮᠳᠠ ᠵᠡᠷᠭᠡ ᠶᠢᠨ ᠭᠠᠩᠳᠠᠭᠰᠠᠨ ᠲᠠᠯᠠᠪᠠᠶ ᠨᠢ 13.3 | ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠪᠠᠭ᠎ᠠ ᠰᠢᠭ᠋ ᠭᠠᠩᠳᠠᠭᠰᠠᠨ ᠲᠠᠯᠠᠪᠠᠶ ᠨᠢ 22.5 ᠲᠦᠮᠡᠨ ᠲᠡᠭᠰᠢ | ᠳᠥᠷᠪᠡᠯᠵᠢᠨ ᠺᠢᠯᠣᠮᠧᠲᠷ ᠲᠤ ᠬᠦᠷᠴᠦ᠂ ᠲᠤᠰ ᠲᠤᠰ ᠪᠦᠬᠦ ᠣᠷᠣᠨ ᠤ ᠭᠠᠵᠠᠷ ᠲᠠᠯᠠᠪᠠᠢ ᠶᠢᠨ 1.9%᠂14.1%᠂ | 11.3%᠂19.1% ᠶᠢ ᠡᠵᠡᠯᠡᠵᠦ ᠪᠠᠶᠢᠨ᠎ᠠ᠃ ᠭᠠᠩᠳᠠᠭᠰᠠᠨ ᠭᠠᠵᠠᠷ ᠨᠢ ᠭᠤᠣᠯᠳᠠᠭᠤ ᠠᠯᠠᠱᠠ ᠠᠶᠢᠮᠠᠭ ᠤᠨ | ᠶᠡᠬᠡᠩᠬᠢ ᠬᠡᠰᠡᠭ᠂ ᠣᠷᠳᠣᠰ ︵600295᠂ ᠬᠤᠪᠢ︶ ᠬᠤᠲᠠ ᠶᠢᠨ ᠶᠡᠬᠡᠩᠬᠢ ᠬᠡᠰᠡᠭ᠂ ᠬᠤᠶᠢᠲᠤ ᠬᠡᠰᠡᠭ ᠤᠨ | ᠮᠠᠯᠵᠢᠬᠤ ᠣᠷᠣᠨ ᠪᠣᠯᠤᠨ ᠬᠥᠯᠥᠨ ᠪᠤᠶᠢᠷ ᠬᠤᠳᠠ ᠶᠢᠨ ᠪᠠᠷᠠᠭᠤᠨ ᠬᠡᠰᠡᠭ ᠤᠨ ᠭᠠᠵᠠᠷ ᠣᠷᠣᠨ ᠪᠤᠯᠤᠨ᠎ᠠ᠃ ᠡᠭᠦᠨ | ᠳᠤ᠂ ᠲᠠᠷᠢᠶᠠᠯᠠᠬᠤ ᠣᠷᠣᠨ ᠤ ᠭᠠᠩᠳᠠᠭᠰᠠᠨ ᠲᠠᠯᠠᠪᠠᠢ 1.5 ᠲᠦᠮᠡᠨ ᠲᠡᠭᠰᠢ ᠳᠥᠷᠪᠡᠯᠵᠢᠨ ᠺᠢᠯᠣᠮᠧᠲᠷ᠂ | ᠰᠢᠭᠤᠶᠢᠲᠤ ᠣᠷᠣᠨ ᠤ ᠭᠠᠩᠳᠠᠭᠰᠠᠨ ᠲᠠᠯᠠᠪᠠᠢ 2.6 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠮᠠᠯᠵᠢᠬᠤ | ᠣᠷᠣᠨ ᠤ ᠭᠠᠩᠳᠠᠭᠰᠠᠨ ᠲᠠᠯᠠᠪᠠᠶ 50.7 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠢ᠃ ᠢᠯᠠᠩᠭᠤᠶ᠎ᠠ | ᠮᠠᠯᠵᠢᠬᠤ ᠣᠷᠣᠨ ᠤ ᠭᠠᠩ ᠤᠨ ᠪᠠᠶᠢᠳᠠᠯ ᠦᠷᠭᠦᠯᠵᠢᠯᠡᠨ ᠬᠦᠨᠳᠦᠷᠡᠵᠦ᠂ ᠵᠡᠭᠦᠨ ᠬᠡᠰᠡᠭ ᠤᠨ ᠥᠷᠭᠡᠨ ᠠᠭᠤᠳᠠᠮ | ᠬᠠᠳᠤᠯᠠᠩ ᠪᠡᠯᠴᠢᠭᠡᠷ ᠤᠷᠢᠳᠠᠪᠠᠷ ᠬᠠᠲᠠᠭᠰᠠᠨ ᠪᠠ ᠴᠢᠨᠠᠭᠰᠢᠯᠠᠪᠠᠯ ᠬᠠᠲᠠᠨ ᠦᠬᠦᠵᠦ᠂ ᠡᠨᠡ ᠨᠠᠮᠤᠷ ᠤᠨ ᠬᠠᠳᠤᠯᠠᠩ | ᠪᠡᠯᠴᠢᠭᠡᠷ ᠤᠨ ᠬᠤᠷᠢᠶᠠᠯᠲᠠ ᠳᠤ ᠲᠦᠢᠯ ᠤᠨ ᠠᠰᠢᠭ ᠦᠭᠡᠢ ᠨᠥᠯᠥᠭᠡ ᠦᠵᠡᠭᠦᠯᠵᠦ᠂ ᠵᠢᠱᠢᠯᠲᠡ ᠪᠠᠷ ᠡᠨᠡ ᠡᠪᠦᠯ | ᠵᠡᠭᠦᠨ ᠬᠡᠰᠡᠭ ᠤᠨ ᠣᠷᠣᠨ ᠳᠤ ᠬᠠᠳᠤᠯᠠᠩ ᠪᠡᠯᠴᠢᠭᠡᠷ ᠪᠠᠷᠤᠭ ᠵᠠᠭᠤᠨ ᠳᠦ᠋ᠨ ᠤᠷᠴᠢᠮ ᠳᠤᠲᠠᠭᠳᠠᠬᠤ ᠪᠤᠯᠤᠨ᠎ᠠ᠃ | ᠡᠭᠦᠨ ᠤ ᠬᠠᠮᠲᠤ᠂ ᠬᠢᠩᠭᠠᠨ ᠠᠶᠢᠮᠠᠭ ᠤᠨ ᠬᠡᠰᠡᠭ ᠲᠠᠷᠢᠶᠠᠯᠠᠬᠤ ᠣᠷᠣᠨ ᠤ ᠬᠤᠷᠢᠶᠠᠯᠲᠠ ᠠᠯᠳᠠᠭᠰᠠᠨ ᠲᠠᠯᠠᠪᠠᠶ ᠨᠢ | ᠲᠠᠷᠢᠭᠰᠠᠨ ᠲᠠᠯᠠᠪᠠᠢ ᠶᠢᠨ 80% ᠠᠴᠠ ᠳᠡᠭᠡᠭᠰᠢ ᠳᠤ ᠬᠦᠷᠴᠡᠢ᠃ ᠣᠳᠣᠬᠠᠨ ᠳᠤ ᠶᠡᠬᠡᠩᠬᠢ ᠲᠠᠷᠢᠮᠠᠯ ᠤᠨ | ᠪᠤᠶᠢᠵᠢᠯᠲᠠ ᠶᠢᠨ ᠵᠠᠩᠭᠢᠯᠠᠭ᠎ᠠ ᠶᠢᠨ ᠤᠰᠤᠨ ᠤ ᠬᠡᠷᠡᠭᠴᠡᠭᠡᠲᠦ ᠬᠤᠭᠤᠴᠠᠭ᠎ᠠ ᠪᠤᠯᠵᠤ ᠪᠠᠶᠢᠨ᠎ᠠ᠂ ᠬᠦᠨᠳᠦ ᠨᠣᠴᠢᠲᠠᠶ | ᠭᠠᠩ ᠬᠠᠭᠰᠠᠷᠭᠠᠨ ᠨᠢ ᠲᠠᠷᠢᠮᠠᠯ ᠤᠨ ᠤᠷᠭᠤᠯᠲᠠ ᠶᠢ ᠦᠨᠳᠦᠰᠦᠨ ᠳᠡᠭᠡᠨ ᠵᠤᠭᠰᠤᠭᠠᠵᠤ᠂ ᠡᠷᠳᠡᠨᠢ ᠰᠢᠰᠢ ᠨᠢ | ᠲᠦᠷᠦᠭᠦᠯᠡᠵᠦ ᠳᠡᠶᠢᠯᠦᠭᠰᠡᠨ ᠦᠭᠡᠢ᠂ ᠨᠣᠭᠤᠭᠠᠨ ᠪᠤᠷᠴᠠᠭ ᠨᠢ ᠪᠤᠷᠴᠠᠭᠯᠠᠵᠤ ᠳᠡᠶᠢᠯᠦᠭᠰᠡᠨ ᠦᠭᠡᠶ ᠪᠠᠶᠢᠨ᠎ᠠ᠃ | ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠤᠨ ᠪᠦᠷᠢᠳᠬᠡᠯ ᠢ ᠦᠨᠳᠦᠰᠦᠯᠡᠪᠡᠯ᠂ ᠭᠠᠩ | ᠭᠠᠴᠢᠭ ᠳᠤ ᠤᠯᠠᠭᠠᠨᠬᠠᠳᠠ᠂ ᠲᠦᠩᠯᠢᠶᠣᠤ᠂ ᠬᠥᠯᠥᠨ ᠪᠤᠶᠢᠷ ᠵᠡᠷᠭᠡ 7 ᠠᠶᠢᠮᠠᠭ ᠬᠤᠳᠠ ᠶᠢᠨ 42 ᠬᠤᠰᠢᠭᠤ | ᠰᠢᠶᠠᠨ ᠤ272.9 ᠲᠦᠮᠡᠨ ᠬᠥᠮᠦᠨ ᠭᠠᠮᠰᠢᠭᠳᠠᠵᠤ᠂ 81 ᠲᠦᠮᠡᠨ ᠬᠥᠮᠦᠨ ᠭᠠᠩ ᠭᠠᠴᠢᠭ ᠠᠴᠠ ᠪᠤᠯᠵᠤ | ᠠᠮᠢᠳᠤᠷᠠᠯ ᠤᠨ ᠲᠠᠯ᠎ᠠ ᠪᠠᠷ ᠠᠪᠤᠷᠠᠨ ᠲᠤᠰᠠᠯᠠᠭᠤᠯᠬᠤ ᠴᠢᠬᠤᠯᠠᠲᠠᠶ ᠪᠠᠶᠢᠨ᠎ᠠ᠃ ᠡᠭᠦᠨ ᠳᠤ 36.1 ᠲᠦᠮᠡᠨ ᠬᠥᠮᠦᠨ | ᠭᠠᠩ ᠭᠠᠴᠢᠭ ᠠᠴᠠ ᠪᠤᠯᠵᠤ ᠤᠮᠳᠠ ᠤᠰᠤᠨ ᠤ ᠬᠦᠴᠢᠷᠳᠡᠯ ᠳᠤ ᠲᠤᠯᠭᠠᠷᠠᠵᠤ ᠠᠪᠤᠷᠠᠨ ᠲᠤᠰᠠᠯᠠᠭᠤᠯᠬᠤ ᠴᠢᠬᠤᠯᠠᠲᠠᠶ | ᠪᠠᠶᠢᠨ᠎ᠠ︔ 1.67 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠠᠷᠢᠮᠠᠯ ᠭᠠᠮᠰᠢᠭᠳᠠᠵᠤ᠂ ᠡᠭᠦᠨ ᠳᠤ 0.236 | ᠲᠦᠮᠡᠨ ᠲᠡᠭᠰᠢ ᠳᠥᠷᠪᠡᠯᠵᠢᠨ ᠺᠢᠯᠣᠮᠧᠲᠷ ᠬᠤᠷᠢᠶᠠᠯᠲᠠ ᠠᠯᠳᠠᠪᠠ︔ 132.6 ᠲᠦᠮᠡᠨ ᠪᠤᠳᠠ ᠪᠤᠭ ᠮᠠᠯ ᠤᠰᠤ | ᠤᠮᠳᠠ ᠶᠢᠨ ᠬᠦᠴᠢᠷᠳᠠᠯ ᠳᠤ ᠲᠤᠯᠭᠠᠷᠠᠪᠠ᠃ ᠥᠪᠥᠷ ᠮᠣᠩᠭᠤᠯ ᠤᠨ ᠵᠠᠰᠠᠭ ᠤᠨ ᠣᠷᠳᠣᠨ ᠨᠢᠭᠡᠨᠲᠡ ᠪᠠᠶᠢᠭᠠᠯᠢ ᠶᠢᠨ | ᠭᠠᠮᠰᠢᠭ ᠤᠨ ᠠᠮᠢᠳᠤᠷᠠᠯ ᠤᠨ ᠨᠥᠬᠦᠪᠥᠷᠢ ᠪᠡᠯᠡ ᠮᠥᠩᠭᠦ 3000 ᠲᠦᠮᠡᠨ ᠲᠥᠭᠦᠷᠢᠭ ᠪᠠᠴᠢᠮ ᠪᠠᠭᠤᠯᠭᠠᠨ᠂ | ᠭᠤᠣᠯᠳᠠᠭᠤ ᠭᠠᠩ ᠭᠠᠮᠰᠢᠭ ᠲᠤ ᠳᠠᠭᠠᠷᠢᠭᠳᠠᠭᠰᠠᠨ ᠭᠠᠵᠠᠷ ᠣᠷᠣᠨ ᠤ ᠣᠯᠠᠨ ᠲᠦᠮᠡᠨ ᠤ ᠦᠨᠳᠦᠰᠦᠨ ᠠᠮᠢᠳᠤᠷᠠᠯ | ᠳᠤ ᠬᠡᠷᠡᠭᠯᠡᠭᠦᠯᠪᠡ᠃ |