ᠥᠪᠥᠷ ᠮᠣᠩᠭᠤᠯ ᠤᠨ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠯᠠᠪᠳᠠᠭᠤᠨ ᠢᠶᠠᠷ ᠠᠬᠢᠵᠤ ᠪᠤᠢ
ᠨᠡᠶᠢᠲᠡᠯᠡᠭᠰᠡᠨ ᠴᠠᠭ᠄
2016/8/16
     ᠰᠢᠨ᠎ᠡ ᠬᠡᠪ ᠪᠠᠶᠢᠳᠠᠯ ᠳᠤ ᠢᠳᠡᠪᠬᠢᠲᠡᠶ ᠪᠠᠷ ᠵᠣᠬᠢᠴᠠᠵᠤ᠂ ᠰᠢᠨ᠎ᠡ ᠣᠨᠣᠯᠵᠢᠬᠤᠨ ᠢ ᠪᠦᠲᠦᠮᠵᠢᠲᠡᠶ ᠪᠠᠷ ᠬᠡᠷᠡᠭᠯᠡᠪᠡ᠃ ᠤᠢᠢᠷ᠎ᠠ ᠶᠢᠨ ᠵᠢᠯ ᠳᠤ᠂ ᠮᠠᠨ ᠤ ᠣᠷᠣᠨ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ 7 ᠲᠠᠯ᠎ᠠ ᠠᠴᠠ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠳᠤ ᠬᠦᠴᠦᠲᠡᠶ ᠲᠦᠰᠢᠭ ᠲᠤᠯᠭᠠᠭᠤᠷᠢ ᠣᠯᠭᠤᠪᠠ᠃      ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠲᠦᠯᠬᠢᠨ ᠠᠬᠢᠭᠤᠯᠪᠠ᠃ ᠣᠳᠣᠬᠠᠨ ᠳᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠪᠤᠰᠤ ᠬᠢᠨᠠᠨ ᠵᠥᠪᠰᠢᠶᠡᠷᠡᠬᠦ ᠵᠦᠢᠯᠡᠰ ᠢ ᠴᠥᠮ ᠬᠦᠴᠦᠨ ᠦᠭᠡᠢ ᠪᠣᠯᠭᠠᠵᠤ᠂ ᠲᠤᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠦᠬᠦ ᠲᠠᠯ᠎ᠠ ᠪᠠᠷ ᠪᠠᠶᠢᠴᠠᠭᠠᠨ ᠣᠶᠢᠯᠠᠭᠠᠪᠠ᠃ ᠲᠤᠰ ᠱᠠᠲᠤᠨ ᠤ 223 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠶ ᠪᠣᠯᠭᠠᠭᠰᠠᠨ ᠪᠤᠶᠤ ᠡᠷᠬᠡ ᠶᠢ ᠳᠣᠷᠣᠭᠰᠢ ᠪᠠᠭᠤᠯᠭᠠᠭᠰᠠᠨ ︵ᠡᠭᠦᠨ ᠳᠤ 33᠎ ᠢ ᠬᠦᠴᠦᠨ ᠦᠭᠡᠢ ᠪᠣᠯᠭᠠᠵᠤ᠂ 190 ᠵᠦᠢᠯ ᠢ ᠳᠣᠷᠣᠭᠰᠢ ᠪᠠᠭᠤᠯᠭᠠᠪᠠ︶ ᠪᠥᠭᠡᠳ ᠦᠯᠡᠳᠡᠭᠡᠭᠰᠡᠨ 302 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ︵ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠣᠷᠣᠭᠰᠢ ᠪᠠᠭᠤᠯᠭᠠᠭᠰᠠᠨ 55 ᠵᠦᠢᠯᠡᠰ ᠢ ᠳᠠᠭᠠᠭᠠᠨ ᠠᠪᠤᠭᠰᠠᠨ ᠪᠠᠭᠲᠠᠨ᠎ᠠ︶᠎ ᠢ ᠨᠡᠶᠢᠭᠡᠮ ᠳᠤ ᠨᠡᠶᠢᠲᠡᠯᠡᠵᠦ᠂ 2012 ᠣᠨ ᠲᠠᠢ ᠬᠠᠷᠢᠴᠠᠭᠤᠯᠪᠠᠯ ᠴᠣᠮᠬᠠᠳᠬᠠᠭᠰᠠᠨ ᠬᠡᠮᠵᠢᠶ᠎ᠡ ᠨᠢ 48.6%᠎ ᠳᠤ ᠬᠦᠷᠪᠡ︔ ᠠᠶᠢᠮᠠᠭ ᠬᠤᠳᠠ᠂ ᠬᠤᠰᠢᠭᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠨᠡᠶᠢᠳᠡᠮ ᠳᠡᠭᠡᠨ 40 %᠎ ᠠᠴᠠ ᠳᠡᠭᠡᠭᠰᠢ ᠪᠠᠭᠠᠰᠪᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠤ ᠡᠷᠬᠡ ᠶᠢᠨ ᠨᠠᠷᠢᠨ ᠳᠠᠩᠰᠠ ᠶᠢ ᠪᠦᠬᠦᠨ ᠢ ᠨᠠᠶᠢᠷᠠᠭᠤᠯᠤᠨ ᠳᠠᠭᠤᠰᠴᠤ᠂ ᠪᠦᠬᠦ ᠤᠯᠤᠰ ᠤᠨ ᠲᠡᠷᠢᠭᠦᠨ ᠡᠩᠨᠡᠭᠡᠨ ᠳᠤ ᠣᠷᠣᠪᠠ᠃      ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠠᠵᠤ ᠦᠢᠯᠡᠳᠪᠦᠷᠢ ᠬᠤᠳᠠᠯᠳᠤᠭ᠎ᠠ ᠶᠢᠨ ᠲᠡᠮᠳᠡᠭᠯᠡᠯ ᠤᠨ ︽ᠤᠷᠢᠳᠠᠪᠠᠷ ᠵᠥᠪᠰᠢᠶᠡᠷᠡᠯ ᠠᠪᠴᠤ ᠲᠠᠷᠠᠭ᠎ᠠ ᠨᠢ ᠦᠨᠡᠮᠯᠡᠯ ᠠᠪᠬᠤ︾᠎ ᠶᠢ ︽ᠤᠷᠢᠳ ᠢᠶᠠᠷ ᠦᠨᠡᠮᠯᠡᠯ ᠠᠪᠴᠤ ᠲᠠᠷᠠᠭ᠎ᠠ ᠨᠢ ᠵᠥᠪᠰᠢᠶᠡᠷᠡᠯ ᠠᠪᠬᠤ ︾ ᠪᠣᠯᠭᠠᠨ ᠥᠭᠡᠷᠡᠴᠢᠯᠡᠵᠦ᠂ ᠤᠷᠢᠳ ᠬᠤᠵᠢᠳ ᠠᠵᠤ ᠦᠢᠯᠡᠳᠪᠦᠷᠢ ᠬᠤᠳᠠᠯᠳᠤᠭᠠᠨ ᠤ ᠲᠡᠮᠳᠡᠭᠯᠡᠯ ᠤᠨ ᠤᠷᠢᠳᠠᠪᠠᠷ ᠬᠢᠨᠠᠨ ᠵᠥᠪᠰᠢᠶᠡᠷᠡᠭᠦᠯᠬᠦ 17 ᠵᠦᠢᠯᠡᠰ ᠢ ᠰᠡᠭᠦᠯ ᠳᠤᠨᠢ ᠬᠢᠨᠠᠨ ᠵᠥᠪᠰᠢᠶᠡᠷᠡᠭᠦᠯᠬᠦ ᠪᠣᠯᠭᠠᠨ ᠥᠭᠡᠷᠡᠴᠢᠯᠡᠭᠰᠡᠨ ᠤ ᠬᠠᠮᠲᠤ ᠠᠵᠤ ᠦᠢᠯᠡᠳᠪᠦᠷᠢ ᠬᠤᠳᠠᠯᠳᠤᠭᠠᠨ ᠤ ᠲᠡᠮᠳᠡᠭᠯᠡᠭᠦᠯᠦᠭᠰᠡᠨ ᠤ ᠳᠠᠷᠠᠭᠠᠬᠢ ᠬᠢᠨᠠᠨ ᠵᠥᠪᠰᠢᠶᠡᠷᠡᠯ ᠤᠨ ᠭᠠᠷᠴᠠᠭ ᠢ ᠨᠡᠶᠢᠭᠡᠮ ᠳᠤ ᠨᠡᠶᠢᠲᠡᠯᠡᠪᠡ︔ ︽ᠭᠤᠷᠪᠠᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠨᠢᠭᠡ ᠨᠣᠮᠧᠷ︾᠎ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠳᠤᠮᠳᠠᠴᠢ ᠲᠡᠮᠳᠡᠭᠯᠡᠭᠦᠯᠬᠦ ᠴᠠᠭ ᠢ 26 ᠡᠳᠦᠷ ᠠᠴᠠ ᠎ ᠨᠢ 3 ᠡᠳᠦᠷ ᠪᠣᠯᠭᠠᠨ ᠪᠣᠭᠤᠨᠢᠰᠬᠠᠪᠠ᠃      ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠢᠯᠡᠳᠲᠡ ᠲᠦᠷᠭᠡᠨ ᠪᠣᠯᠪᠠ᠃  ᠠᠵᠤ ᠠᠬᠤᠶᠢᠯᠠᠯ ᠤᠨ ᠪᠡᠯᠡ ᠣᠷᠣᠭᠤᠯᠬᠤ ᠪᠠᠶᠢᠭᠠᠯᠢ ᠶᠢᠨ ᠰᠢᠲᠠᠮᠠᠬᠠᠶ ᠬᠡᠢ ᠬᠠᠳᠠᠭᠠᠯᠠᠬᠤ ᠪᠡᠯᠡᠳᠬᠡᠮᠵᠢ ᠵᠡᠷᠭᠡ ᠶᠢ ᠬᠢᠨᠠᠨ ᠵᠥᠪᠰᠢᠶᠡᠷᠡᠬᠦ ᠵᠦᠢᠯᠡᠰ ᠢ ᠤᠷᠢᠳ ᠬᠤᠵᠢᠳ 3 ᠤᠳᠠᠭ᠎ᠠ 20 ᠵᠦᠢᠯᠡᠰ ᠢ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ ᠬᠢᠨᠡᠨ ᠵᠥᠪᠰᠢᠶᠡᠷᠡᠬᠦ ᠵᠦᠢᠯᠡᠰ ᠢ 30% ᠣᠷᠴᠢᠮ ᠪᠠᠭᠠᠰᠬᠠᠪᠠ︔ ᠪᠠᠩᠬᠢ ᠶᠢᠨ ᠵᠢᠭᠡᠯᠡᠯᠭᠡ ᠶᠢᠨ ᠠᠮᠠᠯᠠᠯᠲᠠ ᠵᠡᠷᠭᠡ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠵᠦᠢᠯᠡᠰ ᠤᠨ ᠬᠢᠨᠠᠨ ᠵᠥᠪᠰᠢᠶᠡᠷᠡᠬᠦ ᠤᠷᠢᠳᠠᠴᠢ ᠨᠥᠬᠦᠴᠡᠯ ᠤᠨ 18 ᠵᠦᠢᠯ ᠢ ᠬᠦᠴᠦᠨ ᠦᠭᠡᠢ ᠪᠣᠯᠭᠠᠪᠠ︔ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠠᠪᠴᠠᠩ ᠢ ᠤᠯᠤᠰ ᠯᠤᠭ᠎ᠠ ᠤᠷᠤᠭᠰᠢᠲᠠᠶ ᠪᠠᠷ ᠵᠣᠯᠭᠠᠯᠳᠤᠭᠤᠯᠵᠤ᠂ ᠨᠢᠭᠡᠨᠲᠡ ᠨᠢᠭᠤᠴᠠ ᠳᠤ ᠥᠯᠥ ᠬᠤᠯᠪᠣᠭᠳᠠᠬᠤ 84 ᠵᠦᠢᠯᠡᠰ ᠢ ᠲᠠᠪᠴᠠᠩ ᠢᠶᠠᠷ ᠳᠠᠮᠵᠢᠭᠤᠯᠤᠨ ᠰᠦᠯᠵᠢᠶ᠎ᠡ ᠳᠡᠭᠡᠷ᠎ᠡ ᠲᠤᠷᠰᠢᠨ ᠬᠢᠨᠠᠨ ᠵᠥᠪᠰᠢᠶᠡᠷᠡᠭᠦᠯᠪᠡ︔ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠤᠷᠰᠢᠬᠤ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ ᠪᠦᠬᠦ ᠤᠯᠤᠰ ᠤᠨ PPP ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠤᠨ ᠰᠢᠰᠲ᠋ᠧᠮ ᠳᠤ 382᠎ ᠢ ᠣᠷᠣᠭᠤᠯᠵᠤ᠂ ᠨᠡᠶᠢᠲᠡ  3136 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃      ᠰᠦᠢᠳᠬᠡᠯ ᠬᠤᠷᠢᠶᠠᠬᠤ ᠲᠦᠷᠢᠮ ᠤᠨ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠵᠢᠷᠤᠮᠵᠢᠭᠤᠯᠪᠠ᠃ ᠵᠢᠵᠢᠭ ᠪᠢᠴᠢᠯ ᠠᠵᠤ ᠠᠬᠤᠶᠢᠯᠠᠯ ᠢ ᠳᠡᠳᠬᠦᠵᠦ ᠵᠠᠷᠤᠳᠠᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ 42 ᠵᠦᠢᠯ ᠤᠨ ᠵᠠᠷᠤᠳᠠᠯ ᠬᠤᠷᠢᠶᠠᠬᠤ ᠠᠴᠠ ᠬᠡᠯᠲᠦᠷᠢᠭᠦᠯᠵᠦ᠂ ᠵᠢᠯ ᠳᠤ ᠠᠵᠤ ᠠᠬᠤᠶᠢᠯᠠᠯ ᠤᠨ ᠳᠠᠷᠤᠭᠠᠰᠤ ᠶᠢ 4 ᠳ᠋ᠦᠩᠰᠢᠭᠤᠷ ᠲᠥᠭᠦᠷᠢᠭ ᠬᠥᠩᠭᠡᠯᠡᠪᠡ᠃ ᠡᠵᠡᠩᠨᠡᠯᠲᠡ  ᠶᠢᠨ ᠴᠢᠨᠠᠷᠲᠠᠶ ᠦᠢᠯᠡᠴᠢᠯᠡᠭᠡᠨ ᠤ ᠵᠠᠷᠤᠳᠠᠯ ᠬᠤᠷᠢᠶᠠᠬᠤ ᠪᠠ ᠠᠵᠤ ᠠᠬᠤᠶᠢᠯᠠᠯ ᠳᠤ ᠬᠤᠯᠪᠣᠭᠳᠠᠭᠰᠠᠨ ᠵᠠᠷᠤᠳᠠᠯ ᠬᠤᠷᠢᠶᠠᠬᠤ ᠶᠢ ᠢᠯᠭᠠᠷᠠᠭᠤᠯᠤᠨ ᠵᠢᠷᠤᠮᠵᠢᠭᠤᠯᠵᠤ᠂ ᠤᠷᠢᠳ ᠬᠤᠵᠢᠳ13 ᠵᠦᠢᠯ ᠤᠨ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠵᠠᠷᠤᠳᠠᠯ ᠬᠤᠷᠢᠶᠠᠬᠤ ᠲᠥᠷᠥᠯ ᠵᠦᠢᠯ ᠢ ᠬᠦᠴᠦᠨ ᠦᠭᠡᠢ ᠪᠣᠯᠭᠠᠵᠤ᠂ 4 ᠵᠦᠢᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠠᠭᠤᠷᠠᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ 2.5 ᠳ᠋ᠦᠩᠰᠢᠭᠤᠷ ᠲᠥᠭᠦᠷᠢᠭ ᠬᠥᠩᠭᠡᠯᠡᠪᠡ︔ ᠠᠵᠤ ᠠᠬᠤᠶᠢᠯᠠᠯ ᠳᠤ ᠬᠤᠯᠪᠣᠭᠳᠠᠭᠰᠠᠨ 5 ᠵᠦᠢᠯ ᠤᠨ  ᠵᠠᠷᠤᠳᠠᠯ ᠬᠤᠷᠢᠶᠠᠬᠤ ᠶᠢ ᠬᠦᠴᠦᠨ ᠦᠭᠡᠢ ᠪᠣᠯᠭᠠᠵᠤ᠂ ᠠᠵᠤ ᠠᠬᠤᠶᠢᠯᠠᠯ ᠤᠨ ᠳᠠᠷᠤᠭᠠᠰᠤ ᠶᠢ 10 ᠳ᠋ᠦᠩᠰᠢᠭᠤᠷ ᠲᠥᠭᠦᠷᠢᠭ ᠬᠥᠩᠭᠡᠯᠡᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ  ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠵᠠᠷᠤᠳᠠᠯ ᠬᠤᠷᠢᠶᠠᠬᠤ ᠬᠡᠰᠡᠭ ᠲᠥᠷᠥᠯ ᠵᠦᠢᠯ ᠢ ᠬᠦᠴᠦᠨ ᠦᠭᠡᠢ ᠪᠣᠯᠭᠠᠭᠰᠠᠨ  ᠪᠠ ᠵᠠᠷᠤᠳᠠᠯ ᠬᠤᠷᠢᠶᠠᠬᠤ ᠲᠥᠷᠥᠯ ᠵᠦᠢᠯ ᠤᠨ ᠪᠠᠷᠢᠮᠵᠢᠶ᠎ᠠ ᠶᠢ ᠪᠠᠭᠤᠷᠠᠭᠤᠯᠤᠭᠠᠳ ᠨᠡᠶᠢᠭᠡᠮ ᠤᠨ ᠳᠠᠷᠤᠭᠠᠰᠤ ᠶᠢ ᠵᠢᠯ ᠪᠦᠷᠢ 3 ᠳ᠋ᠦᠩᠰᠢᠭᠤᠷ ᠲᠥᠭᠦᠷᠢᠭ ᠬᠥᠩᠭᠡᠯᠡᠪᠡ᠃      ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ᠠᠵᠢᠯ ᠮᠡᠷᠭᠡᠵᠢᠯ ᠤᠨ ᠬᠢᠷᠢ ᠬᠡᠮ ᠢ ᠵᠥᠪᠰᠢᠶᠡᠷᠡᠬᠦ ᠪᠠ ᠦᠨᠡᠮᠰᠢᠨ ᠲᠣᠭᠲᠠᠭᠠᠬᠤ 207ᠵᠦᠢᠯᠡᠰ ᠢ ᠬᠦᠴᠦᠨ ᠦᠭᠡᠢ ᠪᠣᠯᠭᠠᠪᠠ︔ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠳᠤᠮᠳᠠᠳᠤ ᠭᠠᠳᠠᠭᠠᠳᠤ ᠶᠢᠨ ᠬᠠᠮᠲᠤᠷᠠᠯᠴᠠᠭᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠡᠷᠬᠡ ᠪᠣᠯᠣᠨ ᠠᠩᠬ᠎ᠠ ᠵᠡᠷᠭᠡ ᠶᠢᠨ ᠠᠵᠢᠯᠴᠢᠨ᠂ ᠳᠤᠮᠳᠠ ᠵᠡᠷᠭᠡ ᠶᠢᠨ ᠠᠵᠢᠯᠴᠢᠨ᠂ ᠳᠡᠭᠡᠳᠦ ᠵᠡᠷᠭᠡ ᠶᠢᠨ ᠠᠵᠢᠯᠴᠢᠨ ᠢ  ᠬᠢᠨᠠᠨ ᠲᠣᠭᠲᠠᠭᠠᠬᠤ ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠡᠷᠬᠡ ᠶᠢ ᠳᠣᠷᠣᠭᠰᠢ ᠠᠶᠢᠮᠠᠭ ᠬᠤᠳᠠ ᠳᠤ ᠪᠠᠭᠤᠯᠭᠠᠵᠤ᠂ ᠡᠯ᠎ᠡ ᠲᠦᠷᠦᠯ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠬᠠᠮᠢᠶᠠᠷᠤᠯᠲᠠ ᠶᠢ ᠵᠢᠷᠤᠮᠵᠢᠭᠤᠯᠪᠠ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠠᠮᠢᠶᠠᠷᠴᠤ ᠪᠠᠶᠢᠭ᠎ᠠ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ 61 ᠰᠤᠷᠭᠠᠭᠤᠯᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠤᠯᠤᠰ ᠤᠨ 28 ᠪᠠᠶᠢᠭᠤᠯᠤᠮᠵᠢ ᠶᠢ ᠬᠠᠷᠢᠶ᠎ᠠ ᠭᠠᠵᠠᠷ ᠲᠤᠨᠢ ᠬᠠᠮᠢᠶᠠᠷᠠᠭᠤᠯᠪᠠ᠃      ᠬᠢᠨᠠᠨ ᠬᠠᠮᠢᠶᠠᠷᠬᠤ ᠠᠷᠭ᠎ᠠ ᠬᠡᠯᠪᠡᠷᠢ ᠶᠢ ᠪᠦᠲᠦᠮᠵᠢᠲᠡᠶ ᠪᠠᠷ ᠰᠢᠨᠡᠴᠢᠯᠡᠪᠡ᠃ ᠲᠤᠰ ᠱᠠᠲᠤᠨ ᠤ 35 ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠬᠤᠣᠰ ᠲᠠᠰᠢᠷᠠᠮ︾ ᠰᠤᠭᠤᠴᠢᠨ ᠪᠠᠶᠢᠴᠠᠭᠠᠬᠤ ᠠᠵᠢᠯ ᠤᠨ ᠲᠣᠭᠲᠠᠴᠠ ᠪᠠᠶᠢᠭᠤᠯᠪᠠ︔ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠨ ᠵᠠᠷᠯᠠᠬᠤ ᠰᠢᠰᠲ᠋ᠧᠮ ᠢ ᠪᠠᠶᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠢᠲᠡᠭᠡᠮᠵᠢ ᠶᠢᠨ 6500 ᠵᠣᠷᠪᠤᠰ ᠮᠡᠳᠡᠭᠡ ᠵᠠᠩᠭᠢ ᠶᠢ ᠴᠤᠭᠯᠠᠭᠤᠯᠤᠭᠰᠠᠨ ᠪᠠ ᠨᠡᠶᠢᠭᠡᠮ ᠳᠤ ᠨᠡᠶᠢᠲᠡᠯᠡᠪᠡ︔ ᠰᠠᠯᠠᠭ᠎ᠠ ᠮᠥᠴᠢᠷ ᠤᠨ ᠬᠤᠭᠤᠷᠤᠨᠳᠤ ᠬᠠᠮᠵᠢᠯᠴᠠᠨ ᠬᠠᠮᠲᠤ ᠪᠠᠷ ᠵᠠᠰᠠᠬᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ︽ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠬᠤᠷᠰᠢᠯᠴᠠᠭᠠᠨ ᠤ ᠰᠠᠨᠠᠮᠵᠢ ᠪᠢᠴᠢᠭ︾ ᠪᠣᠢ ᠪᠣᠯᠭᠠᠵᠤ᠂ ᠬᠡᠪ ᠤᠨ ᠪᠤᠰᠤ ᠡᠵᠡᠩᠨᠡᠯᠲᠡ ᠶᠢᠨ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠢ ᠬᠢᠵᠠᠭᠠᠷᠯᠠᠭᠰᠠᠨ ᠪᠤᠶᠤ ᠣᠷᠣᠬᠤ ᠶᠢ ᠨᠢ ᠴᠠᠭᠠᠵᠠᠯᠠᠪᠠ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠣᠳᠣᠬᠠᠨ ᠳᠤ᠂ ᠪᠦᠬᠦ ᠣᠷᠣᠨ ᠤ 12 ᠠᠶᠢᠮᠠᠭ ᠬᠤᠲᠠ᠂ 103 ᠬᠤᠰᠢᠭᠤ ᠰᠢᠶᠠᠨ ︵ᠬᠤᠳᠠ᠂ ᠲᠣᠭᠤᠷᠢᠭ︶᠎ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠴᠦᠮ ᠪᠠᠶᠢᠭᠤᠯᠤᠭᠰᠠᠨ ᠪᠦᠭᠡᠳ ᠠᠰᠢᠭᠯᠠᠯᠲᠠ ᠳᠤ ᠣᠷᠣᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠥᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ  ᠲᠤ ᠲᠥᠪᠯᠡᠷᠡᠭᠦᠯᠦᠨ ᠭᠦᠢᠴᠡᠳᠬᠡᠵᠦ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠤᠴᠢᠷ ᠶᠠᠪᠤᠳᠠᠯ ᠭᠦᠢᠴᠡᠳᠬᠡᠬᠦ ᠴᠠᠭ ᠢ ᠨᠡᠶᠢᠳᠡᠮ ᠳᠤᠨᠢ 40%᠎ ᠠᠴᠠ ᠳᠡᠭᠡᠭᠰᠢ ᠪᠣᠭᠤᠨᠢᠰᠬᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号