ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠣᠷᠴᠢᠮᠬᠠᠨ | ᠪᠦᠬᠦ ᠣᠷᠣᠨ ᠤ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠬᠠᠮᠢᠶᠠᠷᠤᠨ ᠬᠡᠷᠡᠭᠯᠡᠬᠦ ᠪᠠ ᠭᠠᠮᠰᠢᠭ ᠢ ᠠᠷᠭᠠᠴᠠᠬᠤ | ᠪᠡᠯᠡᠳᠬᠡᠯ ᠬᠢᠭᠰᠡᠨ ᠪᠠᠶᠢᠳᠠᠯ ᠳᠤ ᠪᠠᠶᠢᠴᠠᠭᠠᠯᠲᠠ ᠬᠢᠵᠦ᠂ ᠵᠠᠷᠢᠮ ᠬᠤᠰᠢᠭᠤ ᠰᠢᠶᠠᠨ ᠨᠢ ᠭᠠᠮᠰᠢᠭ ᠠᠴᠠ ᠠᠪᠤᠷᠠᠬᠤ | ᠪᠡᠯᠡ ᠮᠥᠩᠭᠦ ᠶᠢ ᠳᠣᠷᠣᠭᠰᠢ ᠪᠠᠭᠤᠯᠭᠠᠬᠤ ᠨᠢ ᠤᠳᠠᠭᠠᠨ ᠪᠠᠶᠢᠵᠤ᠂ ᠴᠥᠭᠡᠨ ᠲᠣᠭᠠᠨ ᠤ ᠬᠤᠰᠢᠭᠤ ᠰᠢᠶᠠᠨ ᠤ | ᠰᠠᠭᠠᠲᠠᠭᠠᠭᠰᠠᠨ ᠪᠡᠯᠡ ᠮᠥᠩᠭᠦᠨ ᠤ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠬᠤ︔ ᠭᠠᠮᠰᠢᠭ ᠠᠴᠠ ᠠᠪᠤᠷᠠᠬᠤ | ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠨᠢ ᠵᠢᠷᠤᠮᠵᠢᠯ ᠦᠭᠡᠢ ᠪᠠᠶᠢᠬᠤ᠂ ᠣᠨᠴᠠ ᠵᠠᠷᠢᠮ ᠬᠤᠰᠢᠭᠤ ᠰᠢᠶᠠᠨ | ᠨᠢ ︽ᠲᠤᠰᠬᠠᠢ ᠮᠦᠩᠭᠦ ᠶᠢ ᠲᠤᠰᠬᠠᠢ ᠬᠡᠷᠡᠭᠯᠡᠬᠦ᠂ ᠭᠤᠣᠯᠳᠠᠯᠭ᠎ᠠ ᠲᠠᠢ ᠬᠡᠷᠡᠭᠯᠡᠬᠦ︾ ᠵᠠᠷᠴᠢᠮ ᠢᠶᠠᠷ ᠪᠡᠯᠡ ᠮᠥᠩᠭᠦ ᠶᠢ | ᠣᠯᠭᠤᠭᠰᠠᠨ ᠦᠭᠡᠢ᠂ ᠣᠯᠭᠤᠬᠤ ᠶᠠᠪᠤᠴᠠ ᠨᠢ ᠵᠢᠷᠤᠮᠵᠢᠯ ᠦᠭᠡᠢ ᠪᠠᠶᠢᠬᠤ ᠶᠢ ᠣᠯᠵᠤ ᠮᠡᠳᠡᠪᠡ᠃ | ᠳᠡᠭᠡᠷᠡᠬᠢ ᠠᠰᠠᠭᠤᠳᠠᠯ ᠳᠤ ᠴᠢᠭᠯᠡᠭᠦᠯᠦᠨ᠂ ᠠᠷᠠᠳ ᠤᠨ ᠶᠠᠪᠤᠳᠠᠯ ᠤᠨ ᠲᠢᠩᠬᠢᠮ ᠠᠴᠠ ᠱᠠᠭᠠᠷᠳᠠᠭᠰᠠᠨ ᠨᠢ᠂ | ᠡᠯ᠎ᠡ ᠭᠠᠵᠠᠷ ᠤᠳ ᠭᠠᠮᠰᠢᠭ ᠠᠴᠠ ᠠᠪᠤᠷᠠᠬᠤ ᠪᠡᠯᠡ ᠮᠥᠩᠭᠦ ᠳᠤ ᠡᠷᠬᠡᠪᠰᠢ ︽ᠲᠤᠰᠬᠠᠢ ᠮᠦᠩᠭᠦ ᠶᠢ ᠲᠤᠰᠬᠠᠢ | ᠬᠡᠷᠡᠭᠯᠡᠬᠦ᠂ ᠭᠤᠣᠯᠳᠠᠯᠭ᠎ᠠ ᠲᠠᠢ ᠬᠡᠷᠡᠭᠯᠡᠬᠦ︾ ᠵᠠᠷᠴᠢᠮ ᠢ ᠴᠢᠩᠭ᠎ᠠ ᠵᠢᠷᠤᠮᠯᠠᠨ᠂ ᠭᠠᠮᠰᠢᠭ ᠠᠴᠠ ᠠᠪᠤᠷᠠᠬᠤ ᠪᠡᠯᠡ | ᠮᠥᠩᠭᠦ ᠶᠢ ᠵᠠᠷᠴᠢᠮ ᠶᠣᠰᠤᠭᠠᠷ ᠴᠢᠩᠭ᠎ᠠ ᠵᠢᠷᠤᠮᠯᠠᠨ ᠬᠡᠷᠡᠭᠯᠡᠬᠦ ᠬᠡᠷᠡᠭᠲᠡᠢ᠂ ᠠᠳᠠᠯᠢ ᠲᠡᠭᠰᠢ ᠪᠠᠷ ᠬᠤᠪᠢᠶᠠᠷᠢᠯᠠᠵᠦ | ᠪᠣᠯᠬᠤ ᠦᠭᠡᠢ᠂ ᠭᠠᠮᠰᠢᠭ ᠠᠴᠠ ᠠᠪᠤᠷᠠᠬᠤ ᠪᠡᠯᠡ ᠮᠦᠩᠭᠦᠨ ᠤ ᠬᠡᠷᠡᠭᠯᠡᠯᠲᠡ ᠶᠢᠨ ᠬᠡᠪᠴᠢᠶ᠎ᠡ ᠶᠢ ᠳᠤᠷ᠎ᠠ ᠪᠠᠷ ᠢᠶᠠᠨ | ᠬᠤᠪᠢᠷᠠᠭᠤᠯᠵᠤ ᠪᠣᠯᠬᠤ ᠦᠭᠡᠢ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠴᠠᠭ ᠲᠤᠬᠠᠶ ᠳᠤᠨᠢ ᠳᠣᠷᠣᠭᠰᠢ ᠪᠠᠭᠤᠯᠭᠠᠬᠤ ᠬᠡᠷᠡᠭᠲᠡᠢ᠂ ᠶᠠᠮᠠᠷᠪᠠ ᠰᠢᠯᠲᠠᠭ ᠢᠶᠠᠷ ᠬᠤᠶᠢᠰᠢᠯᠠᠭᠤᠯᠤᠨ | ᠪᠠᠭᠤᠯᠭᠠᠵᠤ ᠪᠣᠯᠬᠤ ᠦᠭᠡᠢ᠃ ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠳᠠ ᠳᠤ | ᠪᠠᠭᠤᠯᠭᠠᠭᠰᠠᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠠᠶᠢᠮᠠᠭ ᠬᠤᠳᠠ ᠨᠤᠭᠤᠳ 10 ᠡᠳᠦᠷ ᠤᠨ ᠳᠣᠲᠣᠷ᠎ᠠ | ᠪᠡᠯᠡ ᠮᠥᠩᠭᠦ ᠶᠢ ᠬᠤᠰᠢᠭᠤ ᠰᠢᠶᠠᠨ ᠳᠤ ᠪᠠᠭᠤᠯᠭᠠᠨ᠂ ᠬᠤᠰᠢᠭᠤ ᠰᠢᠶᠠᠨ ᠨᠢ 15 ᠡᠳᠦᠷ ᠤᠨ ᠳᠣᠲᠣᠷ᠎ᠠ | ᠭᠠᠮᠰᠢᠭᠳᠠᠭᠰᠠᠳ ᠲᠤ ᠭᠠᠷᠳᠠᠭᠤᠯᠬᠤ ᠬᠡᠷᠡᠭᠲᠡᠢ᠂ ᠤᠴᠢᠷ ᠰᠢᠯᠲᠠᠭᠠᠨ ᠦᠭᠡᠢ ᠪᠠᠷ ᠬᠤᠶᠢᠰᠢᠯᠠᠭᠤᠯᠪᠠᠯ᠂ ᠬᠠᠮᠢᠶ᠎ᠠ | ᠪᠦᠬᠦᠢ ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠡᠭᠦᠨ ᠤ ᠬᠠᠮᠲᠤ᠂ ᠭᠠᠮᠰᠢᠭ ᠠᠴᠠ ᠠᠪᠤᠷᠠᠬᠤ ᠪᠡᠯᠡ | ᠮᠥᠩᠭᠦ ᠶᠢ ᠤᠷᠲᠤ ᠬᠤᠭᠤᠴᠠᠭ᠎ᠠ ᠬᠤᠶᠢᠰᠢᠯᠠᠭᠤᠯᠤᠨ ᠰᠠᠭᠠᠲᠠᠭᠠᠭᠰᠠᠨ ᠠᠶᠢᠮᠠᠭ ᠬᠤᠳᠠ᠂ ᠬᠤᠰᠢᠭᠤ ᠰᠢᠶᠠᠨ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠮᠦᠷᠳᠡᠨ ᠳᠠᠭᠠᠵᠤ ᠰᠢᠮᠳᠠᠭᠤᠯᠤᠨ | ᠪᠠᠶᠢᠴᠠᠭᠠᠨ᠎ᠠ᠂ ᠪᠡᠯᠡ ᠮᠥᠩᠭᠦ ᠶᠢ ᠰᠠᠭᠠᠲᠠᠭᠠᠨ ᠬᠤᠶᠢᠰᠢᠯᠠᠭᠤᠯᠤᠭᠰᠠᠨ ᠬᠤᠰᠢᠭᠤ ᠰᠢᠶᠠᠨ ᠢ ᠠᠶᠢᠮᠠᠭ ᠬᠤᠲᠠ ᠨᠢ | ᠨᠡᠷ᠎ᠡ ᠵᠢᠭᠠᠵᠤ ᠰᠢᠮᠳᠠᠭᠤᠯᠤᠨ ᠪᠠᠶᠢᠴᠠᠭᠠᠬᠤ ᠬᠡᠷᠡᠭᠲᠡᠶ ᠭᠡᠪᠡ᠃ |