ᠡᠨᠡ ᠵᠢᠯ ᠠᠴᠠ ᠨᠠᠰᠢ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠤᠶᠠᠷ ᠨᠡᠮᠡᠭᠳᠡᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/8/17
      ᠮᠠᠨᠵᠤᠤᠷ ᠪᠣᠭᠤᠮᠲᠠ ᠶᠢᠨ ᠲᠤᠭ᠎ᠠ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ︵ᠬᠥᠯᠥᠨ ᠪᠤᠶᠢᠷ ᠬᠤᠳᠠ᠂ ᠤᠯᠠᠭᠠᠨᠬᠠᠳᠠ ᠬᠤᠳᠠ᠂ ᠲᠦᠩᠯᠢᠶᠣᠤ ᠬᠤᠳᠠ᠂ ᠬᠢᠩᠭᠠᠨ ᠠᠶᠢᠮᠠᠭ︶ ᠭᠠᠳᠠᠭᠠᠳᠤ ᠤᠷᠤᠭᠤᠯᠤᠯᠲᠠ ᠪᠤᠯᠤᠨ ᠭᠠᠳᠠᠭᠠᠳᠤ ᠭᠠᠷᠭᠠᠯᠲᠠ ᠶᠢ 147.6 ᠳ᠋ᠦᠩᠰᠢᠭᠤᠷ ᠲᠥᠭᠦᠷᠢᠭ ᠪᠡᠶᠡᠯᠡᠭᠦᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.4%᠎ ᠪᠠᠷ ᠨᠡᠮᠡᠭᠳᠡᠪᠡ᠂ ᠡᠭᠦᠨ ᠳᠤ ᠭᠠᠳᠠᠭᠠᠳᠤ ᠭᠠᠷᠭᠠᠯᠲᠠ ᠨᠢ 50.5 ᠳ᠋ᠦᠡᠭᠰᠢᠭᠤᠷ ᠲᠥᠭᠦᠷᠢᠭ ᠲᠤ ᠬᠦᠷᠴᠦ᠂ 14.3%᠎ ᠪᠠᠷ ᠨᠡᠮᠡᠭᠳᠡᠪᠡ︔ ᠭᠠᠳᠠᠭᠠᠳᠤ ᠤᠷᠤᠭᠤᠯᠤᠯᠲᠠ ᠨᠢ 97 ᠳ᠋ᠦᠩᠰᠢᠭᠤᠷ ᠲᠥᠭᠦᠷᠢᠭ ᠲᠤ ᠬᠦᠷᠴᠦ᠂ 8.5%᠎ ᠪᠠᠷ ᠨᠡᠮᠡᠭᠳᠡᠪᠡ᠃ ᠵᠢᠯ ᠤᠨ ᠡᠬᠢᠨ ᠠᠴᠠ ᠨᠠᠰᠢ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠤᠷᠤᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠵᠢᠯ ᠳᠤ ᠣᠯᠠᠨ ᠣᠨᠴᠠᠯᠢᠭ ᠢᠯᠡᠷᠡᠭᠰᠡᠨ ᠪᠠᠶᠢᠨ᠎ᠠ᠃ ᠠᠷᠠᠯᠵᠢᠶᠠᠨ ᠤ ᠠᠷᠭ᠎ᠠ ᠬᠡᠯᠪᠡᠷᠢ ᠠᠴᠠ ᠠᠪᠴᠤ ᠦᠵᠡᠪᠡᠯ᠂ ᠠᠷᠠᠯᠵᠢᠶᠠᠨ ᠤ ᠤᠯᠤᠰ ᠣᠷᠣᠨ ᠤᠯᠠᠨ ᠡᠰᠢᠵᠢᠵᠤ᠂ ᠣᠷᠣᠰ ᠬᠠᠮᠤᠭ ᠤᠨ ᠲᠤᠮᠤ ᠠᠷᠠᠯᠵᠢᠶᠠᠨ ᠤ ᠬᠠᠨᠢᠲᠠᠨ ᠪᠤᠯᠪᠠ᠃ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠨᠢ 47 ᠬᠠᠭᠤᠷᠠᠶ ᠳᠡᠭᠡᠷᠡᠬᠢ ᠲᠣᠷᠭᠠᠨ ᠵᠠᠮ ᠤᠨ ᠠᠵᠤ ᠠᠬᠤᠶ ᠶᠢᠨ ᠪᠦᠰᠡ ᠶᠢᠨ ᠤᠯᠤᠰ ᠤᠳ ᠲᠠᠬᠢ ᠭᠠᠳᠠᠭᠠᠳᠤ ᠤᠷᠤᠭᠤᠯᠤᠯᠲᠠ ᠪᠤᠯᠤᠨ ᠭᠠᠳᠠᠭᠠᠳᠤ ᠭᠠᠷᠭᠠᠯᠲᠠ ᠨᠢ 132.5 ᠳ᠋ᠦᠩᠰᠢᠭᠤᠷ ᠲᠥᠭᠦᠷᠢᠭ ᠲᠤ ᠬᠦᠷᠴᠦ᠂ 8.4%᠎ ᠪᠠᠷ ᠨᠡᠮᠡᠭᠳᠡᠪᠡ︔ ᠡᠭᠦᠨ ᠳᠤ᠂ ᠣᠷᠣᠰ ᠲᠠᠬᠢ ᠭᠠᠳᠠᠭᠠᠲᠤ ᠤᠷᠤᠭᠤᠯᠤᠯᠲᠠ ᠪᠤᠯᠤᠨ ᠭᠠᠳᠠᠭᠠᠲᠤ ᠭᠠᠷᠭᠠᠯᠲᠠ ᠨᠢ 125.2 ᠳ᠋ᠦᠩᠰᠢᠭᠤᠷ ᠲᠥᠭᠦᠷᠢᠭ ᠲᠤ ᠬᠦᠷᠴᠦ᠂ 11.4%᠎ ᠪᠠᠷ ᠨᠡᠮᠡᠭᠳᠡᠵᠦ᠂ ᠬᠠᠮᠤᠭ ᠤᠨ ᠲᠤᠮᠤ ᠠᠷᠠᠯᠵᠢᠶᠠᠨ ᠤ ᠬᠠᠨᠢᠲᠠᠨ ᠪᠤᠯᠵᠤ᠂ ᠠᠳᠠᠯᠢ ᠬᠤᠭᠤᠴᠠᠭᠠᠨ ᠤ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠤᠷᠤᠨ ᠤ ᠭᠠᠳᠠᠭᠠᠳᠤ ᠤᠷᠤᠭᠤᠯᠤᠯᠲᠠ ᠪᠤᠯᠤᠨ ᠭᠠᠳᠠᠭᠠᠳᠤ ᠭᠠᠷᠭᠠᠯᠲᠠ ᠶᠢᠨ ᠶᠡᠷᠦᠩᠭᠡᠢ ᠦᠷᠳᠡᠭ ᠤᠨ 84.8%᠎ ᠶᠢ ᠡᠵᠡᠯᠡᠪᠡ︔ ᠧᠦ᠋ᠷᠣᠫᠠ ᠶᠢᠨ ᠬᠤᠯᠪᠣᠭᠠᠨ ᠤ ᠤᠯᠤᠰ ᠪᠤᠯᠤᠨ ᠭᠠᠵᠠᠷ ᠣᠷᠣᠨ ᠳᠠᠬᠢ ᠭᠠᠳᠠᠭᠠᠲᠤ ᠤᠷᠤᠭᠤᠯᠤᠯᠲᠠ ᠪᠤᠯᠤᠨ ᠭᠠᠳᠠᠭᠠᠲᠤ ᠭᠠᠷᠭᠠᠯᠲᠠ ᠨᠢ 4.6 ᠳ᠋ᠦᠩᠰᠢᠭᠤᠷ ᠲᠥᠭᠦᠷᠢᠭ ᠲᠤ ᠬᠦᠷᠴᠦ᠂ 54.9% ᠎ ᠪᠠᠷ ᠨᠡᠮᠡᠭᠳᠡᠪᠡ︔ ᠪᠤᠰᠤᠳ ᠢ ᠠᠽᠢᠶ᠎ᠠ ᠲᠢᠪ ᠵᠡᠷᠭᠡ ᠤᠯᠤᠰ ᠣᠷᠣᠨ ᠳᠤ ᠭᠠᠷᠭᠠᠭᠰᠠᠨ ᠪᠠ ᠤᠷᠤᠭᠤᠯᠤᠭᠰᠠᠨ ᠪᠠᠶᠢᠨ᠎ᠠ᠃ ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠲᠠᠪᠤᠨ ᠬᠤᠪᠢ ᠠᠴᠠ ᠳᠡᠭᠡᠭᠰᠢᠬᠢ ᠨᠢ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠪᠠᠶᠢᠵᠤ᠂ ᠡᠩ ᠤᠨ ᠠᠷᠠᠯᠵᠢᠶᠠᠨ ᠤ ᠨᠡᠮᠡᠭᠳᠡᠯ ᠤᠨ ᠬᠡᠮᠵᠢᠶ᠎ᠡ ᠦᠷᠭᠡᠵᠢᠪᠡ᠃ ᠠᠵᠤ ᠠᠬᠤᠶᠢᠯᠠᠯ ᠤᠨ ᠬᠠᠷᠢᠶᠠᠯᠠᠯ ᠠᠴᠠ ᠠᠪᠴᠤ ᠦᠵᠡᠪᠡᠯ᠂ ᠥᠪᠥᠷ ᠮᠣᠩᠭᠤᠯ ᠤᠨ ᠠᠵᠤ ᠠᠬᠤᠶᠢᠯᠠᠯ ᠤᠳ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢ ᠡᠵᠡᠷᠭᠡᠭᠯᠡᠵᠤ᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠯᠡᠨ ᠡᠰᠢᠵᠢᠪᠡ᠃ ᠡᠭᠦᠨ ᠠᠴᠠ ᠭᠠᠳᠠᠨ᠎ᠠ᠂ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠮᠠᠰᠢᠨ ᠴᠠᠬᠢᠯᠭᠠᠨ ᠤ ᠦᠢᠯᠡᠳᠭᠦᠨ ᠨᠢ ᠭᠠᠳᠠᠭᠠᠳᠤ ᠳᠤ ᠭᠠᠷᠭᠠᠬᠤ ᠭᠤᠤᠯ ᠪᠤᠯᠬᠤ ᠲᠥᠷᠥᠯ ᠵᠦᠢᠯ ᠪᠤᠯᠵᠤ᠂ ᠡᠬᠢ ᠪᠠᠶᠠᠯᠢᠭ ᠤᠨ ᠲᠦᠷᠦᠯ ᠤᠨ ᠲᠠᠸᠠᠷ ᠨᠢ ᠭᠠᠳᠠᠭᠠᠳᠤ ᠠᠴᠠ ᠣᠷᠣᠭᠤᠯᠬᠤ ᠭᠤᠣᠯ ᠪᠤᠯᠬᠤ ᠲᠦᠷᠦᠯ ᠵᠦᠢᠯ ᠪᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号