ᠡᠨᠡ ᠵᠢᠯ ᠠᠴᠠ ᠨᠠᠰᠢ᠂ ᠬᠡᠳᠦ ᠴᠢᠩᠭ᠎ᠠ ᠡᠸ᠋ᠯᠨᠢᠨᠤ᠋ ᠦᠵᠡᠭᠳᠡᠯ ᠤᠨ ᠨᠥᠯᠥᠭᠡ ᠠᠴᠠ ᠪᠤᠯᠤᠭᠠᠳ 8 ᠳ᠋ᠤᠭᠠᠷ | ᠰᠠᠷ᠎ᠠ ᠶᠢᠨ 10 ᠤ ᠡᠳᠦᠷ ᠪᠤᠯᠲᠠᠯ᠎ᠠ᠂ ᠥᠪᠥᠷ ᠮᠣᠩᠭᠤᠯ ᠤᠨ 4181 ᠲᠦᠮᠡᠨ ᠮᠦ ᠲᠠᠷᠢᠮᠠᠯ ᠭᠠᠩᠳᠠᠵᠠᠢ᠂ ᠡᠭᠦᠨ | ᠳᠤ 590 ᠲᠦᠮᠡᠨ ᠮᠥ ᠬᠦᠨᠳᠦ ᠨᠣᠴᠢᠲᠠᠶ ᠭᠠᠩᠳᠠᠵᠤ᠂ 388 ᠲᠦᠮᠡᠨ ᠮᠦ ᠬᠠᠲᠠᠪᠠ︔ 3.9 ᠳ᠋ᠦᠩᠰᠢᠭᠤᠷ ᠮᠦ | ᠠᠰᠢᠭᠯᠠᠵᠤ ᠪᠣᠯᠬᠤ ᠬᠠᠳᠤᠯᠠᠩ ᠪᠡᠯᠴᠢᠭᠡᠷ ᠭᠠᠩᠳᠠᠪᠠ︔ ᠭᠠᠩ ᠭᠠᠴᠢᠭ ᠠᠴᠠ ᠪᠤᠯᠵᠤ 35 ᠲᠦᠮᠡᠨ ᠬᠥᠮᠦᠨ᠂ | 318 ᠲᠦᠮᠡᠨ ᠪᠤᠳᠠ ᠪᠤᠭ ᠮᠠᠯ ᠤᠰᠤ ᠤᠮᠳᠠ ᠶᠢᠨ ᠬᠦᠴᠢᠷᠳᠡᠯ ᠳᠤ ᠲᠤᠯᠭᠠᠷᠠᠪᠠ᠃ ᠠᠯᠪᠠᠨ ᠲᠠᠯ᠎ᠠ ᠶᠢᠨ | ᠮᠡᠳᠡᠭᠡ ᠶᠢ ᠦᠨᠳᠦᠰᠦᠯᠡᠪᠡᠯ᠂ ᠭᠠᠩ ᠬᠠᠭᠤᠷᠠᠶ ᠠᠭᠤᠷ ᠠᠮᠢᠰᠬᠤᠯ ᠠᠴᠠ ᠪᠤᠯᠵᠤ ᠥᠪᠥᠷ ᠮᠣᠩᠭᠤᠯ ᠤᠨ 70 | ᠳᠤᠮᠳᠠ ᠵᠢᠵᠢᠭ ᠭᠤᠣᠯ ᠮᠥᠷᠡᠨ ᠤ ᠤᠷᠤᠰᠬᠠᠯ ᠲᠠᠰᠤᠷᠠᠵᠤ᠂ 161 ᠴᠥᠭᠦᠷᠥᠮ ᠬᠠᠳᠠᠵᠤ᠂ 26233 ᠴᠠᠬᠢᠯᠭᠠᠨ | ᠬᠤᠳᠳᠤᠭ ᠤᠨ ᠤᠰᠤᠨ ᠤ ᠬᠠᠳᠠᠭᠠᠯᠠᠯᠲᠠ ᠨᠢ ᠬᠡᠮᠵᠢᠶ᠎ᠡ ᠬᠦᠷᠦᠯᠴᠡᠭᠡ ᠦᠭᠡᠢ ᠪᠤᠯᠪᠠ᠃ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠤᠰᠤᠨ ᠤ ᠬᠠᠳᠠᠭᠠᠯᠠᠯᠲᠠ ᠨᠢ ᠵᠥᠪᠬᠡᠨ 14.45 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠪᠠᠶᠢᠵᠤ᠂ ᠶᠡᠷᠦ ᠶᠢᠨ ᠵᠢᠯ ᠤᠨ ᠬᠢ ᠠᠴᠠ35% ᠪᠠᠭᠠᠰᠪᠠ᠃ ᠭᠠᠩ ᠬᠠᠭᠰᠠᠷᠠᠭᠠᠨ ᠤ ᠪᠠᠶᠢᠳᠠᠯ ᠢ ᠠᠷᠭᠠᠴᠠᠬᠤ ᠪᠠᠷ᠂ | ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠭᠠᠩ ᠬᠠᠭᠰᠠᠷᠠᠭᠠᠨ ᠤ ᠮᠡᠳᠡᠭᠡ ᠵᠠᠩᠭᠢ ᠶᠢ ᠴᠠᠭ | ᠲᠤᠬᠠᠶ ᠳᠤᠨᠢ ᠨᠡᠶᠢᠲᠡᠯᠡᠵᠦ᠂ ᠴᠠᠭ ᠠᠭᠤᠷ ᠤᠨ ᠨᠦᠭᠦᠴᠡᠯ ᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠬᠥᠮᠦᠨ ᠤ | ᠬᠦᠴᠦ ᠪᠠᠷ ᠪᠣᠷᠣᠭᠠᠨ ᠤᠷᠤᠭᠤᠯᠵᠤ᠂ ᠪᠦᠲᠦᠮᠵᠢᠲᠡᠶ ᠪᠠᠷ ᠲᠤᠨᠳᠠᠰᠤ ᠶᠢ ᠨᠡᠮᠡᠭᠳᠡᠭᠦᠯᠪᠡ᠃ | ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠭᠠᠩ | ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠤᠰᠤᠨ ᠰᠤᠷᠪᠤᠯᠵᠢ ᠶᠢᠨ ᠪᠠᠷᠢᠯᠭ᠎ᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ 30 ᠲᠦᠮᠡᠨ ᠬᠥᠮᠦᠨ᠂ 180 ᠲᠦᠮᠡᠨ ᠪᠤᠳᠠ ᠪᠤᠭ ᠮᠠᠯ ᠤᠨ ᠤᠰᠤ ᠤᠮᠳᠠ ᠶᠢᠨ | ᠬᠦᠴᠢᠷᠳᠡᠯ ᠢ ᠰᠢᠢᠳᠪᠦᠷᠢᠯᠡᠵᠦ᠂ 3100 ᠲᠦᠮᠡᠨ ᠮᠦ ᠲᠠᠷᠢᠶᠠᠨ ᠭᠠᠵᠠᠷ ᠢ ᠤᠰᠤᠯᠠᠪᠠ᠃ ᠲᠠᠷᠢᠶᠠᠯᠠᠩ ᠤᠨ ᠰᠠᠯᠠᠭ᠎ᠠ | ᠮᠥᠴᠢᠷ ᠤᠳ ᠭᠠᠮᠰᠢᠭ ᠤᠨ ᠳᠠᠷᠠᠭ᠎ᠠ ᠦᠢᠯᠡᠳᠪᠦᠷᠢᠯᠡᠯ ᠢ ᠰᠡᠷᠭᠦᠭᠡᠵᠦ ᠠᠪᠤᠷᠠᠨ ᠲᠤᠰᠠᠯᠠᠬᠤ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠮᠠᠯᠵᠢᠬᠤ ᠣᠷᠣᠨ ᠤ ᠮᠠᠯ ᠤᠨ ᠭᠠᠷᠭᠠᠯᠲᠠ ᠪᠠᠨ ᠲᠦᠷᠭᠡᠳᠬᠡᠬᠦ ᠶᠢ ᠬᠥᠲᠥᠯᠥᠨ | ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠬᠤ ᠲᠡᠵᠢᠭᠡᠯ ᠡᠪᠡᠰᠦ ᠪᠣᠷᠳᠤᠭ᠎ᠠ ᠶᠢ ᠵᠣᠬᠢᠴᠠᠩᠭᠤᠶ ᠰᠢᠯᠵᠢᠭᠦᠯᠦᠨ | ᠬᠠᠳᠠᠭᠠᠯᠠᠪᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠᠴᠢᠮ ᠪᠠᠶᠢᠳᠠᠯ ᠢ ᠠᠷᠭᠠᠴᠠᠬᠤ ᠲᠤᠰᠬᠠᠯ ᠢ ᠴᠠᠭ | ᠲᠤᠬᠠᠶ ᠳᠤᠨᠢ ᠡᠬᠢᠯᠡᠭᠦᠯᠵᠦ᠂ ᠭᠠᠮᠰᠢᠭ ᠢ ᠪᠠᠶᠢᠴᠠᠭᠠᠨ ᠬᠠᠷᠭᠤᠭᠤᠯᠵᠤ᠂ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ | ᠨᠥᠬᠦᠪᠥᠷᠢ ᠪᠡᠯᠡ ᠮᠥᠩᠭᠦ ᠶᠢ ᠳᠤᠷᠤᠭᠰᠢ ᠪᠠᠭᠤᠯᠭᠠᠨ᠂ ᠭᠠᠮᠰᠢᠭᠳᠠᠭᠰᠠᠨ ᠬᠦᠴᠢᠷᠳᠡᠯᠲᠡᠶ ᠤᠯᠠᠨ ᠲᠦᠮᠡᠨ ᠤ | ᠦᠨᠳᠦᠰᠦᠨ ᠠᠮᠢᠳᠤᠷᠠᠯ ᠢ ᠵᠣᠬᠢᠰᠲᠠᠶ ᠲᠤᠬᠢᠷᠠᠭᠤᠯᠵᠤ ᠪᠠᠶᠢᠨ᠎ᠠ᠃ |