| 8 ᠳ᠋ᠤᠭᠠᠷ ᠰᠠᠷ᠎ᠠ ᠶᠢᠨ 15 ᠠᠴᠠ 16 ᠤ ᠡᠳᠦᠷ ᠪᠤᠯᠳᠠᠯ᠎ᠠ᠂ ᠲᠤᠮᠳᠠᠳᠤ ᠤᠯᠤᠰ ᠬᠢᠬᠡᠳ ᠵᠡᠬᠦᠨ ᠡᠮᠤᠨᠡᠳᠦ | ᠠᠽᠢᠶ᠎ᠠ ᠶᠢᠨ ᠤᠯᠤᠰ ᠤᠳ ᠤᠨ ᠬᠤᠯᠪᠤᠭ᠎ᠠ ᠳᠤᠮᠳᠠᠳᠤ ᠤᠯᠤᠰ ᠤᠨ ᠦᠪᠦᠷ ᠮᠤᠩᠭᠤᠯ ᠤᠨ ᠮᠠᠨᠵᠤᠤᠷ ᠬᠤᠳᠠ ᠳᠤ | ︽ᠡᠮᠤᠨᠡᠳᠦ ᠳᠡᠩᠬᠢᠰ ᠤᠨ ᠡᠯ᠎ᠠ ᠳᠠᠯ᠎ᠠ ᠶᠢᠨ ᠠᠵᠢᠯᠯᠠᠭ᠎ᠠ ᠶᠢᠨ ᠳᠤᠩᠬᠠᠬ︾ ᠢ ᠨᠡᠶᠢᠳᠠᠪᠤᠷᠢᠵᠢᠭᠤᠯᠬᠤ 13 ᠳ᠋ᠤᠭᠠᠷ | ᠤᠳᠠᠭ᠎ᠠ ᠶᠢᠨ ᠳᠡᠬᠡᠳᠦ ᠵᠡᠷᠬᠡ ᠶᠢᠨ ᠠᠯᠪᠠᠨ ᠳᠤᠰᠢᠶᠠᠯᠳᠠᠳ ᠤᠨ ᠬᠤᠷᠠᠯ ᠵᠢᠴᠢ 18 ᠳ᠋ᠤᠭᠠᠷ ᠤᠳᠠᠭ᠎ᠠ ᠶᠢᠨ | ᠬᠠᠮᠳᠤᠷᠠᠨ ᠠᠵᠢᠯᠯᠠᠬᠤ ᠳᠤᠭᠤᠢᠢᠯᠠᠩ ᠤᠨ ᠬᠤᠷᠠᠯ ᠢ ᠬᠤᠷᠠᠯᠳᠤᠭᠤᠯᠪᠠ᠃ | ᠳᠤᠰ ᠤᠳᠠᠭ᠎ᠠ ᠶᠢᠨ ᠬᠤᠷᠠᠯ ᠨᠢ ᠳᠤᠮᠳᠠᠳᠤ ᠤᠯᠤᠰ ᠬᠢᠬᠡᠳ ᠵᠡᠬᠦᠨ ᠡᠮᠤᠨᠡᠳᠦ ᠠᠽᠢᠶ᠎ᠠ ᠶᠢᠨ ᠤᠯᠤᠰ ᠤᠳ | ᠤᠨ ᠬᠤᠯᠪᠤᠭ᠎ᠠ ᠶᠢᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠤᠨ ᠬᠤᠷᠠᠯ ᠤᠨ ᠳᠠᠷᠠᠭ᠎ᠠ᠂ ᠳᠤᠮᠳᠠᠳᠤ ᠤᠯᠤᠰ | ᠬᠢᠬᠡᠳ ᠵᠡᠬᠦᠨ ᠡᠮᠤᠨᠡᠳᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠦᠮᠦᠨ ᠤ ᠬᠤᠷᠠᠯ ᠠᠴᠠ | ᠡᠮᠤᠨ᠎ᠠ ᠶᠠᠪᠤᠬᠳᠠᠵᠠᠢ᠃ ᠬᠤᠷᠠᠯ ᠳᠤ ᠤᠷᠤᠯᠴᠠᠬᠰᠠᠨ ᠡᠯ᠎ᠠ ᠳᠠᠯ᠎ᠠ ᠶᠢᠨ ᠬᠢᠨ ︽ᠳᠤᠩᠬᠠᠬ︾ ᠵᠢᠴᠢ ︽ᠡᠮᠤᠨᠡᠳᠦ | ᠳᠠᠩᠬᠢᠰ ᠤᠨ ᠠᠵᠢᠯᠯᠠᠭ᠎ᠠ ᠶᠢᠨ ᠪᠠᠷᠢᠮᠵᠢᠶ᠎ᠠ︾ ᠶᠢ ᠪᠦᠬᠦ ᠳᠠᠯ᠎ᠠ ᠪᠠᠷ ᠪᠦᠳᠦᠮᠵᠢᠳᠡᠢ ᠨᠠᠶᠢᠳᠠᠪᠤᠷᠢᠵᠢᠭᠤᠯᠬᠤ ᠵᠡᠷᠬᠡ | ᠵᠦᠪᠯᠡᠬᠦ ᠵᠦᠢᠯᠡᠰ ᠤᠨ ᠳᠠᠯ᠎ᠠ ᠪᠠᠷ ᠬᠦᠨᠵᠡᠬᠡᠢ ᠶᠠᠷᠢᠯᠴᠠᠵᠤ᠂ ᠢᠳᠡᠪᠬᠢᠳᠡᠢ ᠦᠷ᠎ᠠ ᠪᠦᠳᠦᠮᠵᠢ ᠤᠯᠪᠠ᠃ | ᠡᠯ᠎ᠠ ᠳᠠᠯ᠎ᠠ ᠶᠢᠨ ᠬᠢᠨ ᠢᠯᠡᠳᠬᠡᠭᠰᠡᠨ ᠨᠢ᠂ ︽ᠳᠤᠮᠳᠠᠳᠤ ᠤᠯᠤᠰ ᠪᠤᠯᠤᠨ ᠵᠡᠬᠦᠨ ᠡᠮᠤᠨᠡᠳᠦ ᠠᠽᠢᠶ᠎ᠠ ᠶᠢᠨ | ᠤᠯᠤᠰ ᠤᠳ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠠᠷ ᠤᠨ ︿ᠳᠤᠩᠬᠠᠬ﹀ ᠢ ᠪᠦᠬᠦ ᠳᠠᠯ᠎ᠠ ᠪᠠᠷ | ᠪᠦᠳᠦᠮᠵᠢᠳᠡᠢ ᠨᠠᠶᠢᠳᠠᠪᠤᠷᠢᠵᠢᠭᠤᠯᠬᠤ ᠳᠤᠬᠠᠢ ᠬᠠᠮᠳᠤᠷᠠᠬᠰᠠᠨ ᠢᠯᠡᠷᠬᠡᠶᠢᠯᠡᠯᠳᠡ︾ ᠪᠠᠷ ᠵᠢᠯᠤᠭᠤᠳᠤᠮᠵᠢ ᠪᠤᠯᠭᠠᠵᠦ᠂ ︽ | ᠳᠤᠩᠬᠠᠬ︾ ᠢ ᠦᠷᠬᠦᠯᠵᠢᠯᠡᠨ ᠪᠦᠬᠦ ᠳᠠᠯ᠎ᠠ ᠪᠠᠷ ᠦᠷ᠎ᠠ ᠪᠦᠳᠦᠮᠵᠢᠳᠡᠢ ᠨᠠᠶᠢᠳᠠᠪᠤᠷᠢᠵᠢᠭᠤᠯᠵᠦ᠂ ᠬᠡᠯᠡᠯᠴᠡᠬᠡᠷ | ᠵᠦᠪᠳᠡᠯᠴᠡᠭᠡ ᠬᠢᠬᠦ ᠪᠠᠷ ᠳᠠᠮᠵᠢᠨ ᠮᠠᠷᠭᠤᠯᠳᠤᠭᠠᠨ ᠢ ᠡᠶ᠎ᠡ ᠡᠪᠳᠡᠢ ᠰᠢᠢᠳᠪᠤᠷᠢᠯᠡᠬᠦ ᠶᠢ ᠪᠠᠷᠢᠮᠳᠠᠯᠠᠬᠤ᠂ ᠭᠠᠵᠠᠷ ᠤᠷᠤᠨ | ᠤ ᠳᠦᠷᠢᠮ ᠳᠤᠬᠳᠠᠭᠠᠯ ᠤᠨ ᠪᠦᠳᠦᠬᠦᠪᠴᠢ ᠵᠠᠬᠪᠤᠷ ᠢᠶᠠᠷ ᠵᠦᠷᠢᠴᠡᠯᠳᠦᠬᠡᠨ ᠢ ᠡᠵᠡᠮᠳᠡᠬᠦ ᠶᠢ ᠪᠠᠷᠢᠮᠳᠠᠯᠠᠬᠤ᠂ ᠳᠡᠯᠡᠢ | ᠳᠡᠬᠡᠷᠡᠬᠢ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠶᠢ ᠠᠬᠢᠭᠤᠯᠬᠤ᠂ ︽ᠪᠠᠷᠢᠮᠵᠢᠶ᠎ᠠ︾ ᠪᠠᠷ ᠵᠦᠪᠳᠡᠯᠴᠡᠭᠡ | ᠬᠢᠬᠦ ᠶᠢ ᠠᠬᠢᠭᠤᠯᠬᠤ᠂ ᠡᠮᠤᠨᠡᠳᠦ ᠳᠠᠩᠬᠢᠰ ᠤᠨ ᠡᠩᠬᠡ ᠳᠠᠶᠢᠪᠤᠩ ᠬᠢᠬᠡᠳ ᠠᠮᠤᠷ ᠳᠤᠬᠳᠠᠭᠤᠨ ᠢ ᠬᠠᠮᠠᠭᠠᠯᠠᠬᠤ ᠶᠢ | ᠪᠠᠷᠢᠮᠳᠠᠯᠠᠨ᠎ᠠ ᠬᠡᠪᠡ᠃ ᠬᠤᠷᠠᠯ ᠠᠴᠠ ︽ᠳᠤᠮᠳᠠᠳᠤ ᠤᠯᠤᠰ ᠬᠢᠬᠡᠳ ᠵᠡᠬᠦᠨ ᠡᠮᠤᠨᠡᠳᠦ ᠠᠽᠢᠶ᠎ᠠ ᠶᠢᠨ ᠤᠯᠤᠰ ᠤᠳ | ᠤᠨ ᠬᠤᠯᠪᠤᠭ᠎ᠠ ᠶᠢᠨ ᠳᠠᠯᠠᠢ ᠳᠡᠬᠡᠷᠡᠬᠢ ᠪᠠᠴᠢᠮ ᠬᠡᠷᠡᠭ ᠶᠠᠪᠤᠳᠠᠯ ᠢ ᠠᠷᠭᠠᠴᠠᠬᠤ ᠭᠠᠳᠠᠭᠠᠳᠤ ᠶᠠᠪᠤᠳᠠᠯ ᠤᠨ ᠳᠡᠬᠡᠳᠦ | ᠵᠡᠷᠬᠡ ᠶᠢᠨ ᠠᠯᠪᠠᠨ ᠲᠤᠰᠢᠶᠠᠯᠲᠠᠳ ᠤᠨ ᠬᠠᠯᠠᠮᠰᠢᠯ ᠤᠳᠠᠰᠤ ᠶᠢᠨ ᠲᠠᠪᠴᠠᠩ ᠤᠨ ᠵᠢᠯᠤᠭᠤᠳᠬᠤ ᠴᠢᠭᠯᠡᠯᠳᠡ︾ | ᠪᠤᠯᠤᠨ ︽ᠳᠤᠮᠳᠠᠳᠤ ᠤᠯᠤᠰ ᠬᠢᠬᠡᠳ ᠵᠡᠬᠦᠨ ᠡᠮᠤᠨᠡᠳᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠡᠮᠤᠨᠡᠳᠦ | ᠳᠠᠩᠬᠢᠰ ᠲᠤ ᠳᠤᠬᠢᠷᠠᠭᠤᠯᠤᠨ ᠬᠡᠷᠡᠭᠯᠡᠬᠦ ︿ᠳᠠᠯᠠᠢ ᠳᠡᠬᠡᠷᠡᠬᠢ ᠰᠠᠨᠠᠭᠠᠨ ᠠᠴᠠ ᠭᠠᠳᠠᠭᠤᠷᠬᠢ ᠤᠴᠠᠷᠠᠯ ᠤᠨ ᠳᠦᠷᠢᠮ﹀ | ᠤᠨ ᠳᠤᠬᠠᠢ ᠬᠠᠮᠳᠤᠷᠠᠬᠰᠠᠨ ᠢᠯᠡᠷᠬᠡᠶᠢᠯᠡᠯᠳᠡ︾ ᠵᠡᠷᠬᠡ ᠬᠤᠶᠠᠷ ᠬᠤᠪᠢ ᠦᠷ᠎ᠠ ᠪᠦᠳᠦᠭᠡᠯ ᠤᠨ ᠪᠢᠴᠢᠭ ᠮᠠᠲ᠋ᠧᠷᠢᠶᠠᠯ | ᠢ ᠪᠠᠳᠤᠯᠠᠵᠦ᠂ ᠡᠬᠦᠨ ᠢ ᠦᠷ᠎ᠠ ᠪᠦᠳᠦᠬᠡᠯ ᠤᠨ ᠬᠤᠪᠢ ᠪᠠᠷ 9 ᠳ᠋ᠦ᠋ᠭᠡᠷ ᠰᠠᠷ᠎ᠠ ᠶᠢᠨ ᠡᠬᠢ ᠪᠠᠷ ᠶᠠᠪᠤᠬᠳᠠᠬᠤ | ᠳᠤᠮᠳᠠᠳᠤ ᠤᠯᠤᠰ — ᠵᠡᠬᠦᠨ ᠡᠮᠤᠨᠡᠳᠦ ᠠᠽᠢᠶ᠎ᠠ ᠶᠢᠨ ᠤᠯᠤᠰ ᠤᠳ ᠤᠨ ᠬᠤᠯᠪᠤᠭᠠᠨ ᠤ ᠤᠳᠤᠷᠢᠳᠬᠤ ᠬᠦᠮᠦᠰ | ᠤᠨ ᠬᠤᠷᠠᠯ ᠳᠤ ᠳᠡᠪᠰᠢᠬᠦᠯᠦᠨ ᠨᠡᠶᠢᠳᠡᠯᠡᠬᠦ ᠪᠠᠷ ᠳᠤᠬᠳᠠᠪᠠ᠃ ᠡᠯ᠎ᠠ ᠳᠠᠯ᠎ᠠ ᠶᠢᠨ ᠬᠢᠨ ᠪᠠᠰᠠ ᠳᠠᠯᠠᠢ ᠳᠡᠬᠡᠷᠡᠬᠢ | ᠬᠠᠮᠳᠤᠷᠠᠯᠴᠠᠭ᠎ᠠ ᠶᠢ ᠬᠡᠷᠬᠢᠨ ᠴᠢᠩᠭᠠᠳᠬᠠᠬᠤ ᠳᠤᠬᠳᠠᠴᠡ ᠶᠢᠨ ᠪᠠᠶᠢᠭᠤᠯᠤᠯᠳᠠ ᠵᠢᠴᠢ ᠬᠠᠷᠰᠢ ᠰᠠᠭᠠᠳ ᠦᠬᠡᠢ | ᠪᠠᠶᠢᠳᠠᠯ ᠳᠤᠤᠷ᠎ᠠ ︽ᠪᠠᠷᠢᠮᠵᠢᠶ᠎ᠠ︾ ᠶᠢ ᠬᠦᠢᠴᠡᠳᠬᠡᠨ ︽ᠳᠦᠷᠪᠡᠨ ᠳᠠᠯ᠎ᠠ ᠶᠢᠨ ᠬᠦᠰᠡᠯ ᠰᠠᠨᠠᠭ᠎ᠠ︾ ᠶᠢ ᠵᠦᠪᠳᠡᠯᠴᠡᠬᠦ | ᠵᠡᠷᠬᠡ ᠳᠠᠯ᠎ᠠ ᠪᠠᠷ ᠰᠠᠨᠠᠯ ᠢᠶᠠᠨ ᠰᠤᠯᠢᠯᠴᠠᠵᠠᠢ᠃ | ᠡᠯ᠎ᠠ ᠳᠠᠯ᠎ᠠ ᠶᠢᠨ ᠬᠢᠨ ᠵᠦᠷᠢᠴᠡᠯ ᠢ ᠳᠤᠬᠢᠳᠠᠢ ᠰᠢᠢᠳᠪᠤᠷᠢᠯᠡᠨ ᠢᠳᠡᠬᠡᠯᠴᠡᠭᠡ ᠪᠠᠨ ᠠᠬᠢᠭᠤᠯᠵᠦ᠂ ᠬᠠᠷᠰᠢ | ᠰᠠᠭᠠᠳ ᠢ ᠠᠷᠢᠯᠭᠠᠨ᠂ ᠡᠮᠤᠨᠡᠳᠦ ᠳᠠᠩᠬᠢᠰ ᠢ ᠡᠩᠬᠡ ᠳᠠᠶᠢᠪᠤᠩ ᠤᠨ ᠳᠠᠩᠬᠢᠰ᠂ ᠨᠦᠬᠦᠷᠯᠡᠯ ᠤᠨ ᠳᠠᠩᠬᠢᠰ᠂ | ᠬᠠᠮᠳᠤᠷᠠᠯᠴᠠᠭᠠᠨ ᠤ ᠳᠠᠩᠬᠢᠰ ᠪᠤᠯᠭᠠᠨ ᠪᠦᠳᠦᠬᠡᠨ ᠪᠠᠶᠢᠭᠤᠯᠬᠤ ᠪᠠᠷ ᠬᠠᠮᠳᠤ ᠳᠠᠭᠠᠨ ᠴᠢᠷᠮᠠᠶᠢᠶ᠎ᠠ ᠬᠡᠵᠦ ᠳᠠᠬᠢᠨᠳᠠ | ᠴᠢᠬᠤᠯᠠᠴᠢᠯᠠᠵᠠᠢ᠃ ᠡᠯ᠎ᠡ ᠲᠠᠯ᠎ᠠ ᠶᠢᠨ ᠬᠢᠨ ᠢᠯᠡᠳᠬᠡᠭᠰᠡᠨ ᠨᠢ᠂ ᠳᠤᠮᠳᠠᠳᠤ ᠤᠯᠤᠰ — ᠵᠡᠬᠦᠨ ᠡᠮᠤᠨᠡᠳᠦ | ᠠᠽᠢᠶ᠎ᠠ ᠶᠢᠨ ᠤᠯᠤᠰ ᠤᠳ ᠤᠨ ᠬᠤᠯᠪᠤᠭᠠᠨ ᠤ ᠦᠬᠡ ᠰᠤᠯᠢᠯᠴᠠᠨ ᠬᠠᠨᠢᠳᠠᠨ ᠪᠤᠯᠤᠯᠴᠠᠬᠤ ᠬᠠᠷᠢᠴᠠᠭ᠎ᠠ | ᠪᠠᠶᠢᠭᠤᠯᠤᠬᠰᠠᠨ 25 ᠵᠢᠯ ᠤᠨ ᠤᠢ ᠶᠢ ᠳᠤᠷᠠᠰᠬᠠᠬᠤ ᠳᠦᠷᠦᠬᠦᠴᠦᠳ ᠤᠨ ᠬᠤᠷᠠᠯ ᠢᠶᠠᠷ ᠠᠵᠠ ᠳᠤᠬᠢᠶᠠᠯ ᠪᠤᠯᠭᠠᠵᠦ | ᠂ ᠳᠤᠮᠳᠠᠳᠤ ᠤᠯᠤᠰ — ᠵᠡᠬᠦᠨ ᠡᠮᠤᠨᠡᠳᠦ ᠠᠽᠢᠶ᠎ᠠ ᠶᠢᠨ ᠤᠯᠤᠰ ᠤᠳ ᠤᠨ ᠬᠤᠯᠪᠤᠭᠠᠨ ᠤ ᠬᠠᠮᠳᠤᠷᠠᠯᠴᠠᠭ᠎ᠠ ᠶᠢ | ᠬᠦᠨᠵᠡᠬᠡᠶᠢᠷᠡᠬᠦᠯᠤᠨ᠂ ᠳᠤᠮᠳᠠᠳᠤ ᠤᠯᠤᠰ — ᠵᠡᠬᠦᠨ ᠡᠮᠤᠨᠡᠳᠦ ᠠᠽᠢᠶ᠎ᠠ ᠶᠢᠨ ᠤᠯᠤᠰ ᠤᠳ ᠤᠨ ᠬᠤᠯᠪᠤᠭᠠᠨ ᠤ | ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠴᠠᠭ᠎ᠠ ᠶᠢ ᠰᠢᠨ᠎ᠡ ᠳᠡᠭᠳᠡᠷ ᠲᠤ ᠭᠠᠷᠭᠠᠬᠤ ᠶᠢ ᠠᠬᠢᠭᠤᠯᠤᠨ᠎ᠠ ᠬᠡᠪᠡ᠃ |