ᠥᠪᠥᠷ ᠮᠣᠩᠭᠤᠯ ᠪᠦᠬᠦᠨ ᠳᠤ ᠲᠣᠬᠢᠷᠠᠬᠤ ᠺᠠᠷᠲ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ 138.85 ᠳ᠋ᠦᠩᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2016/8/18
      2016 ᠣᠨ ᠤ 7 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠮᠠᠨ ᠤ ᠣᠷᠣᠨ ᠡᠳ᠋ ᠤᠨ ᠵᠠᠰᠠᠭ ᠤᠨ ᠪᠦᠬᠦᠨ ᠳᠤ ᠲᠣᠬᠢᠷᠠᠬᠤ ᠺᠠᠷᠲ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ 138.85 ᠳ᠋ᠦᠩᠰᠢᠭᠤᠷ ᠲᠥᠭᠦᠷᠢᠭ ᠲᠠᠷᠬᠠᠭᠠᠵᠤ᠂ 132 ᠲᠣᠮᠣ ᠲᠥᠷᠥᠯ ᠤᠨ 170 ᠵᠦᠢᠯ ᠤᠨ ᠨᠥᠬᠦᠪᠥᠷᠢ ᠳᠤ ᠬᠤᠯᠪᠣᠭᠳᠠᠵᠤ᠂ ᠪᠥᠬᠦ ᠣᠷᠣᠨ ᠤ 1539 ᠲᠦᠮᠡᠨ ᠬᠥᠮᠦᠨ ︵ᠤᠳᠠᠭ᠎ᠠ︶ ᠠᠰᠢᠭ ᠬᠦᠷᠲᠡᠪᠡ᠃  ᠨᠥᠬᠦᠪᠥᠷᠢ ᠪᠡᠯᠡ ᠮᠥᠩᠭᠦᠨ ᠤ ᠢᠷᠡᠯᠲᠡ ᠠᠴᠠ ᠨᠢ ᠦᠵᠡᠪᠡᠯ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠲᠠᠷᠬᠠᠭᠠᠭᠰᠠᠨ ᠨᠥᠬᠦᠪᠥᠷᠢ ᠪᠡᠯᠡ ᠮᠥᠩᠭᠦ ᠨᠢ 119.12 ᠳ᠋ᠦᠩᠰᠢᠭᠤᠷ ᠲᠥᠭᠦᠷᠢᠭ ᠲᠤ ᠬᠦᠷᠴᠦ᠂ ᠪᠠᠷᠤᠭ ᠨᠥᠬᠦᠪᠥᠷᠢ ᠪᠡᠯᠡ ᠮᠥᠩᠭᠦ ᠶᠢᠨ ᠶᠡᠷᠦᠩᠬᠡᠶ ᠲᠣᠭᠠᠨ ᠤ 86%᠎ ᠢ ᠡᠵᠡᠯᠡᠪᠡ︔ ᠠᠶᠢᠮᠠᠭ ᠬᠤᠲᠠ ᠬᠤᠰᠢᠭᠤ ᠰᠢᠶᠠᠨ ᠤ ᠥᠪᠡᠰᠦᠪᠡᠨ ᠲᠠᠷᠬᠠᠭᠠᠭᠰᠠᠨ ᠨᠥᠬᠦᠪᠥᠷᠢ ᠪᠡᠯᠡ ᠮᠥᠩᠭᠦ ᠨᠢ 19.73 ᠳ᠋ᠦᠩᠰᠢᠭᠤᠷ ᠲᠥᠭᠦᠷᠢᠭ ᠪᠠᠶᠢᠵᠤ᠂ ᠪᠠᠷᠤᠭ ᠨᠥᠬᠦᠪᠥᠷᠢ ᠪᠡᠯᠡ ᠮᠥᠩᠭᠦ ᠶᠢᠨ ᠶᠡᠷᠦᠩᠬᠡᠶ ᠲᠣᠭᠠᠨ ᠤ 14%᠎ ᠶᠢ ᠡᠵᠡᠯᠡᠪᠡ᠃ ᠨᠥᠬᠦᠪᠥᠷᠢ ᠪᠡᠯᠡ ᠮᠥᠩᠭᠦ ᠣᠯᠣᠭᠰᠠᠳ ᠠᠴᠠ ᠨᠢ ᠦᠵᠡᠪᠡᠯ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠪᠡᠯᠡ ᠮᠥᠩᠭᠦ ᠶᠢ 121.92 ᠳ᠋ᠦᠩᠰᠢᠭᠤᠷ ᠲᠥᠭᠦᠷᠢᠭ ᠲᠠᠷᠬᠠᠭᠠᠵᠤ᠂ ᠪᠠᠷᠤᠭ ᠨᠥᠬᠦᠪᠥᠷᠢ ᠪᠡᠯᠡ ᠮᠥᠩᠭᠦ ᠶᠢᠨ ᠪᠦᠬᠦ ᠲᠣᠭᠠᠨ ᠤ 88%᠎ ᠶᠢ ᠡᠵᠡᠯᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠲᠤ ᠣᠯᠭᠤᠬᠤ ᠨᠥᠬᠦᠪᠥᠷᠢ ᠪᠡᠯᠡ ᠮᠥᠩᠭᠦ ᠶᠢ 16.93 ᠳ᠋ᠦᠩᠰᠢᠭᠤᠷ ᠲᠥᠭᠦᠷᠢᠭ ᠲᠠᠷᠬᠠᠭᠠᠵᠤ᠂ ᠪᠠᠷᠤᠭ ᠨᠥᠬᠦᠪᠥᠷᠢ ᠪᠡᠯᠡ ᠮᠥᠩᠭᠦ ᠶᠢᠨ ᠶᠡᠷᠦᠩᠬᠡᠶ ᠲᠣᠭᠠᠨ ᠤ 12%᠎ ᠢ ᠡᠵᠡᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号