8 ᠳ᠋ᠤᠭᠠᠷ ᠰᠠᠷ᠎ᠠ ᠶᠢᠨ 12 ᠤᠨ ᠡᠳᠦᠷ ᠪᠣᠯᠲᠠᠯ᠎ᠠ᠂ ᠭᠠᠩ ᠭᠠᠮᠰᠢᠭ ᠠᠴᠠ ᠪᠣᠯᠵᠤ ᠤᠯᠠᠭᠠᠨᠴᠠᠪ ᠬᠤᠳᠠ᠂ | ᠤᠯᠠᠭᠠᠨᠬᠠᠳᠠ ᠬᠤᠳᠠ᠂ ᠬᠢᠩᠭᠠᠨ ᠠᠶᠢᠮᠠᠭ᠂ ᠲᠦᠩᠯᠢᠶᠣᠤ ᠬᠤᠳᠠ᠂ ᠰᠢᠯᠢ ᠶᠢᠨ ᠭᠤᠣᠯ ᠠᠶᠢᠮᠠᠭ᠂ ᠬᠥᠯᠥᠨ ᠪᠤᠶᠢᠷ | ᠬᠤᠳᠠ᠂ ᠠᠯᠠᠱᠠ ᠠᠶᠢᠮᠠᠭ᠂ ᠪᠤᠭᠤᠲᠤ ᠬᠤᠳᠠ᠂ ᠪᠠᠶᠠᠨᠨᠠᠭᠤᠷ ᠬᠤᠳᠠ ᠵᠡᠷᠭᠡ 9 ᠠᠶᠢᠮᠠᠭ ᠬᠤᠲᠠ ᠶᠢᠨ 53 | ᠬᠤᠲᠠ ᠬᠤᠰᠢᠭᠤ ᠰᠢᠶᠠᠨ ᠲᠣᠭᠤᠷᠢᠭ ᠤᠨ 286 ᠲᠦᠮᠡᠨ ᠬᠥᠮᠦᠨ ᠭᠠᠮᠰᠢᠭᠳᠠᠵᠤ᠂ ᠭᠠᠩᠳᠠᠯ ᠠᠴᠠ ᠪᠣᠯᠵᠤ 84. | 5 ᠲᠦᠮᠡᠨ ᠬᠦᠮᠦᠨ ᠤ ᠠᠮᠢᠳᠤᠷᠠᠯ ᠢ ᠠᠪᠤᠷᠠᠨ ᠲᠤᠰᠠᠯᠠᠬᠤ ᠴᠢᠬᠤᠯᠠᠲᠠᠶ ᠪᠠᠶᠢᠵᠤ᠂ ᠡᠭᠦᠨ ᠳᠤ 36.6 ᠲᠦᠮᠡᠨ | ᠬᠦᠮᠦᠨ ᠤᠰᠤ ᠤᠤᠭᠤᠬᠤ ᠳᠤ ᠬᠦᠴᠢᠷᠳᠡᠨ᠂ ᠠᠵᠤ ᠠᠬᠤᠶ ᠶᠢᠨ ᠰᠢᠭᠤᠳ ᠬᠤᠬᠢᠷᠠᠯ ᠨᠢ 68.6 ᠳ᠋ᠦᠩᠰᠢᠭᠤᠷ | ᠲᠥᠭᠦᠷᠢᠭ ᠲᠤ ᠬᠦᠷᠪᠡ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠭᠠᠮᠰᠢᠭ ᠤᠨ ᠪᠠᠶᠢᠳᠠᠯ ᠤᠨ ᠶᠡᠷᠦᠩᠬᠡᠶ ᠣᠨᠴᠠᠯᠢᠭ ᠨᠢ | ᠪᠠᠷᠠᠭᠤᠨ ᠪᠡᠶ᠎ᠡ ᠪᠠᠷ ᠤᠰᠤᠳᠤᠨ ᠵᠡᠭᠦᠨ ᠪᠡᠶ᠎ᠡ ᠪᠠᠷ ᠭᠠᠩᠳᠠᠵᠤ᠂ 6᠂ 7 ᠳ᠋ᠤᠭᠠᠷ ᠰᠠᠷ᠎ᠠ ᠳᠤ ᠤᠯᠠᠭᠠᠨᠬᠠᠳᠠ ᠬᠤᠳᠠ᠂ | ᠲᠦᠩᠯᠢᠶᠣᠤ ᠬᠤᠳᠠ ᠶᠢᠨ ᠭᠠᠩ ᠬᠠᠭᠰᠠᠷᠠᠭᠠᠨ ᠤ ᠪᠠᠶᠢᠳᠠᠯ ᠨᠡᠯᠢᠶᠡᠳ ᠲᠤᠪᠤᠶᠢᠮ᠎ᠠ ᠪᠠᠶᠢᠵᠤ᠂ ᠭᠠᠩᠳᠠᠯ ᠠᠴᠠ | ᠪᠣᠯᠵᠤ ᠠᠪᠤᠷᠠᠨ ᠲᠤᠰᠠᠯᠠᠬᠤ ᠴᠢᠬᠤᠯᠠᠲᠠᠶ ᠬᠥᠮᠦᠨ ᠠᠮᠠ᠂ ᠤᠤᠭᠤᠬᠤ ᠤᠰᠤᠨ ᠳᠤ ᠬᠦᠴᠢᠷᠳᠡᠯ ᠲᠠᠢ ᠬᠥᠮᠦᠨ ᠠᠮᠠ | ᠨᠡᠯᠢᠶᠡᠳ ᠠᠷᠪᠢᠨ ᠪᠠᠶᠢᠨ᠎ᠠ᠃ 8 ᠳ᠋ᠤᠭᠠᠷ ᠰᠠᠷ᠎ᠠ ᠠᠴᠠ ᠨᠠᠭᠠᠰᠢ᠂ ᠥᠷᠭᠦᠯᠵᠢᠯᠡᠭᠰᠡᠨ ᠬᠠᠯᠠᠭᠤᠨ ᠠᠭᠤᠷ | ᠠᠮᠢᠰᠬᠤᠯ ᠠᠴᠠ ᠪᠣᠯᠵᠤ ᠬᠥᠯᠥᠨ ᠪᠤᠶᠢᠷ ᠬᠤᠲᠠ ᠶᠢᠨ ᠮᠠᠯᠵᠢᠬᠤ ᠣᠷᠣᠨ᠂ ᠲᠠᠷᠢᠶᠠᠯᠠᠬᠤ ᠣᠷᠣᠨ ᠬᠦᠨᠳᠦ ᠨᠣᠴᠢᠲᠠᠶ | ᠭᠠᠩᠳᠠᠵᠤ᠂ ᠬᠠᠳᠤᠯᠠᠩ ᠪᠡᠯᠴᠢᠭᠡᠷ ᠤᠨ ᠭᠠᠮᠰᠢᠭᠳᠠᠭᠰᠠᠨ ᠪᠠᠶᠢᠳᠠᠯ ᠨᠡᠯᠢᠶᠡᠳ ᠳᠣᠪᠤᠶᠢᠮ᠎ᠠ ᠪᠠᠶᠢᠨ᠎ᠠ᠃ | ᠣᠶᠢᠯᠠᠭᠠᠭᠰᠠᠨ ᠢᠶᠠᠷ᠂ ᠭᠠᠮᠰᠢᠭ ᠤᠨ ᠪᠠᠶᠢᠳᠠᠯ ᠭᠠᠷᠤᠭᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠶᠠᠪᠤᠳᠠᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ | ᠪᠣᠯᠤᠨ ᠠᠶᠢᠮᠠᠭ ᠬᠤᠳᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠯᠦᠭᠡ ᠨᠡᠪᠲᠡᠷᠡᠯᠴᠡᠨ ᠵᠣᠬᠢᠴᠠᠯᠳᠤᠵᠤ᠂ | ᠬᠠᠮᠲᠤ ᠪᠠᠷ ᠠᠷᠭᠠᠴᠠᠬᠤ ᠠᠷᠭ᠎ᠠ ᠬᠡᠮᠵᠢᠶ᠎ᠡ ᠠᠪᠴᠠᠢ᠃ 7 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ | ᠵᠠᠰᠠᠬᠤ ᠣᠷᠣᠨ ᠤ ᠭᠠᠮᠰᠢᠭ ᠢ ᠬᠥᠩᠭᠡᠷᠡᠭᠦᠯᠬᠦ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠠᠴᠠ ᠪᠦᠬᠦ ᠣᠷᠣᠨ ᠤ | ᠱᠠᠲᠤ ᠦᠶ᠎ᠡ ᠶᠢᠨ ᠴᠢᠨᠠᠷᠲᠠᠢ ᠭᠠᠮᠰᠢᠭ ᠤᠨ ᠪᠠᠶᠢᠳᠠᠯ ᠢ ᠵᠥᠪᠳᠡᠯᠴᠡᠬᠦ ᠬᠤᠷᠠᠯ ᠢ ᠵᠤᠬᠢᠶᠠᠨ ᠪᠠᠶᠢᠭᠤᠯᠤᠨ | ᠬᠤᠷᠠᠯᠳᠤᠭᠤᠯᠵᠤ᠂ ᠭᠠᠮᠰᠢᠭ ᠤᠨ ᠪᠠᠶᠢᠳᠠᠯ ᠤᠨ ᠲᠤᠭ᠎ᠠ ᠪᠠᠷᠢᠮᠲᠠ ᠶᠢ ᠦᠨᠡᠯᠡᠨ ᠵᠢᠱᠢᠵᠦ᠂ ᠮᠠᠭᠠᠳᠯᠠᠨ ᠲᠣᠭᠲᠠᠭᠠᠵᠤ᠂ | 2016 ᠣᠨ ᠤ 7 ᠳ᠋ᠤᠭᠠᠷ ᠰᠠᠷ᠎ᠠ ᠶᠢᠨ 22 ᠤᠨ ᠡᠳᠦᠷ ᠤᠨ 10 ᠴᠠᠭ ᠠᠴᠠ ᠥᠪᠡᠷᠲᠡᠭᠡᠨ ᠵᠠᠰᠠᠬᠤ ᠣᠷᠣᠨ ᠤ | ᠭᠠᠩ ᠬᠠᠭᠰᠠᠷᠠᠭᠠᠨ ᠤ ᠳᠥᠷᠪᠡᠳᠦᠭᠡᠷ ᠳᠡᠰ ᠤᠨ ᠭᠠᠮᠰᠢᠭ ᠠᠴᠠ ᠠᠪᠤᠷᠠᠵᠤ ᠪᠠᠴᠢᠮ ᠪᠠᠶᠢᠳᠠᠯ ᠢ ᠠᠷᠭᠠᠴᠠᠬᠤ | ᠲᠤᠰᠬᠠᠯ ᠢ ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3000 ᠲᠦᠮᠡᠨ | ᠲᠥᠭᠦᠷᠢᠭ ᠤᠨ ᠭᠠᠩ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠪᠡᠯᠡ ᠮᠥᠩᠭᠦ | ᠲᠣᠬᠢᠷᠠᠭᠤᠯᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠢᠢᠳᠪᠦᠷᠢᠯᠡᠬᠦ ᠳᠤ ᠬᠡᠷᠡᠭᠯᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ 6 ᠳ᠋ᠤᠭᠠᠷ ᠰᠠᠷ᠎ᠠ ᠠᠴᠠ 7 ᠳ᠋ᠤᠭᠠᠷ ᠰᠠᠷ᠎ᠠ | ᠪᠣᠯᠲᠠᠯ᠎ᠠ᠂ ᠤᠷᠢᠳ ᠬᠤᠵᠢᠳ ᠲᠢᠩᠬᠢᠮ ᠤᠨ ᠤᠳᠤᠷᠢᠳᠤᠯᠭ᠎ᠠ ᠪᠠᠷ ᠳᠠᠭᠠᠭᠤᠯᠤᠭᠰᠠᠨ ᠠᠵᠢᠯ ᠤᠨ ᠳᠤᠭᠤᠶᠢᠯᠠᠩ ᠢ | 6 ᠤᠳᠠᠭ᠎ᠠ ᠲᠣᠮᠢᠯᠠᠨ ᠬᠦᠨᠳᠦ ᠭᠠᠮᠰᠢᠭᠳᠠᠭᠰᠠᠨ ᠣᠷᠣᠨ ᠳᠤ ᠬᠦᠷᠴᠦ ᠭᠠᠮᠰᠢᠭ ᠤᠨ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠪᠠ᠃ ᠡᠭᠦᠨ ᠠᠴᠠ ᠭᠠᠳᠠᠨ᠎ᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ 6 ᠳ᠋ᠤᠭᠠᠷ ᠰᠠᠷ᠎ᠠ ᠶᠢᠨ ᠳᠤᠮᠳᠠᠴᠢ ᠪᠠᠷ ᠡᠯ᠎ᠡ | ᠠᠶᠢᠮᠠᠭ ᠬᠤᠲᠠ᠂ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠤᠨ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠬᠢᠭᠰᠡᠨ ᠪᠠᠶᠢᠳᠠᠯ ᠤᠨ ᠲᠤᠬᠠᠶ ᠪᠠᠶᠢᠴᠠᠭᠠᠯᠲᠠ ᠬᠢᠵᠦ᠂ ᠭᠠᠮᠰᠢᠭ ᠠᠴᠠ | ᠠᠪᠤᠷᠠᠬᠤ ᠲᠤᠨᠤᠭ ᠲᠦᠬᠦᠭᠡᠷᠦᠮᠵᠢ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠬᠡᠷᠡᠭᠯᠡᠬᠦ ᠳᠤ ᠪᠡᠯᠡᠬᠡᠨ ᠪᠠᠶᠢᠯᠭᠠᠵᠤ᠂ | ᠭᠠᠷᠭᠠᠪᠠᠰᠤ ᠵᠣᠬᠢᠬᠤ ᠦᠢᠯᠡᠳᠦᠯ ᠪᠠᠳᠠᠷᠠᠭᠤᠯᠬᠤ ᠶᠢ ᠦᠨᠡᠨ ᠬᠦ ᠪᠠᠲᠤᠯᠠᠪᠠ᠃ ᠰᠠᠯᠬᠢᠨ ᠮᠥᠨᠳᠥᠷ᠂ ᠦᠶᠡᠷ | ᠤᠰᠤᠲᠤᠯ ᠤᠨ ᠭᠠᠮᠰᠢᠭ ᠤᠨ ᠪᠠᠶᠢᠳᠠᠯ ᠲᠠᠢ ᠤᠶᠠᠯᠳᠤᠭᠤᠯᠤᠨ ᠨᠡᠯᠢᠶᠡᠳ ᠬᠦᠨᠳᠦ ᠨᠣᠴᠢᠲᠠᠶ ᠭᠠᠮᠰᠢᠭᠳᠠᠭᠰᠠᠨ ᠭᠠᠵᠠᠷ | ᠣᠷᠣᠨ ᠳᠤ 3500 ᠮᠠᠶᠢᠬᠠᠨ᠂ 8500 ᠬᠥᠪᠥᠩ ᠬᠥᠨᠵᠢᠯᠡ ᠳᠡᠪᠢᠰᠬᠡᠷ᠂ 1000 ᠡᠪᠬᠡᠮᠡᠯ ᠣᠷᠣ ᠵᠡᠷᠭᠡ | ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠴᠦ᠂ ᠣᠷᠣᠨ ᠨᠤᠲᠤᠭ ᠤᠨ ᠭᠠᠮᠰᠢᠭᠳᠠᠭᠰᠠᠨ | ᠣᠯᠠᠨ ᠲᠦᠮᠡᠨ ᠢ ᠲᠦᠷ ᠴᠠᠭ ᠰᠢᠯᠵᠢᠭᠦᠯᠦᠨ ᠲᠣᠬᠢᠷᠠᠭᠤᠯᠬᠤ ᠠᠵᠢᠯ ᠢ ᠰᠠᠶᠢᠲᠤᠷ ᠬᠢᠬᠦ ᠳᠤ ᠳᠡᠮᠵᠢᠯᠭᠡ ᠦᠵᠡᠭᠦᠯᠪᠡ᠃ | |