ᠣᠳᠣᠬᠠᠨ ᠪᠣᠯᠲᠠᠯ᠎ᠠ᠂ ᠪᠦᠬᠦ ᠣᠷᠣᠨ ᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 382.2 ᠲᠦᠮᠡ | ᠪᠠᠶᠢᠵᠤ᠂ ᠪᠦ᠋ᠬᠦ ᠣᠷᠣᠨ ᠤ ᠶᠡᠷᠦᠩᠬᠡᠶ ᠬᠥᠮᠦᠨ ᠠᠮᠠ ᠶᠢᠨ 15.6% ᠶᠢ ᠡᠵᠡᠯᠡᠵᠦ ᠪᠠᠶᠢᠨ᠎ᠠ︔ 80 ᠨᠠᠰᠤᠨ ᠠᠴᠠ | ᠳᠡᠭᠡᠭᠰᠢᠬᠢ ᠥᠨᠳᠥᠷ ᠨᠠᠰᠤᠲᠠᠳ 80.7 ᠲᠦᠮᠡ ᠪᠠᠶᠢᠵᠤ᠂ ᠨᠠᠰᠤᠲᠠᠶᠢᠴᠤᠳ ᠤᠨ 21% ᠶᠢ ᠡᠵᠡᠯᠡᠵᠦ᠂ ᠬᠤᠳᠠ | ᠬᠥᠳᠡᠭᠡ ᠶᠢᠨ ᠭᠠᠨᠢ ᠨᠠᠰᠤᠲᠠᠨ ᠤ ᠭᠡᠷ ᠪᠦᠯᠢ 30% ᠳᠤ ᠤᠶᠢᠷᠠᠲᠤᠵᠤ᠂ ᠬᠥᠮᠦᠨ ᠠᠮᠠ ᠬᠠᠷᠢᠴᠠᠩᠭᠤᠶ | ᠲᠥᠪᠯᠡᠷᠡᠭᠰᠡᠨ ᠬᠡᠳᠦᠨ ᠬᠤᠲᠠ ᠳᠤ ᠨᠢᠭᠡᠨᠲᠡ 50% ᠤᠷᠴᠢᠮ ᠪᠣᠯᠵᠠᠶ᠃ ᠨᠡᠶᠢᠭᠡᠮ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠬᠥᠭᠵᠢᠭᠦᠯᠵᠦ᠂ ᠬᠥᠮᠦᠨ ᠠᠮᠠ ᠶᠢᠨ ᠨᠠᠰᠤᠵᠢᠯᠲᠠ ᠶᠢᠨ | ᠠᠰᠠᠭᠤᠳᠠᠯ ᠢ ᠪᠦᠲᠦᠮᠵᠢᠲᠡᠶ ᠠᠷᠭᠠᠴᠠᠬᠤ ᠨᠢ ᠨᠢᠭᠡᠨᠲᠡ ᠥᠪᠥᠷ ᠮᠣᠩᠭᠤᠯ ᠤᠨ ᠡᠯ᠎ᠡ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠰᠡᠳᠬᠢᠯ ᠲᠠᠯᠪᠢᠵᠤ ᠪᠠᠶᠢᠭ᠎ᠠ᠂ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠠᠲᠠᠵᠤ | ᠪᠠᠶᠢᠭ᠎ᠠ᠂ ᠣᠯᠠᠨ ᠲᠦᠮᠡᠨ ᠤ ᠰᠢᠢᠳᠪᠦᠷᠢᠯᠡᠬᠦ ᠶᠢ ᠲᠤᠯᠭᠠᠮ᠎ᠠ ᠬᠦᠰᠡᠵᠦ ᠪᠠᠶᠢᠭ᠎ᠠ ᠠᠷᠠᠳ ᠤᠨ ᠠᠮᠢᠳᠤᠷᠠᠯ ᠤᠨ | ᠴᠢᠬᠤᠯᠠ ᠶᠡᠭᠡ ᠠᠰᠠᠭᠤᠳᠠᠯ ᠪᠤᠯᠵᠠᠢ᠃ | ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠭᠤᠷᠪᠠᠳᠤᠭᠠᠷ | ᠲᠠᠪᠤᠨ ᠵᠢᠯ﹀ ᠤᠨ ᠬᠤᠭᠤᠴᠠᠭᠠᠨ ᠳᠠᠬᠢ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ | ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠬᠠᠮᠲᠤᠷᠠᠨ ᠨᠡᠶᠢᠲᠡᠯᠡᠪᠡ᠃ | ︽ᠲᠥᠯᠥᠪᠵᠢᠭᠦᠯᠭᠡ︾ ᠳᠤ ᠲᠤᠳᠤᠷᠬᠠᠶᠢᠯᠠᠭᠰᠠᠨ ᠢᠶᠠᠷ ᠪᠤᠯ 2020 ᠣᠨ ᠪᠣᠯᠬᠤ ᠳᠤ᠂ ᠠᠯᠪᠠᠨ ᠠᠴᠠ | ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠᠷ ᠬᠡᠪ ᠳᠦᠷᠢᠮ ᠪᠤᠯᠭᠠᠵᠤ᠂ ᠪᠤᠰᠤᠳ ᠥᠮᠴᠢᠯᠡᠯ ᠤᠨ | ᠬᠡᠯᠪᠡᠷᠢ ᠶᠢᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠᠷ ᠭᠤᠣᠯᠯᠠᠭᠴᠢ ᠬᠦᠴᠦᠨ ᠪᠣᠯᠭᠠᠵᠤ᠂ | ᠨᠠᠰᠤᠲᠠᠳ ᠲᠤ ᠭᠡᠷ ᠲᠤᠨᠢ ᠠᠰᠠᠷᠠᠮᠵᠢ ᠬᠦᠷᠲᠡᠭᠡᠬᠦ ᠪᠠᠷ ᠰᠠᠭᠤᠷᠢ ᠪᠤᠯᠭᠠᠵᠤ᠂ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢᠶᠠᠷ ᠲᠦᠰᠢᠭ ᠪᠣᠯᠭᠠᠵᠤ᠂ ᠪᠠᠶᠢᠭᠤᠯᠤᠮᠵᠢ ᠶᠢᠨ ᠨᠠᠰᠤᠲᠠᠨ ᠤ | ᠠᠰᠠᠷᠠᠮᠵᠢ ᠪᠠᠷ ᠨᠥᠬᠦᠪᠥᠷᠢ ᠪᠤᠯᠭᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ | ᠦᠨᠳᠦᠰᠦᠨ ᠳᠡᠭᠡᠨ ᠪᠠᠶᠢᠭᠤᠯᠵᠤ᠂ ᠤᠷᠤ ᠶᠢᠨ ᠪᠠᠶᠢᠷᠢᠯᠠᠭᠤᠯᠤᠯᠲᠠ ᠶᠢ ᠡᠳᠦᠷ ᠢᠷᠡᠬᠦᠶ᠎ᠡ ᠵᠦᠢ ᠵᠣᠬᠢᠰᠲᠠᠶ ᠪᠤᠯᠬᠤ ᠶᠢ | ᠠᠬᠢᠭᠤᠯᠵᠤ᠂ ᠰᠤᠪᠢᠯᠠᠬᠤ ᠬᠡᠯᠪᠡᠷᠢ ᠶᠢᠨ ᠣᠷᠣ ᠶᠢ ᠪᠠᠶᠢᠭᠤᠯᠤᠮᠵᠢ ᠶᠢᠨ ᠣᠷᠣ ᠶᠢᠨ ᠲᠤᠭ᠎ᠠ ᠶᠢᠨ ᠳᠤᠲᠤᠷ᠎ᠠ ᠡᠵᠡᠯᠡᠬᠦ | ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠦᠨ᠎ᠡ︔ ᠬᠤᠳᠠ ᠶᠢᠨ ᠭᠡᠷ ᠲᠡᠭᠡᠨ ᠪᠤᠶᠤ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠦᠷᠲᠡᠬᠦ ᠪᠦᠷᠬᠦᠴᠡ ᠶᠢᠨ ᠨᠤᠷᠮ᠎ᠠ ᠶᠢ 90% | ᠳᠤ ᠬᠦᠷᠦᠭᠦᠯᠦᠨ᠎ᠡ︔ ᠬᠥᠳᠡᠭᠡ ᠲᠣᠰᠬᠤᠨ ᠤ ᠭᠡᠷ ᠲᠡᠭᠡᠨ ᠪᠤᠶᠤ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠬᠦᠷᠲᠡᠬᠦ ᠪᠦᠷᠬᠦᠴᠡ ᠶᠢᠨ ᠨᠤᠷᠮ᠎ᠠ ᠶᠢ 60% ᠬᠦᠷᠦᠭᠦᠯᠦᠨ᠎ᠡ᠃ ᠪᠦᠬᠦ | ᠣᠷᠣᠨ ᠤ ᠮᠢᠩᠭᠠᠨ ᠨᠠᠰᠤᠲᠠᠨ ᠪᠦᠷᠢ 60 ᠨᠠᠰᠤᠵᠢᠯ ᠤᠨ ᠠᠰᠠᠷᠠᠮᠵᠢ ᠶᠢᠨ ᠣᠷᠣ ᠲᠠᠢ ᠪᠤᠯᠭᠠᠨ᠎ᠠ᠃ | ︽ᠲᠥᠯᠥᠪᠵᠢᠭᠦᠯᠭᠡ︾ ᠳᠤ ᠲᠤᠳᠤᠷᠬᠠᠶᠢᠯᠠᠭᠰᠠᠨ ᠢᠶᠠᠷ ᠪᠤᠯ᠂ ᠨᠡᠶᠢᠭᠡᠮ ᠲᠣᠭᠤᠷᠢᠭ ᠤᠨ ᠭᠡᠷ ᠲᠤᠨᠢ | ᠠᠰᠠᠷᠠᠮᠵᠢ ᠬᠦᠷᠲᠡᠭᠡᠬᠦ ᠦᠢᠯᠡᠴᠢᠯᠡᠭᠡᠨ ᠤ ᠠᠵᠤ ᠠᠬᠤᠶᠢᠯᠠᠯ ᠪᠠ ︽ᠢᠨᠲ᠋ᠧᠷ ᠰᠦᠯᠵᠢᠶ᠎ᠡ +︾ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠢᠳᠡᠪᠬᠢᠲᠡᠶ ᠪᠤᠶᠢᠵᠢᠭᠤᠯᠵᠤ᠂ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠬᠤᠭᠤᠴᠠᠭᠠᠨ ᠳᠤ᠂ ᠭᠡᠷ ᠲᠤᠨᠢ ᠠᠰᠠᠷᠠᠮᠵᠢ ᠬᠦᠷᠲᠡᠭᠡᠬᠦ ᠦᠢᠯᠡᠴᠢᠯᠡᠭᠡᠨ ᠤ ᠰᠢᠰᠲ᠋ᠧᠮ ᠢ ᠪᠦᠬᠦ | ᠬᠦᠴᠦ ᠪᠠᠷ ᠢᠶᠠᠨ ᠥᠷᠭᠡᠳᠬᠡᠵᠦ᠂ ︽12349︾ ᠠᠷᠠᠳ ᠲᠤ ᠳᠥᠭᠦᠮ ᠦᠵᠡᠭᠦᠯᠦᠨ ᠨᠠᠰᠤᠲᠠᠳ ᠲᠤ | ᠦᠢᠯᠡᠴᠢᠯᠡᠬᠦ ᠦᠢᠯᠡᠴᠢᠯᠡᠭᠡᠨ ᠤ ᠲᠠᠪᠴᠠᠩ ᠤᠨ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠵᠤ᠂ | ᠠᠮᠢᠳᠦᠷᠠᠯ ᠢᠶᠠᠨ ᠠᠷᠭᠠᠴᠠᠬᠤ᠂ ᠭᠡᠷ ᠠᠬᠤᠶ ᠶᠢᠨ ᠦᠢᠯᠡᠴᠢᠯᠡᠭᠡ᠂ ᠣᠶᠣᠨ ᠰᠠᠨᠠᠭᠠᠨ ᠤ ᠲᠠᠶᠢᠳᠬᠤᠷᠠᠭᠤᠯᠤᠯ᠂ ᠡᠮ | ᠡᠮᠨᠡᠯᠭᠡ ᠡᠷᠡᠭᠦᠯ ᠮᠡᠡᠳᠦ ᠶᠢ ᠬᠠᠮᠠᠭᠠᠯᠠᠬᠤ ᠵᠡᠷᠭᠡ ᠴᠢᠬᠤᠯᠠ ᠪᠦᠬᠦᠢ ᠲᠤᠰᠬᠠᠶᠢᠵᠢᠭᠤᠯᠤᠭᠰᠠᠨ ᠦᠢᠯᠡᠴᠢᠯᠡᠭᠡ ᠶᠢ | ᠪᠦᠲᠦᠮᠵᠢᠲᠡᠶ ᠬᠠᠩᠭᠠᠨ᠎ᠠ᠃ ᠰᠢᠨ᠎ᠡ ᠪᠠᠷ ᠬᠤᠲᠠ ᠲᠣᠭᠤᠷᠢᠭ ᠪᠠ ᠣᠷᠣᠨ ᠰᠠᠭᠤᠴᠠ ᠶᠢᠨ ᠲᠣᠭᠤᠷᠢᠭ ︵ᠵᠢᠵᠢᠭ︶ | ᠪᠠᠶᠢᠭᠤᠯᠬᠤ ᠳᠤ᠂ ᠱᠠᠭᠠᠷᠳᠠᠯᠭ᠎ᠠ ᠶᠣᠰᠣᠭᠠᠷ ᠨᠡᠶᠢᠭᠡᠮ ᠲᠣᠭᠤᠷᠢᠭ ᠤᠨ ᠡᠳᠦᠷ ᠲᠣᠲᠣᠮ ᠤᠨ ᠬᠠᠷᠠᠭᠠᠯᠵᠠᠬᠤ | ᠪᠠᠶᠢᠭᠤᠯᠤᠮᠵᠢ ᠶᠢ ᠢᠵᠢ ᠪᠦᠷᠢᠳᠦᠭᠦᠯᠦᠨ ᠪᠦᠳᠦᠭᠡᠠ ᠪᠠᠶᠢᠭᠤᠯᠬᠤ ᠶᠢᠨ ᠬᠠᠮᠲᠤ ᠣᠷᠣᠨ ᠰᠠᠭᠤᠴᠠ ᠯᠤᠭ᠎ᠠ ᠵᠡᠷᠭᠡ | ᠲᠤᠨᠢ ᠲᠥᠯᠥᠪᠵᠢᠭᠦᠯᠵᠦ᠂ ᠵᠡᠷᠭᠡ ᠲᠤᠨᠢ ᠪᠥᠳᠥᠭᠡᠨ ᠪᠠᠶᠢᠭᠤᠯᠵᠤ᠂ ᠵᠡᠷᠭᠡ ᠲᠤᠨᠢ ᠰᠢᠯᠭᠠᠨ ᠠᠪᠴᠤ᠂ ᠵᠡᠷᠭᠡ ᠲᠤᠨᠢ | ᠲᠤᠰᠢᠶᠠᠨ ᠦᠭᠴᠦ ᠬᠡᠷᠡᠭᠯᠡᠭᠦᠯᠦᠨ᠎ᠡ᠃ ᠬᠠᠭᠤᠴᠢᠨ ᠬᠤᠲᠠ ᠲᠣᠭᠤᠷᠢᠭ ᠪᠠ ᠨᠢᠭᠡᠨᠲᠡ ᠪᠠᠶᠢᠭᠤᠯᠤᠭᠰᠠᠨ ᠣᠷᠣᠨ | ᠰᠠᠭᠤᠴᠠ ᠶᠢᠨ ᠲᠣᠭᠤᠷᠢᠭ ︵ᠵᠢᠵᠢᠭ︶ ᠲᠤ ᠨᠡᠶᠢᠭᠡᠮ ᠲᠣᠭᠤᠷᠢᠭ ᠤᠨ ᠡᠳᠦᠷ ᠲᠣᠲᠣᠮ ᠤᠨ ᠬᠠᠷᠠᠭᠠᠯᠵᠠᠬᠤ | ᠪᠠᠶᠢᠭᠤᠯᠤᠮᠵᠢ ᠦᠭᠡᠢ ᠪᠤᠶᠤ ᠣᠳᠣ ᠪᠠᠶᠢᠭ᠎ᠠ ᠪᠡᠯᠡᠳᠬᠡᠮᠵᠢ ᠨᠢ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠬᠦᠷᠦᠭᠰᠡᠨ | ᠦᠭᠡᠢ ᠪᠤᠯ ᠬᠤᠳᠠᠯᠳᠤᠨ ᠠᠪᠬᠤ᠂ ᠰᠣᠯᠢᠬᠤ᠂ ᠲᠦᠷᠢᠶᠡᠰᠦᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠨᠡᠶᠢᠭᠡᠮ | ᠲᠣᠭᠤᠷᠢᠭ ᠤᠨ ᠡᠳᠦᠷ ᠲᠣᠲᠣᠮ ᠤᠨ ᠬᠠᠷᠠᠭᠠᠯᠵᠠᠬᠤ ᠪᠠᠶᠢᠭᠤᠯᠤᠮᠵᠢ ᠪᠠᠶᠢᠭᠤᠯᠤᠨ᠎ᠠ᠃ 2020 ᠣᠨ ᠪᠣᠯᠬᠤ ᠳᠤ᠂ | ᠪᠥᠬᠦ ᠣᠷᠣᠨ ᠤ 50% ᠶᠢᠨ ᠨᠡᠶᠢᠭᠡᠮ ᠲᠣᠭᠤᠷᠢᠭ ᠲᠤ ᠨᠠᠰᠤᠲᠠᠶᠢᠴᠤᠳ ᠤᠨ ᠡᠳᠦᠷ ᠲᠣᠲᠣᠮ ᠤᠨ ᠬᠠᠷᠠᠭᠠᠯᠵᠠᠬᠤ | ᠲᠥᠪ ︵ᠨᠠᠰᠤᠲᠠᠨ ᠢ ᠠᠰᠠᠷᠠᠬᠤ ᠭᠠᠵᠠᠷ᠂ ᠨᠠᠰᠤᠲᠠᠶᠢᠴᠤᠳ ᠤᠨ ᠠᠵᠢᠯᠯᠠᠭᠠᠨ ᠤ ᠲᠥᠪ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ︶ ᠨᠢᠭᠡ ᠶᠢ ᠪᠠᠶᠢᠭᠤᠯᠵᠤ᠂ ᠭᠡᠷ ᠲᠤᠨᠢ ᠠᠰᠠᠷᠠᠮᠵᠢ ᠬᠦᠷᠲᠡᠭᠡᠬᠦ | ᠦᠢᠯᠡᠴᠢᠯᠡᠭᠡᠨ ᠤ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠨ᠎ᠡ᠃ |