ᠥᠪᠥᠷ ᠵᠠᠰᠠᠭ ᠲᠠᠷᠬᠠᠭᠠᠭᠰᠠᠨ ﹇2016﹈ 23 ᠳ᠋ᠤᠭᠠᠷ ᠲᠤᠭᠠᠳᠤ | 2 ᠳ᠋ᠤᠭᠠᠷ ᠰᠠᠷ᠎ᠠ ᠶᠢᠨ 6 ᠤ ᠡᠳᠥᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠦᠨᠳᠦᠰᠦᠲᠡᠨ ᠤ ᠰᠤᠷᠭᠠᠨ ᠬᠦᠮᠦᠵᠢᠯ ᠢ ᠲᠦᠷᠭᠡᠳᠭᠡᠨ ᠬᠥᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠣᠭᠲᠠᠭᠠᠯ︾ ︵ᠲᠥᠷᠥ ᠲᠠᠷᠬᠠᠭᠠᠭᠰᠠᠨ ﹇2015﹈ 46 ᠳ᠋ᠤᠭᠠᠷ ᠲᠣᠭᠠᠲᠤ︶ ᠪᠠ ᠵᠢᠷᠭᠤᠳᠤᠭᠠᠷ | ᠤᠳᠠᠭᠠᠨ ᠤ ᠪᠦᠬᠦ ᠤᠯᠤᠰ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ | ᠬᠥᠭᠵᠢᠯᠲᠡ ᠶᠢ ᠲᠦᠷᠭᠡᠳᠭᠡᠬᠦ ᠶᠢᠨ ᠲᠤᠰᠠᠳᠠ᠂ ᠮᠠᠨ ᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠡᠳᠦᠭᠡ | ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠰᠤᠷᠭᠠᠨ ᠬᠦᠮᠦᠵᠢᠯ ᠤᠨ ᠵᠢᠯᠤᠭᠤᠳᠬᠤ ᠦᠵᠡᠯ | ᠰᠠᠨᠠᠭ᠎ᠠ᠂ ᠦᠨᠳᠦᠰᠦᠨ ᠵᠠᠷᠴᠢᠮ ᠪᠠ ᠬᠥᠭᠵᠢᠭᠦᠯᠬᠦ ᠬᠠᠷᠠᠯᠲᠠ ᠶᠢ ᠤᠯᠠᠮ ᠨᠢᠭᠡ ᠠᠯᠬᠤᠮ ᠲᠣᠳᠤᠷᠬᠠᠶᠢᠯᠠᠨ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ | ᠮᠠᠨᠳᠤᠭᠤᠯᠵᠤ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠦᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠪᠠ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯ ᠶᠣᠰᠣᠭᠠᠷ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠪᠠ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠬᠢᠨᠠᠮᠠᠭᠠᠢ ᠬᠡᠷᠡᠭᠵᠢᠭᠦᠯᠦᠨ᠂ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠭᠦᠯᠬᠦ ᠪᠠᠷ | ᠦᠨᠳᠦᠰᠦᠨ ᠡᠭᠦᠷᠭᠡ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢ ᠪᠤᠶᠢᠵᠢᠭᠤᠯᠬᠤ | ᠪᠠ ᠪᠠᠳᠠᠷᠠᠭᠤᠯᠵᠦ᠂ ᠶᠤᠰᠤ ᠮᠤᠷᠠᠯ ᠤᠶᠤᠨ ᠤᠬᠠᠭᠠᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠪᠦᠬᠦ ᠲᠠᠯ᠎ᠠ ᠪᠠᠷ | ᠬᠥᠭᠵᠢᠭᠰᠡᠨ ᠨᠡᠶᠢᠭᠡᠮ ᠵᠢᠷᠤᠮ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠣᠯᠣᠨ ᠨᠠᠶᠢᠳᠠᠪᠤᠷᠢᠲᠠᠢ | ᠵᠠᠯᠭᠠᠮᠵᠢᠯᠠᠭᠴᠢ ᠶᠢ ᠬᠦᠮᠦᠵᠢᠭᠦᠯᠦᠨ᠎ᠡ︔ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠦᠢᠯᠡᠴᠢᠯᠡᠬᠦ᠂ | ᠠᠷᠠᠳ ᠤᠨ ᠰᠡᠳᠬᠢᠯ ᠢ ᠨᠢᠭᠲᠠᠷᠠᠭᠤᠯᠬᠤ ᠪᠠᠷ ᠴᠢᠬᠤᠯᠠ ᠤᠳᠤᠷᠢᠳᠤᠮᠵᠢ ᠪᠣᠯᠭᠠᠵᠤ᠂ ᠴᠦᠬᠡᠨ ᠲᠣᠭᠠᠲᠤ | ᠦᠨᠳᠦᠰᠦᠲᠡᠨ ᠤ ᠣᠯᠠᠨ ᠲᠦᠮᠡᠨ ᠤ ᠲᠤᠰ ᠦᠨᠳᠦᠰᠦᠲᠡᠨ ᠤ ᠦᠭᠡ ᠬᠡᠯᠡ ᠦᠰᠦᠭ ᠪᠢᠴᠢᠭ ᠪᠠ ᠤᠯᠤᠰ ᠲᠤ | ᠨᠡᠶᠢᠳᠡᠮ ᠬᠡᠷᠡᠭᠯᠡᠭᠳᠡᠬᠦ ᠦᠭᠡ ᠬᠡᠯᠡ ᠦᠰᠦᠭ ᠪᠢᠴᠢᠭ ᠢᠶᠠᠷ ᠰᠤᠷᠭᠠᠨ ᠬᠦᠮᠦᠵᠢᠯ ᠬᠦᠷᠲᠡᠬᠦ ᠡᠷᠬᠡ ᠠᠰᠢᠭ ᠢ ᠨᠢ | ᠪᠠᠲᠤᠯᠠᠨ᠂ ᠰᠢᠨᠵᠢᠯᠡᠬᠦ ᠤᠬᠠᠭᠠᠨ ᠰᠤᠶᠤᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠰᠢᠯᠢᠳᠡᠭ ᠤᠯᠠᠮᠵᠢᠯᠠᠯᠲᠤ ᠰᠤᠶᠤᠯ ᠢ ᠤᠯᠠᠮᠵᠢᠯᠠᠨ ᠵᠠᠯᠭᠠᠮᠵᠢᠯᠠᠬᠤ ᠪᠠ ᠴᠡᠴᠡᠭᠯᠡᠨ ᠬᠥᠭᠵᠢᠭᠦᠯᠵᠦ᠂ ᠡᠬᠡ ᠤᠯᠤᠰ ᠤᠨ | ᠤᠮᠠᠷᠠᠲᠤ ᠬᠢᠯᠢ ᠶᠢᠨ ᠦᠨᠳᠦᠰᠦᠲᠡᠨ ᠤ ᠪᠦᠯᠬᠦᠮᠳᠡᠯ᠂ ᠠᠵᠤ ᠠᠬᠤᠢ ᠨᠡᠶᠢᠭᠡᠮ ᠤᠨ ᠡᠶ᠎ᠡ ᠵᠣᠬᠢᠴᠠᠩᠭᠤᠢ | ᠬᠥᠭᠵᠢᠯᠲᠡ ᠶᠢ ᠠᠬᠢᠭᠤᠯᠬᠤ ᠳᠤ ᠰᠢᠨ᠎ᠡ ᠪᠦᠭᠡᠳ ᠨᠡᠩ ᠶᠡᠭᠡ ᠬᠤᠪᠢ ᠨᠡᠮᠡᠷᠢ ᠪᠠᠨ ᠦᠵᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ᠃ | ᠰᠤᠷᠭᠠᠭᠤᠯᠢ ᠡᠷᠬᠢᠯᠡᠬᠦ ᠵᠥᠪ ᠣᠨᠣᠪᠴᠢᠲᠠᠢ ᠴᠢᠭᠯᠡᠯ ᠢ ᠪᠠᠷᠢᠮᠲᠠᠯᠠᠨ᠎ᠠ᠃ ᠨᠠᠮ ᠤᠨ ᠤᠯᠤᠰ ᠲᠥᠷᠥ ᠶᠢᠨ | ᠤᠳᠤᠷᠢᠳᠤᠯᠭ᠎ᠠ᠂ ᠦᠵᠡᠯ ᠰᠠᠨᠠᠭ᠎ᠠ ᠶᠢᠨ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠤᠨ ᠪᠦᠬᠦ ᠶᠠᠪᠤᠴᠠ ᠳᠤ ᠭᠤᠶᠢᠪᠢᠰᠢ ᠦᠭᠡᠢ ᠲᠤᠤᠱᠯᠠᠭᠤᠯᠵᠤ᠂ | ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠶᠢᠨ ᠴᠢᠭᠯᠡᠯ ᠢ ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠡᠬᠡ ᠤᠯᠤᠰ ᠤᠨ ᠨᠢᠭᠡᠲᠦᠯ ᠢ ᠬᠠᠮᠠᠭᠠᠯᠠᠬᠤ ᠶᠢ ᠪᠠᠷᠢᠮᠲᠠᠯᠠᠨ᠂ | ᠡᠯ᠎ᠡ ᠦᠨᠳᠦᠰᠦᠲᠡᠨ ᠤ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠰᠠᠨᠠᠭ᠎ᠠ ᠶᠢᠨ ᠰᠠᠭᠤᠷᠢ ᠶᠢ ᠪᠠᠬᠢᠵᠢᠭᠦᠯᠦᠨ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ | ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ | ᠬᠥᠭᠵᠢᠭᠦᠯᠦᠨ᠎ᠡ᠃ | ᠭᠤᠣᠯᠳᠠᠯᠭ᠎ᠠ ᠶᠢ ᠤᠷᠢᠳᠠᠪᠠᠷ ᠬᠥᠭᠵᠢᠭᠦᠯᠬᠦ ᠴᠢᠭᠯᠡᠯᠲᠡ ᠶᠢ ᠪᠠᠷᠢᠮᠲᠠᠯᠠᠨ᠎ᠠ᠃ ᠦᠨᠳᠦᠰᠦᠲᠡᠨ ᠤ ᠰᠤᠷᠭᠠᠨ | ᠬᠦᠮᠦᠵᠢᠯ ᠳᠤ ᠠᠵᠢᠯ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠶᠢ ᠤᠷᠢᠳᠠᠪᠠᠷ ᠪᠤᠳᠤᠯᠬᠢᠯᠠᠬᠤ ᠶᠢ | ᠬᠡᠷᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠦᠩᠭᠦ ᠶᠢᠨ ᠣᠷᠤᠭᠤᠯᠤᠯᠲᠠ ᠶᠢ ᠤᠷᠢᠳᠠᠪᠠᠷ ᠪᠠᠲᠤᠯᠠᠨ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠷᠢᠳᠠᠪᠠᠷ ᠲᠣᠬᠢᠷᠠᠭᠤᠯᠵᠤ᠂ ᠦᠨᠳᠦᠰᠦᠲᠡᠨ ᠤ ᠰᠤᠷᠭᠠᠨ | ᠬᠦᠮᠦᠵᠢᠯ ᠬᠢᠭᠡᠳ ᠡᠩ ᠤᠨ ᠰᠤᠷᠭᠠᠨ ᠬᠦᠮᠦᠵᠢᠯ ᠢ ᠵᠣᠬᠢᠴᠠᠯᠳᠤᠭᠤᠯᠤᠨ ᠵᠡᠷᠭᠡᠪᠡᠷ ᠵᠣᠬᠢᠬᠤ ᠬᠡᠮᠵᠢᠶ᠎ᠡ ᠪᠠᠷ | ᠤᠷᠢᠳᠴᠢᠯᠠᠨ ᠬᠥᠭᠵᠢᠭᠦᠯᠬᠦ ᠶᠢ ᠦᠨᠡᠨᠬᠦ ᠪᠠᠲᠤᠯᠠᠨ᠎ᠠ᠃ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠦᠷᠦᠯ ᠬᠤᠪᠢᠶᠠᠨ ᠵᠢᠯᠤᠭᠤᠳᠬᠤ ᠶᠢ ᠪᠠᠷᠢᠮᠲᠠᠯᠠᠨ᠎ᠠ᠃ | ᠣᠷᠣᠨ ᠤ ᠪᠠᠶᠢᠳᠠᠯ ᠤᠨ ᠣᠨᠴᠠᠯᠢᠭ ᠢ ᠭᠦᠢᠴᠡᠳ ᠪᠤᠳᠤᠯᠬᠢᠯᠠᠵᠤ᠂ ᠦᠨᠳᠦᠰᠦᠲᠡᠨ ᠤ ᠬᠦᠴᠦᠨ ᠵᠦᠢᠯ ᠪᠣᠯᠣᠨ | ᠣᠷᠣᠨ ᠪᠦᠰᠡ ᠶᠢᠨ ᠬᠦᠴᠦᠨ ᠵᠦᠢᠯ ᠢ ᠬᠠᠷᠢᠯᠴᠠᠨ ᠤᠶᠠᠯᠳᠤᠭᠤᠯᠤᠨ᠂ ᠨᠡᠶᠢᠲᠡᠯᠢᠭ ᠴᠢᠨᠠᠷ ᠲᠠᠢ ᠠᠰᠠᠭᠤᠳᠠᠯ ᠬᠢᠭᠡᠳ | ᠦᠪᠡᠷᠮᠢᠴᠡ ᠣᠨᠴᠠᠯᠢᠭ ᠢ ᠬᠠᠷᠢᠯᠴᠠᠨ ᠨᠢᠭᠡᠲᠦᠭᠦᠯᠦᠨ᠎ᠡ᠃ ᠲᠦᠭᠡᠮᠡᠯ ᠬᠠᠷᠠᠭᠠᠯᠵᠠᠯᠲᠤ ᠴᠢᠨᠠᠷᠲᠠᠢ ᠲᠥᠷᠥ ᠶᠢᠨ | ᠪᠣᠳᠣᠯᠭ᠎ᠠ ᠶᠢ ᠪᠤᠶᠢᠲᠠ ᠪᠦᠭᠯᠡᠭᠦᠦ ᠶᠠᠳᠠᠭᠤ ᠬᠦᠴᠢᠷᠳᠡᠯᠲᠡᠢ ᠭᠠᠵᠠᠷ ᠣᠷᠣᠨ᠂ ᠬᠢᠯᠢ ᠬᠢᠵᠠᠭᠠᠷ ᠣᠷᠣᠨ᠂ ᠴᠦᠬᠡᠨ | ᠲᠣᠭᠠᠲᠤ ᠦᠨᠳᠦᠰᠦᠲᠡᠨ ᠤ ᠲᠦᠪᠯᠡᠷᠡᠨ ᠰᠠᠭᠤᠭᠰᠠᠨ ᠭᠠᠵᠠᠷ ᠣᠷᠣᠨ᠂ ︽ᠭᠤᠷᠪᠠᠨ ᠴᠦᠬᠡᠨ ᠲᠣᠭᠠᠲᠤ | ᠦᠨᠳᠦᠰᠦᠲᠡᠨ︾ ᠤ ᠭᠠᠵᠠᠷ ᠣᠷᠣᠨ ᠲᠡᠰᠢ ᠬᠡᠯᠪᠠᠶᠢᠯᠭᠡᠵᠦ᠂ ᠣᠨᠴᠤᠭᠤᠢ ᠴᠢᠨᠠᠷ ᠲᠠᠢ ᠲᠥᠷᠥ ᠶᠢᠨ ᠪᠣᠳᠣᠯᠭ᠎ᠠ ᠪᠠᠷ | ᠡᠯ᠎ᠡ ᠱᠠᠲᠤᠨ ᠤ ᠡᠯ᠎ᠡ ᠲᠦᠷᠦᠯ ᠤᠨ ᠬᠤᠣᠰ ᠬᠡᠯᠡᠨ ᠤ ᠰᠤᠷᠭᠠᠨ ᠬᠦᠮᠦᠵᠢᠯ ᠤᠨ ᠰᠤᠷᠭᠠᠭᠤᠯᠢ ᠶᠢ ᠭᠤᠣᠯᠳᠠᠯᠭ᠎ᠠ ᠲᠠᠢ | ᠳᠡᠮᠵᠢᠵᠦ᠂ ᠰᠤᠷᠭᠠᠨ ᠬᠦᠮᠦᠵᠢᠯ ᠤᠨ ᠡᠷᠬᠡ ᠲᠡᠭᠰᠢ ᠪᠣᠯᠣᠨ ᠲᠡᠩᠴᠡᠭᠦᠷᠢᠲᠡᠢ ᠬᠥᠭᠵᠢᠯᠲᠡ ᠶᠢ ᠶᠡᠬᠡᠪᠡᠷ | ᠠᠬᠢᠭᠤᠯᠤᠨ᠎ᠠ᠃ | ᠪᠦᠲᠦᠴᠡ ᠪᠠ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠶᠠᠳᠠᠭᠤ ᠠᠴᠠ | ᠠᠩᠬᠢᠵᠢᠷᠠᠭᠤᠯᠵᠤ ᠪᠣᠭᠤᠮᠲᠠ ᠰᠢᠪᠲᠤᠯᠬᠤ ᠳᠠᠶᠢᠨ ᠳᠤ ᠢᠯᠠᠯᠲᠠ ᠣᠯᠬᠤ ᠲᠣᠬᠠᠢ ᠲᠥᠪ ᠪᠠ ᠦᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠪᠠ ︽ | ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠵᠣᠬᠢᠴᠠᠭᠤᠯᠤᠨ᠂ ᠰᠤᠷᠭᠠᠨ | ᠬᠦᠮᠦᠵᠢᠯ ᠤᠨ ᠪᠦᠲᠦᠴᠡ ᠶᠢ ᠰᠢᠯᠢᠳᠡᠭᠵᠢᠭᠦᠯᠵᠦ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ | ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠴᠦᠬᠡᠨ ᠲᠣᠭᠠᠲᠤ | ᠦᠨᠳᠦᠰᠦᠲᠡᠨ ᠤ ᠰᠤᠷᠤᠭᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠪᠣᠯᠣᠨ ᠵᠣᠯ | ᠵᠢᠷᠭᠠᠯᠲᠤ ᠠᠮᠢᠳᠤᠷᠠᠯ ᠢ ᠡᠭᠦᠳᠦᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠦᠨᠳᠦᠰᠦᠲᠡᠨ ᠤ ᠰᠤᠷᠭᠠᠨ | ᠬᠦᠮᠦᠵᠢᠯ ᠬᠢᠭᠡᠳ ᠠᠵᠤ ᠠᠬᠤᠢ ᠨᠡᠶᠢᠭᠡᠮ ᠤᠨ ᠵᠣᠬᠢᠴᠠᠯᠳᠤᠨ ᠬᠥᠭᠵᠢᠬᠦ ᠶᠢ ᠠᠬᠢᠭᠤᠯᠤᠨ᠎ᠠ᠃ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠤᠨ | ᠬᠥᠭᠵᠢᠯᠲᠡ ᠶᠢᠨ ᠠᠬᠢᠴᠠ ᠳᠤᠮᠳᠠᠬᠢ ᠣᠨᠴᠤᠭᠤᠢ ᠬᠦᠴᠢᠷᠳᠡᠯ ᠪᠣᠯᠣᠨ ᠳᠤᠪᠤᠶᠢᠮ᠎ᠠ ᠠᠰᠠᠭᠤᠳᠠᠯ ᠢ | ᠰᠢᠢᠳᠪᠦᠷᠢᠯᠡᠬᠦ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠭᠠᠵᠠᠷ ᠣᠷᠣᠨ ᠤ ᠢᠳᠡᠪᠬᠢᠵᠢᠯ ᠢ ᠭᠦᠢᠴᠡᠳ | ᠳᠠᠶᠢᠴᠢᠯᠠᠨ᠂ ᠠᠷᠭ᠎ᠠ ᠪᠦᠬᠦᠨ ᠢ ᠰᠦᠪᠡᠭᠴᠢᠯᠡᠨ ᠰᠢᠰᠲ᠋ᠧᠮ ᠢᠶᠠᠷ ᠢᠶᠠᠨ ᠲᠤᠰᠠᠯᠠᠯᠴᠠᠵᠤ᠂ ᠳᠣᠲᠤᠭᠠᠲᠤ ᠶᠢᠨ ᠳᠠᠯᠳᠠ | ᠬᠦᠴᠦᠨ ᠢ ᠬᠥᠭᠵᠢᠭᠡᠨ᠂ ᠦᠨᠳᠦᠰᠦᠲᠡᠨ ᠤ ᠭᠠᠵᠠᠷ ᠣᠷᠣᠨ ᠤ ᠦᠪᠡᠷ ᠤᠨ ᠬᠦᠴᠦᠨ ᠢᠶᠠᠷ ᠢᠶᠠᠨ ᠳᠡᠭᠵᠢᠷᠡᠬᠦ ᠶᠢ | ᠤᠯᠤᠰ ᠤᠨ ᠳᠡᠮᠵᠢᠯᠭᠡ ᠯᠦᠭᠡ ᠤᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠦᠨ᠎ᠡ᠃ | ᠬᠠᠤᠯᠢ ᠶᠤᠰᠤᠭᠠᠷ ᠰᠤᠷᠭᠠᠨ ᠬᠦᠮᠦᠵᠢᠯ ᠢ ᠵᠠᠰᠠᠬᠤ ᠶᠢ ᠪᠠᠷᠢᠮᠲᠠᠯᠠᠨ᠎ᠠ᠃ ᠤᠯᠤᠰ ᠤᠨ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠵᠦ᠂ ᠬᠠᠤᠯᠢ ᠪᠠᠷ ᠵᠠᠰᠠᠬᠤ ᠰᠡᠳᠬᠢᠬᠦᠢ ᠪᠣᠯᠣᠨ ᠬᠠᠤᠯᠢ ᠪᠠᠷ ᠵᠠᠰᠠᠬᠤ ᠠᠷᠭ᠎ᠠ | ᠮᠠᠶ᠋ᠢᠭ ᠢ ᠬᠡᠷᠡᠭᠯᠡᠵᠦ ᠪᠠᠶᠢᠭᠠᠳ ᠦᠨᠳᠦᠰᠦᠲᠡᠨ ᠤ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠬᠠᠤᠯᠢ ᠶᠤᠰᠤᠭᠠᠷ ᠵᠠᠰᠠᠭ ᠶᠠᠪᠤᠭᠤᠯᠬᠤ᠂ | ᠰᠤᠷᠭᠠᠭᠤᠯᠢ ᠨᠤᠭᠤᠳ ᠬᠠᠤᠯᠢ ᠶᠤᠰᠤᠭᠠᠷ ᠰᠤᠷᠭᠠᠭᠤᠯᠢ ᠡᠷᠬᠢᠯᠡᠬᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠤᠯᠢ | ᠶᠤᠰᠤᠭᠠᠷ ᠣᠷᠣᠯᠴᠠᠬᠤ ᠪᠠ ᠬᠢᠨᠠᠯᠲᠠ ᠲᠠᠯᠪᠢᠭᠰᠠᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ | ᠪᠣᠢ ᠪᠣᠯᠭᠠᠨ᠎ᠠ᠃ | ︵ᠭᠤᠷᠪᠠ︶ ᠬᠥᠭᠵᠢᠭᠦᠯᠬᠦ ᠬᠠᠷᠠᠯᠲᠠ᠃ | 2020 ᠣᠨ ᠪᠣᠯᠬᠤ ᠳᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠪᠦᠬᠦᠯᠢ ᠴᠣᠭᠴᠠ ᠶᠢᠨ | ᠬᠥᠭᠵᠢᠯᠲᠡ ᠶᠢᠨ ᠬᠢᠷᠢ ᠬᠡᠮᠵᠢᠶ᠎ᠡ ᠵᠢᠴᠢ ᠭᠤᠣᠯ ᠭᠦᠢᠴᠡᠳᠭᠡᠯ ᠲᠤᠭ᠎ᠠ ᠶᠢ ᠪᠦᠷ ᠪᠦᠬᠦ ᠣᠷᠣᠨ ᠤ ᠳᠤᠮᠳᠠᠴᠢ ᠬᠢᠷᠢ | ᠬᠡᠮᠵᠢᠶ᠎ᠠ ᠠᠴᠠ ᠦᠨᠳᠦᠷ ᠪᠣᠯᠭᠠᠬᠤ ᠶᠢᠨ ᠬᠠᠮᠲᠤ᠂ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠦᠨᠳᠦᠷ | ᠪᠣᠯᠭᠠᠵᠤ᠂ ᠦᠨᠳᠦᠰᠦᠨ ᠣᠯᠠᠨ ᠨᠡᠶᠢᠲᠡ ᠶᠢᠨ ᠰᠤᠷᠭᠠᠨ ᠬᠦᠮᠦᠵᠢᠯ ᠤᠨ ᠦᠢᠯᠡᠴᠢᠯᠡᠭᠡ ᠶᠢᠨ ᠲᠡᠩᠴᠡᠭᠦᠷᠢᠵᠢᠯᠲᠡ ᠶᠢ | ᠲᠦᠷᠭᠡᠳᠭᠡᠨ ᠪᠡᠶᠡᠯᠡᠭᠦᠯᠦᠨ᠎ᠡ᠃ 2017 ᠣᠨ ᠪᠣᠯᠬᠤ ᠳᠤ᠂ ᠴᠦᠬᠡᠨ ᠲᠣᠭᠠᠲᠤ ᠦᠨᠳᠦᠰᠦᠲᠡᠨ ᠤ ᠰᠤᠷᠬᠤ | ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠦᠮᠦᠵᠢᠯ ᠤᠨ ᠴᠡᠴᠡᠷᠯᠢᠭ ᠲᠤ ᠣᠷᠤᠬᠤ ᠪᠦᠬᠦ ᠨᠣᠷᠮ᠎ᠠ ᠶᠢ | 90% ᠠᠴᠠ ᠳᠡᠭᠡᠭᠰᠢ ᠳᠤ ᠬᠦᠷᠦᠭᠦᠯᠵᠦ᠂ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠰᠤᠷᠬᠤ | ᠨᠠᠰᠤᠨ ᠠᠴᠠ ᠡᠮᠦᠨᠡᠬᠢ ᠭᠤᠷᠪᠠᠨ ᠵᠢᠯ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠲᠦᠭᠡᠮᠡᠯᠵᠢᠭᠦᠯᠦᠨ᠎ᠡ︔ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠳᠠᠬᠢ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠪᠠᠷᠢᠮᠵᠢᠶᠠᠵᠢᠭᠤᠯᠬᠤ ᠶᠢ ᠪᠡᠶᠡᠯᠡᠭᠦᠯᠵᠦ᠂ ᠶᠢᠰᠦᠨ ᠵᠢᠯ ᠤᠨ | ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠠᠬᠢᠵᠢᠭᠦᠯᠬᠦ ᠨᠤᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠂ | ᠬᠤᠰᠢᠭᠤ ᠰᠢᠶᠠᠨ ᠤ ᠬᠡᠪᠴᠢᠶᠡᠨ ᠳᠤ ᠲᠡᠩᠴᠡᠭᠦᠷᠢᠲᠡᠢ ᠬᠥᠭᠵᠢᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ︔ | ᠮᠤᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠦᠨᠳᠦᠷ ᠳᠤᠮᠳᠠᠳᠤ ᠶᠢᠨ ᠱᠠᠲᠤ ᠦᠶ᠎ᠡ ᠶᠢᠨ ᠰᠤᠷᠭᠠᠨ | ᠬᠦᠮᠦᠵᠢᠯ ᠢ ᠦᠨᠳᠦᠷ ᠪᠠᠷᠢᠮᠵᠢᠶ᠎ᠠ ᠪᠠᠷ ᠲᠦᠭᠡᠮᠡᠯᠵᠢᠭᠦᠯᠵᠦ᠂ ᠰᠤᠷᠤᠯᠭ᠎ᠠ ᠶᠢᠨ ᠰᠦᠢᠳᠭᠡᠯ ᠬᠤᠷᠢᠶᠠᠬᠤ ᠦᠭᠡᠢ ᠪᠠ | ᠰᠤᠷᠤᠯᠭ᠎ᠠ ᠶᠢ ᠲᠡᠳᠭᠦᠬᠦ ᠬᠠᠷᠠᠭᠠᠯᠵᠠᠯᠲᠤ ᠲᠥᠷᠥ ᠶᠢᠨ ᠪᠣᠳᠣᠯᠭ᠎ᠠ ᠪᠠᠷ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ︔ | ᠴᠦᠬᠡᠨ ᠲᠣᠭᠠᠲᠤ ᠦᠨᠳᠦᠰᠦᠲᠡᠨ ᠤ ᠰᠤᠷᠤᠭᠴᠢᠳ ᠢᠯᠠᠩᠭᠤᠶ᠎ᠠ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ | ᠦᠨᠳᠦᠷ ᠳᠤᠮᠳᠠᠳᠤ ᠲᠡᠭᠦᠰᠦᠭᠰᠡᠳ ᠤᠨ ᠳᠡᠭᠡᠳᠦ ᠵᠡᠷᠭᠡ ᠶᠢᠨ ᠰᠢᠯᠢᠳᠡᠭ ᠰᠤᠷᠭᠠᠨ ᠬᠦᠮᠦᠵᠢᠯ ᠬᠦᠷᠲᠡᠬᠦ ᠳᠣᠬᠢᠶᠠᠯ ᠢ | ᠨᠡᠮᠡᠭᠳᠡᠭᠦᠯᠵᠦ᠂ ᠡᠯᠰᠡᠬᠦ ᠬᠠᠷᠢᠴᠠᠯ ᠢ ᠳᠡᠭᠡᠭᠰᠢᠯᠡᠭᠦᠯᠦᠨ᠎ᠡ︔ ᠣᠷᠣᠨ ᠤ ᠳᠤᠲᠤᠷᠠᠬᠢ ᠳᠡᠭᠡᠳᠦ ᠵᠡᠷᠭᠡ ᠶᠢᠨ | ᠰᠤᠷᠭᠠᠭᠤᠯᠢ ᠶᠢᠨ ᠮᠤᠩᠭᠤᠯ ᠢᠶᠠᠷ ᠬᠢᠴᠢᠶᠡᠯᠯᠡᠬᠦ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠶᠢ ᠨᠡᠩ ᠵᠦᠢ | ᠵᠣᠬᠢᠰᠲᠠᠢ ᠪᠣᠯᠭᠠᠵᠤ᠂ ᠬᠡᠷᠡᠭᠯᠡᠭᠡᠨ ᠤ ᠮᠠᠶ᠋ᠢᠭ ᠤᠨ᠂ ᠨᠡᠶᠢᠯᠡᠮᠡᠯ ᠬᠡᠯᠪᠡᠷᠢ ᠶᠢᠨ᠂ ᠮᠡᠷᠭᠡᠵᠢᠯ ᠤᠨ ᠪᠠ ᠮᠡᠷᠭᠡᠵᠢᠯ | ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠬᠦᠮᠦᠵᠢᠭᠦᠯᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ︔ ᠡᠯ᠎ᠡ | ᠱᠠᠲᠤᠨ ᠤ ᠡᠯ᠎ᠡ ᠲᠦᠷᠦᠯ ᠤᠨ ᠦᠨᠳᠦᠰᠦᠲᠡᠨ ᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠵᠢᠭᠠᠨ | ᠰᠤᠷᠭᠠᠯᠲᠠ ᠶᠢᠨ ᠶᠠᠰᠤ ᠴᠢᠨᠠᠷ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠰᠤᠷᠭᠠᠭᠤᠯᠢ ᠶᠢᠨ ᠵᠠᠬᠢᠷᠤᠯ ᠤᠨ | ᠡᠩᠨᠡᠭᠡ ᠶᠢᠨ ᠬᠠᠮᠢᠶᠠᠷᠤᠯᠲᠠ ᠶᠢᠨ ᠴᠢᠳᠠᠪᠤᠷᠢ ᠪᠣᠯᠣᠨ ᠪᠠᠭᠰᠢ ᠶᠢᠨ ᠡᠩᠨᠡᠭᠡ ᠶᠢᠨ ᠲᠤᠰᠬᠠᠶᠢᠵᠢᠭᠰᠠᠨ ᠬᠡᠪ ᠴᠢᠨᠠᠷ ᠨᠢ | ᠰᠤᠷᠭᠠᠨ ᠬᠦᠮᠦᠵᠢᠯ ᠤᠨ ᠤᠳᠤᠬᠢᠴᠢᠯᠠᠬᠤ ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠨ᠎ᠠ︔ ᠪᠦᠬᠦ ᠣᠷᠣᠨ ᠤ | ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠴᠢᠯᠡᠬᠦ | ᠴᠢᠳᠠᠪᠤᠷᠢ ᠶᠢ ᠢᠯᠡᠳᠲᠡ ᠨᠡᠮᠡᠭᠳᠡᠭᠦᠯᠵᠦ᠂ ᠪᠠᠷᠠᠭᠤᠨ ᠬᠡᠰᠡᠭ ᠤᠨ ᠭᠠᠵᠠᠷ ᠣᠷᠣᠨ ᠢᠯᠠᠩᠭᠤᠶ᠎ᠠ ᠪᠦᠬᠦ ᠤᠯᠤᠰ ᠤᠨ | ᠦᠨᠳᠦᠰᠦᠲᠡᠨ ᠤ ᠭᠠᠵᠠᠷ ᠣᠷᠣᠨ ᠳᠠᠬᠢ ᠲᠡᠷᠢᠭᠦᠨ ᠤ ᠬᠢᠷᠢ ᠬᠡᠮᠵᠢᠶ᠎ᠡ ᠲᠠᠢ ᠪᠠᠶᠢᠬᠤ ᠶᠢ ᠪᠠᠲᠤᠯᠠᠨ᠎ᠠ᠃ | ᠬᠤᠶᠠᠷ᠂ ᠦᠨᠳᠦᠰᠦᠲᠡᠨ ᠤ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠢ | ᠠᠬᠢᠭᠤᠯᠤᠨ᠎ᠠ | ︵ᠨᠢᠭᠡ︶ ᠦᠵᠠᠯ ᠰᠠᠨᠠᠭ᠎ᠠ ᠤᠯᠤᠰ ᠲᠥᠷᠥ ᠶᠢᠨ ᠬᠦᠮᠦᠵᠢᠯ ᠤᠨ ᠴᠢᠭᠯᠡᠭᠦᠯᠦᠯᠲᠦ ᠴᠢᠨᠠᠷ ᠪᠠ ᠪᠣᠳᠠᠳᠤ ᠦᠷ᠎ᠡ | ᠪᠦᠲᠦᠮᠵᠢᠲᠦ ᠴᠢᠨᠠᠷ ᠢ ᠨᠡᠮᠡᠭᠳᠡᠭᠦᠯᠦᠨ᠎ᠡ᠃ | ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢ | ᠤᠯᠤᠰ ᠠᠷᠠᠳ ᠤᠨ ᠰᠤᠷᠭᠠᠨ ᠬᠦᠮᠦᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠵᠤ᠂ ᠦᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ︽ᠪᠠᠭ᠎ᠠ ᠰᠤᠷᠭᠠᠭᠤᠯᠢ ᠶᠢᠨ ᠢᠷᠭᠡᠳ ᠤᠨ ᠦᠵᠡᠯ ᠤᠬᠠᠮᠰᠠᠷ᠂ ᠠᠩᠬ᠎ᠠ ᠳᠤᠮᠳᠠᠳᠤ ᠶᠢᠨ | ᠢᠷᠭᠡᠳ ᠤᠨ ᠪᠣᠯᠪᠠᠰᠤᠷᠠᠯ᠂ ᠦᠨᠳᠦᠷ ᠳᠤᠮᠳᠠᠳᠤ ᠶᠢᠨ ᠬᠢᠷᠢ ᠲᠡᠩᠴᠡᠭᠰᠡᠨ ᠢᠷᠭᠡᠳ᠂ ᠶᠡᠭᠡ ᠰᠤᠷᠭᠠᠭᠤᠯᠢ ᠶᠢᠨ ᠬᠢᠷᠢ | ᠲᠡᠩᠴᠡᠭᠰᠡᠨ ᠪᠦᠲᠦᠭᠡᠨ ᠪᠠᠶᠢᠭᠤᠯᠤᠭᠴᠢ ᠪᠠ ᠨᠠᠶᠢᠳᠠᠪᠤᠷᠢᠲᠠᠢ ᠵᠠᠯᠭᠠᠮᠵᠢᠯᠠᠭᠴᠢ︾ ᠪᠤᠯᠭᠠᠬᠤ ᠰᠤᠷᠭᠠᠨ ᠬᠦᠮᠦᠵᠢᠯ ᠤᠨ | ᠬᠡᠷᠡᠭᠵᠢᠭᠦᠯᠬᠦ ᠲᠦᠰᠦᠯ ᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠎ᠠ᠃ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠪᠣᠯᠣᠨ ᠳᠤᠮᠳᠠᠳᠤ ᠶᠢᠨ ᠵᠡᠭᠦᠳᠦ ᠶᠢᠨ ᠤᠬᠠᠭᠤᠯᠭ᠎ᠠ ᠬᠦᠮᠦᠵᠢᠯ ᠢ | ᠰᠤᠷᠤᠭᠴᠢᠳ ᠤᠨ ᠰᠤᠷᠤᠯᠭ᠎ᠠ᠂ ᠠᠮᠢᠳᠤᠷᠠᠯ ᠵᠡᠷᠭᠡ ᠶᠢᠨ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠡᠯ᠎ᠡ | ᠦᠨᠳᠦᠰᠦᠲᠡᠨ ᠤ ᠰᠤᠷᠤᠭᠴᠢᠳ ᠢ ᠬᠦᠲᠦᠯᠦᠨ ᠵᠢᠯᠤᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠳᠦᠷᠢᠮ ᠤᠨ ᠢᠲᠡᠭᠡᠯ ᠢ ᠨᠡᠮᠡᠭᠳᠡᠭᠦᠯᠦᠨ᠂ ᠵᠥᠪ | ᠣᠨᠣᠪᠴᠢᠲᠠᠢ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠱᠠᠰᠢᠨ ᠰᠤᠷᠲᠠᠬᠤᠨ ᠤ ᠦᠵᠡᠯᠲᠡ᠂ | ᠲᠡᠦᠬᠡ ᠶᠢᠨ ᠦᠵᠡᠯᠲᠡ᠂ ᠰᠤᠶᠤᠯ ᠤᠨ ᠦᠵᠡᠯᠲᠡ ᠶᠢ ᠪᠣᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠤᠨ᠎ᠠ᠃ ᠬᠠᠤᠯᠢ ᠪᠠᠷ ᠵᠠᠰᠠᠬᠤ ᠬᠦᠮᠦᠵᠢᠯ ᠢ | ᠤᠯᠤᠰ ᠠᠷᠠᠳ ᠤᠨ ᠰᠤᠷᠭᠠᠨ ᠬᠦᠮᠦᠵᠢᠯ ᠤᠨ ᠰᠢᠰᠲ᠋ᠧᠮᠵᠢ ᠳᠤ ᠣᠷᠤᠭᠤᠯᠵᠤ᠂ ᠡᠯ᠎ᠡ ᠦᠨᠳᠦᠰᠦᠲᠡᠨ ᠤ | ᠰᠤᠷᠤᠭᠴᠢᠳ ᠤᠨ ᠦᠵᠡᠯ ᠰᠠᠨᠠᠭᠠᠨ ᠳᠤᠨᠢ ᠦᠨᠳᠦᠰᠦᠲᠡᠨ ᠤ ᠪᠦᠯᠬᠦᠮᠳᠡᠯ ᠪᠣᠯᠣᠨ ᠤᠯᠤᠰ ᠤᠨ ᠨᠢᠭᠡᠲᠦᠯ ᠢ | ᠬᠠᠮᠠᠭᠠᠯᠠᠬᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠨ᠎ᠠ᠃ ᠰᠤᠷᠭᠠᠨ ᠬᠦᠮᠦᠵᠢᠯ ᠤᠨ | ᠠᠴᠢᠶᠠᠯᠠᠪᠤᠷᠢ ᠪᠣᠯᠣᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠣᠯᠠᠨ ᠶᠠᠩᠵᠤ ᠬᠡᠯᠪᠡᠷᠢ ᠶᠢᠨ ᠭᠤᠣᠯ ᠰᠡᠳᠦᠪᠲᠦ | ᠰᠤᠷᠭᠠᠨ ᠬᠦᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠦᠷᠨᠢᠭᠦᠯᠦᠨ᠎ᠡ᠃ | ︵ᠬᠤᠶᠠᠷ︶ ᠦᠨᠳᠦᠰᠦᠲᠡᠨ ᠤ ᠪᠦᠯᠬᠦᠮᠳᠡᠯ ᠤᠨ ᠰᠤᠷᠭᠠᠨ ᠬᠦᠮᠦᠵᠢᠯ ᠤᠨ ᠬᠡᠪᠰᠢᠵᠢᠭᠦᠯᠦᠭᠰᠡᠨ | ᠲᠣᠭᠲᠠᠴᠠ ᠶᠢ ᠪᠠᠶᠢᠭᠤᠯᠤᠨ᠎ᠠ᠃ | ᠡᠬᠡ ᠣᠷᠤᠨᠴᠢ ᠦᠵᠡᠯ ᠤᠨ ᠬᠦᠮᠦᠵᠢᠯ ᠪᠣᠯᠣᠨ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠢ ᠰᠢᠨᠳᠠᠷᠠᠰᠢ | ᠦᠭᠡᠢ ᠦᠷᠨᠢᠭᠦᠯᠵᠦ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠪᠣᠯᠣᠨ ᠡᠯ᠎ᠡ ᠦᠨᠳᠦᠰᠦᠲᠡᠨ ᠤ ᠪᠠᠭᠰᠢ | ᠰᠤᠷᠤᠭᠴᠢᠳ ᠤᠨ ᠳᠤᠮᠳᠠ ︽ᠭᠤᠷᠪᠠᠨ ᠰᠠᠯᠵᠤ ᠪᠣᠯᠣᠰᠢ ᠦᠭᠡᠢ︾ ᠦᠵᠡᠯ ᠰᠠᠨᠠᠭ᠎ᠠ ᠦᠵᠡᠯ ᠤᠬᠠᠮᠰᠠᠷ ᠤᠨ | ᠬᠦᠮᠦᠵᠢᠯ ᠢ ᠦᠷᠭᠦᠯᠵᠢᠯᠡᠨ ᠠᠬᠢᠭᠤᠯᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠤᠶᠤᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠮᠡᠳᠡᠷᠡᠮᠵᠢ ᠲᠠᠨᠢᠯᠳᠠ ᠶᠢ ᠲᠠᠰᠤᠷᠠᠯᠲᠠ ᠦᠭᠡᠢ ᠴᠢᠩᠭᠠᠳᠬᠠᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃ ᠨᠠᠮ ᠤᠨ | ᠦᠨᠳᠦᠰᠦᠲᠡᠨ ᠤ ᠲᠤᠬᠠᠢ ᠣᠨᠣᠯ᠂ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠪᠠ ᠨᠡᠶᠢᠭᠡᠮ ᠵᠢᠷᠤᠮ ᠤᠨ | ᠰᠢᠨ᠎ᠡ ᠬᠡᠯᠪᠡᠷᠢ ᠶᠢᠨ ᠦᠨᠳᠦᠰᠦᠲᠡᠨ ᠤ ᠬᠠᠷᠢᠴᠠᠭ᠎ᠠ ᠶᠢᠨ ᠬᠠᠮᠢᠶ᠎ᠠ ᠪᠦᠬᠦᠢ ᠮᠡᠳᠡᠯᠭᠡ ᠶᠢ ᠵᠢᠭᠠᠬᠤ ᠮᠠᠲ᠋ᠧᠷᠢᠶᠠᠯ ᠳᠤ | ᠣᠷᠤᠭᠤᠯᠬᠤ᠂ ᠬᠢᠴᠢᠶᠡᠯ ᠤᠨ ᠲᠠᠩᠬᠢᠮ ᠳᠤ ᠣᠷᠤᠭᠤᠯᠬᠤ᠂ ᠬᠦᠮᠦᠰ ᠤᠨ ᠲᠠᠷᠢᠬᠢᠨ ᠳᠤ ᠬᠠᠳᠠᠩᠰᠢᠭᠤᠯᠬᠤ ᠠᠵᠢᠯ ᠢ | ᠭᠦᠨᠵᠡᠭᠡᠢ ᠠᠬᠢᠭᠤᠯᠤᠨ᠎ᠠ᠃ ᠪᠠᠭ᠎ᠠ ᠰᠤᠷᠭᠠᠭᠤᠯᠢ ᠶᠢᠨ ᠳᠡᠭᠡᠳᠦ ᠣᠨ ᠪᠠ ᠠᠩᠬ᠎ᠠ ᠳᠤᠮᠳᠠᠳᠤ ᠳᠤ ᠦᠨᠳᠦᠰᠦᠲᠡᠨ ᠤ | ᠪᠦᠯᠬᠦᠮᠳᠡᠯ ᠤᠨ ᠬᠦᠮᠦᠵᠢᠯ ᠤᠨ ᠲᠤᠰᠬᠠᠢ ᠰᠡᠳᠦᠪᠲᠦ ᠬᠢᠴᠢᠶᠡᠯ ᠢ ᠨᠡᠭᠡᠭᠡᠵᠦ᠂ ᠡᠩ ᠤᠨ ᠦᠨᠳᠦᠷ ᠳᠤᠮᠳᠠᠳᠤ ᠶᠢᠨ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠳᠤ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠤᠨ | ᠠᠭᠤᠯᠭ᠎ᠠ ᠶᠢ ᠴᠢᠩᠭᠠᠷᠠᠭᠤᠯᠤᠨ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠪᠠᠭᠲᠠᠨ᠎ᠠ᠂ ᠳᠤᠷᠤᠭᠰᠢ ᠠᠳᠠᠯᠢ︶ ᠳᠤ ᠨᠠᠮ ᠤᠨ ᠦᠨᠳᠦᠰᠦᠲᠡᠨ ᠤ ᠲᠤᠬᠠᠢ ᠤᠨᠣᠯ | ᠬᠢᠭᠡᠳ ᠲᠥᠷᠥ ᠶᠢᠨ ᠪᠣᠳᠣᠯᠭ᠎ᠠ ᠶᠢᠨ ᠬᠢᠴᠢᠶᠡᠯ ᠢ ᠨᠡᠭᠡᠭᠡᠨ᠎ᠡ᠃ ᠪᠦᠬᠦ ᠣᠷᠣᠨ ᠤ ᠡᠯ᠎ᠡ ᠱᠠᠲᠤᠨ ᠤ ᠡᠯ᠎ᠡ | ᠲᠦᠷᠦᠯ ᠤᠨ ᠳᠤᠮᠳᠠᠳᠤ ᠪᠠᠭ᠎ᠠ ᠰᠤᠷᠭᠠᠭᠤᠯᠢ ᠨᠤᠭᠤᠳ ᠤᠯᠤᠰ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ | ᠵᠣᠬᠢᠶᠠᠭᠰᠠᠨ ᠲᠤᠰᠪᠤᠷᠢ ᠨᠢᠭᠡ ᠲᠡᠪᠲᠡᠷ ᠳᠤᠮᠳᠠᠳᠤ ᠪᠠᠭ᠎ᠠ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠤᠨ | ᠬᠦᠮᠦᠵᠢᠯ ᠤᠨ ᠵᠢᠭᠠᠬᠤ ᠮᠠᠲ᠋ᠧᠷᠢᠶᠠᠯ ᠢ ᠨᠢᠭᠡᠲᠦᠯᠲᠡᠢ ᠬᠡᠷᠡᠭᠯᠡᠵᠦ᠂ ᠦᠪᠡᠷᠲᠡᠭᠡᠨ ᠵᠠᠰᠠᠬᠤ ᠣᠷᠣᠨ ᠠᠴᠠ ᠵᠣᠬᠢᠶᠠᠨ | ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠤᠨ ᠣᠷᠣᠨ ᠨᠣᠲᠤᠭ ᠤᠨ | ᠨᠦᠬᠦᠪᠦᠷᠢ ᠵᠢᠭᠠᠬᠤ ᠮᠠᠲ᠋ᠧᠷᠢᠶᠠᠯ ᠪᠣᠯᠣᠨ ᠣᠳᠣ ᠦᠶ᠎ᠡ ᠶᠢᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠢᠭᠡᠲᠦᠯᠲᠡᠢ | ᠬᠡᠷᠡᠭᠯᠡᠨ᠂ ᠦᠨ᠎ᠡ ᠲᠦᠯᠦᠪᠦᠷᠢ ᠦᠭᠡᠢ ᠰᠤᠷᠬᠤ ᠪᠢᠴᠢᠭ ᠤᠨ ᠬᠡᠪᠴᠢᠶᠡᠨ ᠳᠤ ᠣᠷᠤᠭᠤᠯᠤᠨ᠎ᠠ᠃ ᠦᠪᠡᠷᠲᠡᠭᠡᠨ | ᠵᠠᠰᠠᠬᠤ ᠣᠷᠣᠨ ᠤ ᠪᠠᠭᠰᠢ ᠶᠢᠨ ᠳᠡᠭᠡᠳᠦ ᠰᠤᠷᠭᠠᠭᠤᠯᠢ ᠨᠤᠭᠤᠳ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ | ᠬᠢᠭᠡᠳ ᠲᠥᠷᠥ ᠶᠢᠨ ᠪᠣᠳᠣᠯᠭ᠎ᠠ ᠶᠢᠨ ᠪᠠᠭᠰᠢ ᠶᠢᠨ ᠲᠦᠷᠦᠯ ᠤᠨ ᠲᠤᠰᠬᠠᠢ ᠮᠡᠷᠭᠡᠵᠢᠯ ᠢ ᠲᠣᠬᠢᠷᠠᠭᠤᠯᠵᠤ᠂ | ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠤᠨ ᠬᠢᠴᠢᠶᠡᠯ ᠤᠨ ᠪᠠᠭᠰᠢᠨᠠᠷ ᠢ ᠬᠦᠮᠦᠵᠢᠭᠦᠯᠦᠨ ᠪᠣᠯᠪᠠᠰᠤᠷᠠᠭᠤᠯᠤᠨ᠎ᠠ᠃ | ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠢ ᠰᠢᠮᠳᠠᠭᠤᠯᠤᠨ ᠵᠢᠯᠤᠭᠤᠳᠴᠤ ᠦᠨᠡᠯᠡᠨ ᠵᠢᠱᠢᠬᠦ ᠠᠵᠢᠯ ᠳᠤ | ᠣᠷᠤᠭᠤᠯᠤᠨ᠎ᠠ᠃ | ︵ᠭᠤᠷᠪᠠ︶ ᠡᠯ᠎ᠡ ᠦᠨᠳᠦᠰᠦᠲᠡᠨ ᠤ ᠰᠤᠶᠤᠯ ᠤᠨ ᠢᠳᠡᠭᠡᠰᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ | ᠨᠡᠶᠢᠭᠡᠮ ᠵᠢᠷᠤᠮ ᠤᠨ ᠲᠡᠷᠢᠭᠦᠨ ᠤ ᠰᠤᠶᠤᠯ ᠢᠶᠠᠷ ᠬᠦᠲᠦᠯᠦᠭᠴᠢ ᠪᠣᠯᠭᠠᠵᠤ᠂ ᠴᠦᠬᠡᠨ ᠲᠣᠭᠠᠲᠤ | ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠤᠶᠤᠯ ᠢ ᠵᠠᠯᠭᠠᠮᠵᠢᠯᠠᠨ ᠪᠠᠳᠠᠷᠠᠭᠤᠯᠵᠤ᠂ ᠡᠯ᠎ᠡ ᠦᠨᠳᠦᠰᠦᠲᠡᠨ ᠤ | ᠬᠠᠮᠲᠤᠪᠠᠷ ᠡᠳ᠋ᠯᠡᠬᠦ ᠳᠤᠮᠳᠠᠳᠤ ᠶᠢᠨ ᠰᠤᠶᠤᠯ ᠢ ᠴᠡᠴᠡᠭᠯᠡᠨ ᠬᠥᠭᠵᠢᠭᠦᠯᠦᠨ᠎ᠡ᠃ ᠡᠯ᠎ᠡ ᠦᠨᠳᠦᠰᠦᠲᠡᠨ ᠤ ᠰᠤᠶᠤᠯ ᠤᠨ | ᠢᠳᠡᠭᠡᠰᠢᠨ ᠰᠢᠨ᠎ᠡ ᠶᠢ ᠡᠭᠦᠳᠬᠦ ᠳᠤᠮᠳᠠᠬᠢ ᠰᠤᠷᠭᠠᠨ ᠬᠦᠮᠦᠵᠢᠯ ᠤᠨ ᠰᠠᠭᠤᠷᠢ ᠦᠢᠯᠡᠳᠦᠯ ᠢ ᠭᠦᠢᠴᠡᠳ | ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠤᠶᠤᠯ ᠢ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ | ᠮᠠᠲ᠋ᠧᠷᠢᠶᠠᠯ ᠪᠣᠯᠣᠨ ᠬᠢᠴᠢᠶᠡᠯ ᠤᠨ ᠵᠢᠭᠠᠨ ᠰᠤᠷᠭᠠᠯᠲᠠ ᠳᠤ ᠠᠭᠤᠰᠤᠯᠴᠠᠭᠤᠯᠵᠤ᠂ ᠦᠨᠳᠦᠰᠦᠲᠡᠨ ᠤ ᠤᠷᠠᠯᠢᠭ᠂ | ᠦᠨᠳᠦᠰᠦᠲᠡᠨ ᠤ ᠪᠡᠶ᠎ᠡ ᠶᠢᠨ ᠲᠠᠮᠢᠷ᠂ ᠦᠨᠳᠦᠰᠦᠲᠡᠨ ᠤ ᠦᠭᠡ ᠬᠡᠯᠡ ᠵᠡᠷᠭᠡ ᠰᠤᠩᠭᠤᠨ ᠰᠤᠷᠬᠤ ᠬᠢᠴᠢᠶᠡᠯ ᠢ | ᠨᠡᠭᠡᠭᠡᠨ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠦᠭᠡ ᠬᠡᠯᠡ ᠦᠰᠦᠭ ᠪᠢᠴᠢᠭ ᠢᠶᠠᠨ ᠬᠠᠷᠢᠯᠴᠠᠨ | ᠰᠤᠷᠤᠯᠴᠠᠬᠤ᠂ ᠰᠤᠶᠤᠯ ᠤᠨ ᠤᠯᠠᠮᠵᠢᠯᠠᠯ ᠪᠣᠯᠣᠨ ᠵᠠᠩ ᠳᠠᠳᠬᠠᠯ ᠢᠶᠠᠨ ᠬᠠᠷᠢᠯᠴᠠᠨ ᠣᠶᠢᠯᠠᠭᠠᠯᠴᠠᠬᠤ ᠵᠡᠷᠭᠡ | ᠬᠠᠷᠢᠯᠴᠠᠵᠤ ᠰᠣᠯᠢᠯᠴᠠᠬᠤ ᠲᠡᠪᠴᠡᠩ ᠢ ᠴᠣᠭᠴᠠᠯᠠᠨ ᠪᠠᠶᠢᠭᠤᠯᠤᠨ᠎ᠠ᠃ ᠦᠨᠳᠦᠰᠦᠲᠡᠨ ᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ᠪᠠᠶᠢᠭᠠᠳ ᠳᠤᠮᠳᠠᠳᠤ ᠶᠢᠨ ᠰᠤᠩᠭᠤᠳᠠᠭ ᠰᠢᠯᠦᠭ | ᠳᠠᠭᠤᠯᠠᠯ ᠢ ᠤᠩᠰᠢᠨ ᠪᠢᠴᠢᠭᠯᠡᠬᠦ ᠪᠠ ᠨᠡᠶᠢᠲᠡᠯᠢᠭ ᠬᠡᠯᠡ ᠶᠢ ᠳᠡᠯᠭᠡᠷᠡᠭᠦᠯᠬᠦ ᠠᠵᠢᠯᠯᠠᠭ᠎ᠠ ᠶᠢ ᠦᠷᠨᠢᠭᠦᠯᠵᠦ᠂ | ᠰᠤᠷᠭᠠᠭᠤᠯᠢ ᠶᠢᠨ ᠬᠦᠷᠢᠶᠡᠯᠡᠩ ᠤᠨ ᠬᠥᠯ ᠪᠦᠮᠪᠦᠭᠡ ᠶᠢᠨ ᠬᠦᠳᠡᠯᠭᠡᠭᠡᠨ ᠳᠤᠮᠳᠠᠬᠢ ᠦᠨᠳᠦᠰᠦᠲᠡᠨ ᠤ | ᠰᠤᠷᠭᠠᠭᠤᠯᠢ ᠶᠢᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢ ᠪᠠᠳᠠᠷᠠᠭᠤᠯᠤᠨ᠂ ᠣᠨᠴᠠᠯᠢᠭᠲᠤ ᠰᠤᠷᠭᠠᠨ ᠬᠦᠮᠦᠵᠢᠯ ᠢ | ᠡᠭᠦᠳᠦᠨ ᠪᠠᠶᠢᠭᠤᠯᠬᠤ ᠠᠵᠢᠯᠯᠠᠭ᠎ᠠ ᠶᠢᠨ ᠭᠤᠶᠢᠳᠠ ᠪᠠᠶᠠᠯᠢᠭ ᠪᠠᠶᠢᠬᠤ ᠶᠢ ᠦᠨᠡᠨᠬᠦ ᠪᠠᠲᠤᠯᠠᠨ᠎ᠠ᠃ ᠡᠯ᠎ᠡ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠯᠦᠭᠡ ᠡᠩ ᠤᠨ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠬᠵᠢᠭᠤᠯᠤᠨ ᠳᠡᠮᠵᠢᠵᠦ᠂ ᠴᠦᠬᠡᠨ | ᠲᠣᠭᠠᠲᠤ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠤᠶᠤᠯ ᠢ ᠰᠢᠨᠵᠢᠯᠡᠭᠡᠨ ᠤ ᠲᠤᠰᠬᠠᠢ ᠮᠡᠷᠭᠡᠵᠢᠯ ᠳᠤ ᠵᠢᠭᠰᠠᠭᠠᠨ | ᠣᠷᠤᠭᠤᠯᠵᠤ᠂ ᠵᠢᠭᠠᠨ ᠰᠤᠷᠭᠠᠯᠲᠠ ᠪᠣᠯᠣᠨ ᠰᠤᠳᠤᠯᠭᠠᠨ ᠢ ᠦᠷᠨᠢᠭᠦᠯᠦᠨ᠂ ᠦᠨᠳᠦᠰᠦᠲᠡᠨ ᠤ ᠤᠯᠠᠮᠵᠢᠯᠠᠯᠲᠤ | ᠰᠤᠶᠤᠯ ᠤᠨ ᠡᠬᠢ ᠪᠠᠶᠠᠯᠢᠭ ᠢ ᠠᠭᠤᠳᠠᠯᠯᠠᠬᠤ᠂ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠢ ᠲᠦᠷᠭᠡᠨ | ᠠᠪᠤᠷᠠᠬᠤ᠂ ᠴᠦᠬᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ | ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ | ︵ᠳᠥᠷᠪᠡ︶ ᠴᠦᠬᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠬᠦᠮᠦᠵᠢᠭᠦᠯᠬᠦ ᠵᠠᠭᠪᠤᠷ ᠲᠤ ᠰᠢᠨ᠎ᠡ ᠶᠢ | ᠡᠭᠦᠳᠦᠨ᠎ᠡ᠃ | ᠦᠨᠳᠦᠰᠦᠲᠡᠨ ᠤ ᠰᠤᠷᠭᠠᠨ ᠬᠦᠮᠦᠵᠢᠯ ᠤᠨ ᠴᠢᠳᠠᠪᠤᠷᠢᠲᠠᠨ ᠬᠦᠮᠦᠵᠢᠭᠦᠯᠬᠦ ᠵᠠᠭᠪᠤᠷ ᠤᠨ ᠦᠭᠡᠷᠡᠴᠢᠯᠡᠯᠲᠡ ᠳᠤ | ᠤᠯᠤᠰ ᠠᠴᠠ ᠰᠡᠳᠦᠪ ᠲᠣᠭᠲᠠᠭᠠᠭᠰᠠᠨ ᠲᠣᠷᠰᠢᠯᠲᠠ ᠶᠢᠨ ᠴᠢᠬ ᠤᠨ ᠠᠵᠢᠯ ᠢ ᠢᠳᠡᠪᠬᠢᠲᠡᠢ ᠠᠬᠢᠭᠤᠯᠵᠤ᠂ ︽ᠦᠪᠦᠷ | ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠴᠢᠳᠠᠪᠤᠷᠢᠲᠠᠨ | ᠬᠦᠮᠦᠵᠢᠭᠦᠯᠬᠦ ᠵᠠᠭᠪᠤᠷ ᠤᠨ ᠦᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠯ︾ ᠤᠨ ᠱᠠᠭᠠᠷᠳᠠᠯᠭ᠎ᠠ ᠶᠤᠰᠤᠭᠠᠷ᠂ ᠡᠯ᠎ᠡ | ᠱᠠᠲᠤ ᠦᠶ᠎ᠡ ᠶᠢᠨ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠦᠨ᠎ᠡ᠃ ᠴᠦᠬᠡᠨ ᠲᠣᠭᠠᠲᠤ ᠦᠨᠳᠦᠰᠦᠲᠡᠨ ᠤ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠷ ᠳᠤᠮᠳᠠᠳᠤ ᠶᠢᠨ | ᠱᠠᠲᠤ ᠦᠶ᠎ᠡ ᠶᠢᠨ ᠰᠤᠷᠭᠠᠨ ᠬᠦᠮᠦᠵᠢᠯ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠲᠤᠰ ᠦᠨᠳᠦᠰᠦᠲᠡᠨ ᠤ | ᠦᠭᠡ ᠬᠡᠯᠡ ᠦᠰᠦᠭ ᠪᠢᠴᠢᠭ ᠪᠣᠯᠣᠨ ᠤᠯᠤᠰ ᠲᠤ ᠨᠡᠶᠢᠳᠡᠮ ᠬᠡᠷᠡᠭᠯᠡᠭᠳᠡᠬᠦ ᠦᠭᠡ ᠬᠡᠯᠡ ᠦᠰᠦᠭ ᠪᠢᠴᠢᠭ ᠢ | ᠰᠤᠷᠤᠯᠴᠠᠨ ᠬᠡᠷᠡᠭᠯᠡᠬᠦ ᠵᠢᠴᠢ ᠬᠠᠮᠢᠶ᠎ᠠ ᠪᠦᠬᠦᠢ ᠰᠢᠨᠵᠢᠯᠡᠭᠡᠨ ᠤ ᠮᠡᠳᠡᠯᠭᠡ ᠶᠢ ᠡᠵᠡᠮᠰᠢᠬᠦ ᠬᠠᠷᠠᠯᠲᠠ ᠶᠢᠨ | ᠱᠠᠭᠠᠷᠳᠠᠯᠭ᠎ᠠ ᠶᠢ ᠲᠣᠭᠲᠠᠭᠠᠨ᠎ᠠ᠃ ᠮᠤᠩᠭᠤᠯ ᠢᠶᠠᠷ ᠬᠢᠴᠢᠶᠡᠯᠯᠡᠬᠦ ᠤᠶᠤᠲᠠᠳ ᠢ ᠣᠯᠠᠨ ᠶᠠᠩᠵᠤᠯᠠᠭᠤᠯᠤᠨ | ᠬᠦᠮᠦᠵᠢᠭᠦᠯᠬᠦ ᠵᠠᠭᠪᠤᠷ ᠢ ᠰᠦᠪᠡᠭᠴᠢᠯᠡᠵᠦ᠂ ᠲᠤᠰᠬᠠᠢ ᠮᠡᠷᠭᠡᠵᠢᠯ ᠤᠨ ᠴᠢᠭᠯᠡᠯ ᠢ ᠨᠢ ᠠᠮᠢᠳᠤᠯᠢᠭ ᠢᠶᠠᠷ | ᠲᠣᠬᠢᠷᠠᠭᠤᠯᠤᠨ᠂ ᠬᠠᠮ ᠬᠢᠴᠢᠶᠡᠯ ᠲᠦᠷᠦᠯ ᠤᠨ ᠰᠤᠷᠤᠭᠴᠢ ᠡᠯᠰᠡᠬᠦ ᠶᠢ ᠵᠣᠬᠢᠶᠠᠨ ᠪᠠᠶᠢᠭᠤᠯᠤᠨ᠎ᠠ᠃ | ᠰᠤᠷᠤᠭᠴᠢᠳ ᠤᠨ ᠰᠠᠭᠤᠷᠢ ᠬᠢᠴᠢᠶᠡᠯ ᠤᠨ ᠰᠤᠷᠤᠯᠴᠠᠯᠭ᠎ᠠ ᠪᠠᠨ ᠴᠢᠩᠭᠠᠳᠬᠠᠬᠤ ᠶᠢ ᠵᠣᠷᠢᠬᠵᠢᠭᠤᠯᠵᠤ᠂ ᠨᠡᠶᠢᠭᠡᠮ ᠤᠨ | ᠬᠡᠷᠡᠭᠴᠡᠭᠡ ᠪᠣᠯᠣᠨ ᠬᠤᠪᠢ ᠬᠦᠮᠦᠨ ᠤ ᠬᠦᠰᠡᠯ ᠡᠷᠡᠮᠡᠯᠵᠡᠯ ᠶᠣᠰᠤᠭᠠᠷ ᠠᠳᠠᠯᠢ ᠪᠤᠰᠤ ᠲᠤᠰᠬᠠᠢ ᠮᠡᠷᠭᠡᠵᠢᠯ ᠢ | ᠰᠤᠩᠭᠤᠵᠤ ᠰᠤᠳᠤᠯᠤᠨ ᠰᠤᠷᠤᠯᠴᠠᠨ᠎ᠠ᠃ ᠬᠢᠴᠢᠶᠡᠯ ᠲᠣᠬᠢᠷᠠᠭᠤᠯᠬᠤ ᠲᠦᠰᠦᠯ ᠢ ᠰᠢᠯᠢᠳᠡᠭᠵᠢᠭᠦᠯᠵᠦ᠂ | ᠰᠤᠷᠤᠯᠭ᠎ᠠ ᠶᠢᠨ ᠬᠤᠪᠢ ᠪᠠᠨ ᠬᠠᠷᠢᠯᠴᠠᠨ ᠮᠡᠳᠡᠷᠡᠬᠦ ᠲᠣᠭᠲᠠᠴᠠ ᠶᠢ ᠪᠠᠶᠢᠭᠤᠯᠤᠨ᠂ ᠳᠡᠭᠡᠳᠦ ᠵᠡᠷᠭᠡ ᠶᠢᠨ | ᠰᠤᠷᠭᠠᠭᠤᠯᠢ ᠶᠢᠨ ᠬᠤᠭᠤᠷᠤᠨᠳᠤ᠂ ᠲᠤᠰᠬᠠᠢ ᠮᠡᠷᠭᠡᠵᠢᠯ ᠤᠨ ᠬᠤᠭᠤᠷᠤᠨᠲᠤ᠂ ᠣᠷᠣᠨ ᠪᠦᠰᠡ ᠶᠢᠨ | ᠬᠤᠭᠤᠷᠤᠨᠳᠤ ᠪᠠᠨ ᠳᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠬᠦ ᠪᠠ ᠡᠬᠢ ᠪᠠᠶᠠᠯᠢᠭ ᠢ ᠬᠠᠮᠲᠤᠪᠠᠷ | ᠬᠦᠷᠳᠡᠬᠦ ᠶᠢ ᠪᠡᠶᠡᠯᠡᠭᠦᠯᠵᠦ᠂ ᠮᠤᠩᠭᠤᠯ ᠢᠶᠠᠷ ᠬᠢᠴᠢᠶᠡᠯᠯᠡᠬᠦ ᠤᠶᠤᠲᠠᠳ ᠤᠨ ᠰᠤᠷᠭᠠᠨ ᠬᠦᠮᠦᠵᠢᠯ ᠤᠨ ᠰᠢᠯᠢᠳᠡᠭ ᠡᠬᠢ | ᠪᠠᠶᠠᠯᠢᠭ ᠢ ᠭᠦᠢᠴᠡᠳ ᠬᠦᠷᠳᠡᠬᠦ ᠳᠣᠬᠢᠶᠠᠯ ᠢ ᠨᠡᠮᠡᠭᠳᠡᠭᠦᠯᠦᠨ᠎ᠡ᠃ ᠮᠤᠩᠭᠤᠯ ᠢᠶᠠᠷ ᠬᠢᠴᠢᠶᠡᠯᠯᠡᠬᠦ ᠤᠶᠤᠲᠠᠳ ᠤᠨ | ᠬᠤᠶᠠᠳᠤᠭᠠᠷ ᠡᠷᠳᠡᠮ ᠤᠨ ᠴᠣᠯᠠ᠂ ᠬᠤᠶᠠᠳᠤᠭᠠᠷ ᠲᠤᠰᠬᠠᠢ ᠮᠡᠷᠭᠡᠵᠢᠯ ᠬᠠᠪᠰᠤᠷᠤᠭᠤᠯᠤᠨ ᠳᠠᠪᠲᠠᠬᠤ ᠪᠤᠶᠤ | ᠬᠡᠷᠡᠭᠯᠡᠭᠡᠨ ᠤ ᠲᠦᠷᠦᠯ ᠤᠨ ᠬᠢᠴᠢᠶᠡᠯ ᠨᠡᠮᠡᠨ ᠰᠤᠷᠬᠤ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠦᠢᠯᠡᠳᠦᠯᠭᠡ ᠶᠢᠨ ᠴᠢᠳᠠᠪᠤᠷᠢ ᠶᠢ ᠬᠦᠮᠦᠵᠢᠭᠦᠯᠬᠦ ᠶᠢ ᠳᠤᠪᠤᠶᠢᠯᠭᠠᠨ᠂ ᠮᠡᠳᠡᠯᠭᠡ ᠶᠢᠨ | ᠪᠦᠲᠦᠴᠡ ᠶᠢᠨ ᠰᠢᠰᠲ᠋ᠧᠮᠵᠢᠲᠦ ᠴᠢᠨᠠᠷ ᠪᠣᠯᠣᠨ ᠪᠤᠳᠠᠳᠤ ᠦᠷ᠎ᠡ ᠪᠦᠲᠦᠮᠵᠢᠲᠦ ᠴᠢᠨᠠᠷ ᠢ ᠴᠢᠩᠭᠠᠷᠠᠭᠤᠯᠤᠨ᠎ᠠ᠃ | ᠪᠣᠳᠠᠳᠣ ᠪᠠᠶᠢᠳᠠᠯ ᠢᠶᠠᠨ ᠦᠨᠳᠦᠰᠦᠯᠡᠵᠦ᠂ ᠮᠤᠩᠭᠤᠯ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠤᠨ ᠤᠶᠤᠲᠠᠳ ᠤᠨ | ᠭᠠᠳᠠᠭᠠᠲᠤ ᠬᠡᠯᠡ ᠶᠢᠨ ᠲᠡᠭᠦᠰᠬᠦ ᠬᠢᠷᠢ ᠪᠦᠲᠦᠮᠵᠢ ᠶᠢᠨ ᠱᠠᠭᠠᠷᠳᠠᠯᠭ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ | ᠪᠣᠶᠣ ︽ᠳᠤᠮᠳᠠᠳᠤ ᠤᠯᠤᠰ ᠤᠨ ᠴᠦᠬᠡᠨ ᠲᠣᠭᠠᠲᠤ ᠦᠨᠳᠦᠰᠦᠲᠡᠨ ᠤ ᠬᠢᠲᠠᠳ ᠬᠡᠯᠡ ᠶᠢᠨ ᠬᠢᠷᠢ ᠬᠡᠮᠵᠢᠶᠡᠨ ᠤ | ᠳᠡᠰ ᠤᠨ ᠰᠢᠯᠭᠠᠯᠲᠠ︾ ᠶᠢᠨ ᠳᠦᠷᠪᠡᠳᠦᠭᠡᠷ ᠳᠡᠰ ᠤᠨ ᠦᠨᠡᠮᠯᠡᠯ ᠢᠶᠠᠷ ᠣᠷᠤᠯᠠᠭᠤᠯᠵᠤ᠂ ᠰᠤᠷᠤᠯᠴᠠᠭᠰᠠᠨ ᠨᠠᠮᠲᠠᠷ᠂ | ᠡᠷᠳᠡᠮ ᠤᠨ ᠴᠣᠯᠠ ᠶᠢᠨ ᠦᠨᠡᠮᠯᠡᠯ ᠣᠯᠭᠤᠬᠤ ᠪᠠ ᠦᠨᠡᠮᠰᠢᠨ ᠲᠣᠭᠲᠠᠭᠠᠬᠤ ᠲᠠᠯ᠎ᠠ ᠪᠠᠷ ᠠᠳᠠᠯᠢᠬᠠᠨ ᠦᠢᠯᠡᠳᠦᠯ ᠲᠠᠢ | ᠪᠤᠯᠤᠨ᠎ᠠ᠃ | ︵ᠲᠠᠪᠤ︶ ᠴᠦᠬᠡᠨ ᠲᠣᠭᠠᠲᠤ ᠦᠨᠳᠦᠰᠦᠲᠡᠨ ᠤ ᠤᠶᠤᠲᠠᠳ ᠤᠨ ᠠᠳᠠᠯ ᠦᠢᠯᠡᠰ ᠴᠣᠭᠴᠠᠯᠠᠨ ᠠᠵᠢᠯ | ᠣᠯᠭᠤᠬᠤ ᠰᠤᠷᠭᠠᠨ ᠬᠦᠮᠦᠵᠢᠯ ᠢ ᠴᠢᠩᠭᠠᠳᠬᠠᠨ᠎ᠠ᠃ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠦᠰᠦᠯ︾ ︵ᠦᠪᠦᠷ ᠵᠠᠰᠠᠭ ᠠᠯᠪᠠᠨ ᠦᠰᠦᠭ ﹇2015﹈ 229 ᠳ᠋ᠤᠭᠡᠷ | ᠲᠣᠭᠠᠲᠤ ᠪᠢᠴᠢᠭ ᠮᠠᠲ᠋ᠧᠷᠢᠶᠠᠯ︶ ᠤᠨ ᠱᠠᠭᠠᠷᠳᠠᠯᠭ᠎ᠠ ᠶᠣᠰᠤᠭᠠᠷ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ | ᠡᠯᠰᠡᠬᠦ᠂ ᠬᠦᠮᠦᠵᠢᠭᠦᠯᠬᠦ᠂ ᠠᠵᠢᠯ ᠣᠯᠭᠤᠵᠣ ᠠᠳᠠᠯ ᠦᠢᠯᠡᠰ ᠴᠣᠭᠴᠠᠯᠠᠬᠤ ᠶᠢᠨ ᠬᠠᠮᠲᠤᠷᠠᠨ ᠬᠦᠳᠡᠯᠦᠯᠴᠡᠬᠦ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠴᠦᠬᠡᠨ ᠲᠣᠭᠠᠲᠤ ᠦᠨᠳᠦᠰᠦᠲᠡᠨ ᠤ ᠤᠶᠤᠲᠠᠳ | ᠢᠯᠠᠩᠭᠤᠶ᠎ᠠ ᠮᠤᠩᠭᠤᠯ ᠢᠶᠠᠷ ᠬᠢᠴᠢᠶᠡᠯᠯᠡᠭᠰᠡᠨ ᠤᠶᠤᠲᠠᠳ ᠲᠤ ᠠᠵᠢᠯ ᠮᠡᠷᠭᠡᠵᠢᠯ ᠤᠨ ᠠᠮᠢᠳᠤᠷᠠᠯ ᠤᠨ | ᠬᠥᠭᠵᠢᠯᠲᠡ ᠶᠢᠨ ᠲᠣᠬᠠᠢ ᠲᠤᠰᠬᠠᠢ ᠰᠤᠷᠭᠠᠨ ᠬᠦᠮᠦᠵᠢᠯ ᠢ ᠴᠢᠩᠭᠠᠷᠠᠭᠤᠯᠵᠤ᠂ ᠠᠳᠠᠯ ᠦᠢᠯᠡᠰ ᠴᠣᠭᠴᠠᠯᠠᠨ ᠠᠵᠢᠯ | ᠣᠯᠭᠤᠬᠤ ᠰᠤᠷᠭᠠᠨ ᠬᠦᠮᠦᠵᠢᠯ ᠢ ᠲᠤᠰᠬᠠᠢ ᠮᠡᠷᠭᠡᠵᠢᠯ ᠤᠨ ᠬᠢᠴᠢᠶᠡᠯ ᠤᠨ ᠵᠢᠭᠠᠨ ᠰᠤᠷᠭᠠᠯᠲᠠ ᠪᠣᠯᠣᠨ ᠴᠢᠳᠠᠪᠤᠷᠢᠲᠠᠨ | ᠬᠦᠮᠦᠵᠢᠭᠦᠯᠬᠦ ᠶᠢᠨ ᠪᠦᠬᠦ ᠶᠠᠪᠤᠴᠠ ᠳᠤ ᠠᠭᠤᠰᠤᠯᠴᠠᠭᠤᠯᠤᠨ᠂ ᠰᠤᠷᠤᠭᠴᠢᠳ ᠢ ᠬᠠᠪᠰᠤᠷᠴᠤ ᠪᠠᠶᠢᠭᠠᠳ | ᠦᠪᠡᠷ ᠢ ᠪᠠᠨ ᠵᠦᠢ ᠵᠣᠬᠢᠰᠲᠠᠢ ᠲᠠᠨᠢᠨ ᠮᠡᠳᠡᠵᠦ᠂ ᠦᠪᠡᠷ ᠢ ᠪᠠᠨ ᠪᠤᠰᠤᠳᠴᠢ ᠪᠠᠷ ᠦᠨᠡᠯᠡᠨ᠂ ᠠᠵᠢᠯ ᠣᠯᠬᠤ | ᠣᠶᠢᠯᠠᠭᠠᠭᠳᠠᠬᠤᠨ ᠢ ᠨᠢ ᠬᠤᠪᠢᠷᠠᠭᠤᠯᠤᠨ᠎ᠠ᠃ ᠮᠤᠩᠭᠤᠯ ᠢᠶᠠᠷ ᠬᠢᠴᠢᠶᠡᠯᠯᠡᠭᠰᠡᠨ ᠲᠤᠰ ᠵᠢᠯ ᠤᠨ ᠲᠡᠭᠦᠰᠦᠭᠰᠡᠳ ᠤᠨ | ᠲᠤᠰᠬᠠᠢ ᠡᠬᠡ ᠳᠠᠩᠰᠠ ᠶᠢ ᠪᠠᠶᠢᠭᠤᠯᠵᠤ᠂ ᠲᠤᠰᠬᠠᠶᠢᠯᠠᠨ ᠲᠤᠰᠠᠯᠠᠬᠤ ᠵᠠᠷᠤᠳᠠᠯ ᠢ ᠪᠠᠶᠢᠭᠤᠯᠤᠨ᠂ ᠡᠯ᠎ᠡ ᠲᠦᠷᠦᠯ ᠤᠨ | ᠡᠯᠰᠡᠬᠦ ︵ᠤᠷᠢᠬᠤ︶ ᠰᠢᠯᠭᠠᠯᠲᠠ ᠳᠤ ᠣᠷᠤᠯᠴᠠᠬᠤ ᠶᠢᠨ ᠬᠠᠪᠰᠤᠷᠤᠨ ᠵᠢᠯᠤᠭᠤᠳᠬᠤ ᠠᠩᠭᠢ ᠶᠢ ᠦᠨ᠎ᠡ ᠲᠦᠯᠦᠪᠦᠷᠢ | ᠦᠭᠡᠢ ᠪᠠᠷ ᠡᠷᠬᠢᠯᠡᠵᠦ᠂ ︽ᠨᠢᠭᠡ ᠳᠤ ᠨᠢᠭᠡ ᠪᠠᠷ ᠨᠢᠭᠤᠷᠳᠠᠨ ᠵᠢᠭᠠᠬᠤ︾ ᠠᠵᠢᠯ ᠮᠡᠷᠭᠡᠵᠢᠯ ᠤᠨ ᠵᠢᠯᠤᠭᠤᠳᠤᠯᠭ᠎ᠠ | ᠬᠢᠬᠦ ᠪᠠ ᠭᠤᠣᠯᠳᠠᠯᠭ᠎ᠠ ᠲᠠᠢ ᠲᠡᠳᠭᠦᠬᠦ ᠶᠢ ᠬᠡᠷᠡᠭᠵᠢᠭᠦᠯᠬᠦ ᠶᠢᠨ ᠬᠠᠮᠲᠤ᠂ ᠬᠦᠮᠦᠨ ᠬᠡᠷᠡᠭᠯᠡᠬᠦ ᠨᠢᠭᠡᠴᠡ ᠳᠤ | ᠭᠤᠣᠯᠳᠠᠯᠭ᠎ᠠ ᠲᠠᠢ ᠲᠠᠨᠢᠯᠴᠠᠭᠤᠯᠬᠤ ᠪᠣᠶᠣ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠠᠮᠵᠢᠨ | ᠲᠦᠪᠬᠢᠨᠡᠭᠦᠯᠦᠨ ᠠᠵᠢᠯ ᠣᠯᠭᠤᠨ᠎ᠠ᠃ ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠢ ᠮᠤᠩᠭᠤᠯ ᠢᠶᠠᠷ | ᠬᠢᠴᠢᠶᠡᠯᠯᠡᠭᠰᠡᠨ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰ ᠵᠢᠯ ᠤᠨ ᠲᠡᠭᠦᠰᠦᠭᠰᠡᠳ ᠤᠨ ᠬᠠᠷᠢᠯᠴᠠᠵᠤ ᠳᠠᠩᠰᠠᠯᠠᠨ | ᠲᠡᠮᠲᠡᠭᠯᠡᠬᠦ ᠠᠵᠢᠯ ᠢ ᠰᠠᠶᠢᠲᠤᠷ ᠬᠢᠵᠦ᠂ ᠮᠦᠷᠳᠡᠨ ᠦᠢᠯᠡᠴᠢᠯᠡᠨ᠎ᠡ᠃ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠠᠵᠢᠯ ᠣᠯᠭᠤᠬᠤ ᠮᠡᠳᠡᠭᠡ ᠵᠠᠩᠭᠢ ᠶᠢᠨ ᠰᠦᠯᠵᠢᠶᠡᠨ ᠤ | ᠲᠡᠪᠴᠡᠩ ᠪᠣᠯᠣᠨ ᠰᠤᠷᠭᠠᠭᠤᠯᠢ ᠶᠢᠨ ᠠᠵᠢᠯ ᠣᠯᠭᠤᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠲᠡᠭᠦᠰᠦᠭᠰᠡᠳ ᠤᠨ ᠠᠵᠢᠯ ᠣᠯᠬᠤ ᠶᠢ ᠠᠬᠢᠭᠤᠯᠬᠤ ᠳᠤ ᠠᠰᠢᠭᠲᠠᠢ ᠠᠯᠢᠪᠠ ᠡᠬᠢ ᠪᠠᠶᠠᠯᠢᠭ ᠢ | ᠭᠦᠢᠴᠡᠳ ᠠᠭᠤᠳᠠᠯᠯᠠᠨ᠂ ᠤᠷᠢᠬᠤ ᠠᠵᠢᠯᠯᠠᠭ᠎ᠠ ᠪᠠ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ | ᠲᠡᠭᠦᠰᠦᠭᠰᠡᠳ ᠢ ᠬᠦᠲᠦᠯᠦᠨ ᠵᠢᠯᠤᠭᠤᠳᠴᠤ ᠪᠠᠶᠢᠭᠠᠳ ᠦᠨᠳᠦᠰᠦᠨ ᠱᠠᠲᠤ ᠪᠠ ᠠᠵᠤ ᠠᠬᠤᠶᠢᠯᠠᠯ ᠳᠤ ᠣᠴᠢᠵᠤ | ᠠᠵᠢᠯ ᠣᠯᠭᠤᠨ᠂ ᠮᠣᠩᠭᠤᠯ ᠢᠶᠠᠷ ᠬᠢᠴᠢᠶᠡᠯᠯᠡᠭᠰᠡᠨ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠲᠤ ᠠᠩᠬ᠎ᠠ | ᠤᠳᠠᠭ᠎ᠠ ᠶᠢᠨ ᠠᠵᠢᠯ ᠣᠯᠭᠤᠬᠤ ᠨᠤᠷᠮ᠎ᠠ ᠪᠣᠯᠣᠨ ᠠᠵᠢᠯ ᠣᠯᠭᠤᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠢ ᠦᠭᠡᠷᠡᠴᠢᠯᠡᠨ᠎ᠡ᠃ | ᠤᠯᠤᠰ ᠤᠨ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢᠨ ᠨᠢᠭᠡᠲᠦᠯᠲᠡᠢ | ᠱᠠᠭᠠᠷᠳᠠᠯᠭ᠎ᠠ ᠶᠤᠰᠤᠭᠠᠷ᠂ ᠮᠣᠩᠭᠤᠯ ᠦᠨᠳᠦᠰᠦᠲᠡᠨ᠂ ᠣᠷᠴᠤᠨ ᠦᠨᠳᠦᠰᠦᠲᠡᠨ᠂ ᠡᠧᠡᠩᠬᠢ ᠦᠨᠳᠦᠰᠦᠲᠡᠨ᠂ | ᠳᠠᠭᠤᠷ ᠦᠨᠳᠦᠰᠦᠲᠡᠨ ᠤ ᠰᠢᠯᠭᠠᠭᠤᠯᠤᠭᠴᠢᠳ ᠲᠤ ᠬᠤᠪᠢ ᠨᠡᠮᠡᠬᠦ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ | ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠣᠷᠣᠨ ᠤ ᠳᠣᠲᠤᠷᠠᠬᠢ ᠳᠡᠭᠡᠳᠦ | ᠵᠡᠷᠭᠡ ᠶᠢᠨ ᠰᠤᠷᠭᠠᠭᠤᠯᠢ ᠨᠤᠭᠤᠳ ᠮᠤᠩᠭᠤᠯ ᠢᠶᠠᠷ ᠬᠢᠴᠢᠶᠡᠯᠯᠡᠭᠰᠡᠨ ᠰᠢᠯᠭᠠᠭᠤᠯᠤᠭᠴᠢᠳ ᠢ ᠡᠯᠰᠡᠵᠦ ᠠᠪᠬᠤ ᠳᠠᠭᠠᠨ | ᠰᠤᠷᠤᠭᠴᠢ ᠡᠯᠰᠡᠬᠦ ᠲᠦᠯᠦᠪᠯᠡᠭᠡ ᠶᠢ ᠠᠰ ᠲᠤᠨᠢ ᠵᠢᠭᠰᠠᠭᠠᠨ᠂ ᠡᠯᠰᠡᠬᠦ ᠬᠤᠪᠢ ᠶᠢ ᠲᠤᠰᠠᠭᠠᠷ ᠬᠤᠪᠢᠶᠠᠷᠢᠯᠠᠨ | ᠲᠣᠭᠲᠠᠭᠠᠵᠤ᠂ ᠨᠢᠭᠡᠲᠦᠯᠲᠡᠢ ᠡᠯᠰᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠮᠤᠩᠭᠤᠯ ᠢᠶᠠᠷ | ᠬᠢᠴᠢᠶᠡᠯᠯᠡᠭᠰᠡᠨ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠤᠷᠤᠭᠴᠢᠳ ᠤᠨ ᠣᠷᠣᠨ ᠤ ᠳᠣᠲᠤᠷ᠎ᠠ ᠭᠠᠳᠠᠨᠠᠬᠢ | ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠲᠠᠳ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠳᠤ ᠬᠠᠪᠰᠤᠷᠭᠠᠨ | ᠮᠡᠳᠡᠭᠦᠯᠬᠦ ᠶᠢ ᠵᠥᠪᠰᠢᠶᠡᠷᠡᠨ᠎ᠡ᠃ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠴᠦᠬᠡᠨ ᠲᠣᠭᠠᠲᠤ | ᠦᠨᠳᠦᠰᠦᠲᠡᠨ ᠤ ᠪᠡᠯᠡᠳᠭᠡᠯ ᠠᠩᠭᠢ ᠪᠣᠯᠣᠨ ᠦᠨᠳᠦᠰᠦᠲᠡᠨ ᠤ ᠠᠩᠭᠢ ᠶᠢᠨ ᠰᠤᠷᠤᠭᠴᠢ ᠡᠯᠰᠡᠬᠦ ᠲᠦᠯᠦᠪᠯᠡᠭᠡ᠂ | ᠪᠠᠷᠠᠭᠤᠨ ᠬᠡᠰᠡᠭ ᠤᠨ ᠭᠠᠵᠠᠷ ᠣᠷᠣᠨ ᠤ ᠰᠤᠷᠤᠭᠴᠢ ᠡᠯᠰᠡᠬᠦ ᠶᠢ ᠲᠤᠰᠠᠯᠠᠨ ᠬᠠᠮᠵᠢᠯᠴᠠᠬᠤ ᠲᠥᠯᠦᠪᠯᠡᠭᠡ᠂ ᠬᠦᠳᠡᠭᠡ | ᠲᠤᠰᠬᠤᠨ ᠤ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠠᠨᠳᠤᠯᠭ᠎ᠠ ᠲᠠᠢ ᠪᠠᠷ ᠰᠤᠷᠤᠭᠴᠢ ᠡᠯᠰᠡᠬᠦ ᠲᠤᠰᠬᠠᠢ | ᠲᠦᠯᠦᠪᠯᠡᠭᠡ᠂ ᠰᠤᠷᠭᠠᠨ ᠬᠦᠮᠦᠵᠢᠯ ᠤᠨ ᠶᠠᠮᠦᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠰᠤᠷᠭᠠᠭᠤᠯᠢ ᠵᠢᠴᠢ | ᠪᠤᠰᠤᠳ ᠦᠪᠡᠷ ᠢᠶᠠᠨ ᠡᠵᠡᠨ ᠮᠡᠳᠡᠵᠦ ᠰᠤᠷᠤᠭᠴᠢ ᠡᠯᠰᠡᠬᠦ ᠲᠣᠷᠰᠢᠯᠲᠠ ᠶᠢᠨ ᠴᠢᠬ ᠪᠣᠯᠬᠤ ᠳᠡᠭᠡᠳᠦ ᠵᠡᠷᠭᠡ ᠶᠢᠨ | ᠰᠤᠷᠭᠠᠭᠤᠯᠢ ᠶᠢᠨ ᠬᠦᠳᠡᠭᠡ ᠲᠤᠰᠬᠤᠨ ᠤ ᠰᠤᠷᠤᠭᠴᠢ ᠶᠢ ᠡᠯᠰᠡᠬᠦ ᠲᠤᠰᠬᠠᠢ ᠲᠦᠯᠦᠪᠯᠡᠭᠡ᠂ ᠰᠤᠷᠭᠠᠨ ᠬᠦᠮᠦᠵᠢᠯ ᠤᠨ | ᠶᠠᠮᠦᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠰᠤᠷᠭᠠᠭᠤᠯᠢ ᠶᠢᠨ ᠮᠤᠵᠢ ᠣᠷᠣᠨ ᠬᠤᠪᠢᠶᠠᠨ ᠰᠤᠷᠤᠭᠴᠢ ᠡᠯᠰᠡᠬᠦ | ᠲᠥᠯᠦᠪᠯᠡᠭᠡ ᠵᠡᠷᠭᠡ ᠳᠤ ᠵᠣᠬᠢᠬᠤ ᠬᠠᠷᠢᠴᠠᠯ ᠢ ᠬᠤᠪᠢᠶᠠᠷᠢᠯᠠᠨ ᠭᠠᠷᠭᠠᠵᠤ ᠪᠠᠶᠢᠭᠠᠳ ᠮᠣᠩᠭᠤᠯ ᠢᠶᠠᠷ ᠬᠢᠴᠢᠶᠡᠯᠯᠡᠭᠰᠡᠨ | ᠳᠡᠭᠡᠳᠦ ᠰᠤᠷᠭᠠᠭᠤᠯᠢ ᠰᠢᠯᠭᠠᠭᠤᠯᠬᠤ ᠰᠤᠷᠤᠭᠴᠢᠳ ᠢ ᠡᠯᠰᠡᠵᠦ᠂ ᠬᠢᠲᠠᠳ ᠢᠶᠠᠷ ᠬᠢᠴᠢᠶᠡᠯᠯᠡᠬᠦ ᠲᠤᠰᠬᠠᠢ | ᠮᠡᠷᠭᠡᠵᠢᠯ ᠳᠤ ᠰᠤᠳᠤᠯᠤᠨ ᠰᠣᠷᠣᠯᠴᠠᠭᠤᠯᠤᠨᠠ᠃ ᠮᠤᠩᠭᠤᠯ ᠢᠶᠠᠷ ᠰᠤᠷᠬᠤ ᠪᠠᠷ ᠭᠤᠣᠯᠯᠠᠵᠤ ᠬᠢᠲᠠᠳ ᠬᠡᠯᠡ ᠨᠡᠮᠡᠨ | ᠰᠤᠷᠤᠯᠴᠠᠬᠤ ᠦᠨᠳᠦᠷ ᠳᠤᠮᠳᠠᠳᠤ ᠲᠡᠭᠦᠰᠦᠭᠰᠡᠳ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠬᠤ ᠳᠤ | ᠬᠢᠲᠠᠳ ᠬᠡᠯᠡᠨ ᠤ ᠬᠢᠴᠢᠶᠡᠯ ᠲᠦᠷᠦᠯ ᠢ ᠨᠢ ︽ᠳᠤᠮᠳᠠᠳᠤ ᠤᠯᠤᠰ ᠤᠨ ᠴᠦᠬᠡᠨ ᠲᠣᠭᠠᠲᠤ ᠦᠨᠳᠦᠰᠦᠲᠡᠨ ᠤ | ᠬᠢᠲᠠᠳ ᠬᠡᠯᠡ ᠶᠢᠨ ᠬᠢᠷᠢ ᠬᠡᠮᠵᠢᠶᠡᠨ ᠤ ᠳᠡᠰ ᠤᠨ ᠰᠢᠯᠭᠠᠯᠲᠠ︾ ᠶᠢᠨ ᠭᠤᠷᠪᠠᠳᠤᠭᠠᠷ ᠳᠡᠰ ᠤᠨ ᠬᠢᠷᠢ ᠪᠦᠲᠦᠮᠵᠢ ᠪᠠᠷ | ᠣᠷᠤᠯᠠᠵᠤ᠂ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠭᠠᠳᠠᠭᠠᠲᠤ ᠬᠡᠯᠡᠨ ᠤ ᠬᠢᠷᠢ ᠪᠦᠲᠦᠮᠵᠢ ᠯᠤᠭ᠎ᠠ 7᠄ | 3 ᠶᠢᠨ ᠬᠠᠷᠢᠴᠠᠯ ᠢᠶᠠᠷ ᠨᠢᠭᠡ ᠬᠢᠴᠢᠶᠡᠯ ᠤᠨ ᠬᠢᠷᠢ ᠪᠦᠲᠦᠮᠵᠢ ᠪᠣᠯᠭᠠᠨ ᠨᠤᠭᠤᠯᠤᠨ ᠪᠤᠳᠤᠵᠤ ᠶᠡᠷᠦᠩᠬᠡᠢ | ᠬᠤᠪᠢ ᠳᠤᠨᠢ ᠲᠡᠮᠲᠡᠭᠯᠡᠨ ᠣᠷᠤᠭᠤᠯᠤᠨ᠎ᠠ᠃ ᠬᠢᠲᠠᠳ ᠢᠶᠠᠷ ᠬᠢᠴᠢᠶᠡᠯᠯᠡᠬᠦ ᠪᠠᠷ ᠭᠤᠣᠯᠯᠠᠵᠤ ᠮᠣᠩᠭᠤᠯ ᠬᠡᠯᠡ ᠨᠡᠮᠡᠨ | ᠰᠤᠷᠤᠯᠴᠠᠬᠤ ᠦᠨᠳᠦᠷ ᠳᠤᠮᠳᠠᠳᠤ ᠲᠡᠭᠦᠰᠦᠭᠰᠡᠳ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠤᠯᠴᠠᠬᠤ ᠳᠤ | ᠮᠣᠩᠭᠤᠯ ᠬᠡᠯᠡᠨ ᠤ ᠬᠢᠴᠢᠶᠡᠯ ᠲᠦᠷᠦᠯ ᠢ ᠨᠢ ︽ᠮᠣᠩᠭᠤᠯ ᠬᠡᠯᠡ ᠶᠢᠨ ᠬᠡᠷᠡᠭᠯᠡᠭᠡᠨ ᠤ ᠬᠢᠷᠢ ᠬᠡᠮᠵᠢᠶᠠᠨ ᠤ ᠳᠡᠰ ᠤᠨ | ᠰᠢᠯᠭᠠᠯᠲᠠ︾ ᠶᠢᠨ ᠳᠤᠮᠳᠠ ᠵᠡᠷᠭᠡ ᠶᠢᠨ ᠰᠢᠯᠭᠠᠯᠲᠠ ᠶᠢᠨ ᠬᠢᠷᠢ ᠪᠦᠲᠦᠮᠵᠢ ᠪᠠᠷ ᠠᠯᠬᠤᠮ ᠠᠯᠬᠤᠮ ᠢᠶᠠᠷ ᠣᠷᠤᠯᠠᠵᠤ᠂ | ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠭᠠᠳᠠᠭᠠᠲᠤ ᠬᠡᠯᠡᠨ ᠤ ᠬᠢᠷᠢ ᠪᠦᠲᠦᠮᠵᠢ ᠯᠤᠭ᠎ᠠ 7᠄ 3 ᠶᠢᠨ | ᠬᠠᠷᠢᠴᠠᠯ ᠢᠶᠠᠷ ᠨᠢᠭᠡ ᠬᠢᠴᠢᠶᠡᠯ ᠤᠨ ᠬᠢᠷᠢ ᠪᠦᠲᠦᠮᠵᠢ ᠪᠣᠯᠭᠠᠨ ᠨᠤᠭᠤᠯᠤᠨ ᠪᠤᠳᠤᠵᠤ ᠶᠡᠷᠦᠩᠬᠡᠢ ᠬᠤᠪᠢ ᠳᠤᠨᠢ | ᠲᠡᠮᠲᠡᠭᠯᠡᠨ ᠣᠷᠤᠭᠤᠯᠤᠨ᠎ᠠ᠃ ᠳᠡᠭᠡᠳᠦ ᠰᠤᠷᠭᠠᠭᠤᠯᠢ ᠶᠢᠨ ᠰᠢᠯᠭᠠᠯᠲᠠ ᠪᠣᠯᠣᠨ ᠦᠨᠳᠦᠷ ᠳᠤᠮᠳᠠᠳᠤ ᠶᠢᠨ | ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠬᠢᠷᠢ ᠪᠦᠲᠦᠮᠵᠢ ᠶᠢ ᠨᠢᠭᠡᠲᠦᠯᠲᠡᠢ ᠪᠣᠯᠭᠠᠬᠤ ᠳᠤ ᠰᠠᠭᠤᠷᠢᠯᠠᠨ᠂ | ᠶᠡᠷᠦᠩᠬᠡᠢ ᠬᠡᠪ ᠴᠢᠨᠠᠷ ᠤᠨ ᠦᠨᠡᠯᠡᠯᠲᠡ ᠪᠠᠷ ᠯᠠᠪᠯᠠᠯᠲᠠ ᠪᠣᠯᠭᠠᠭᠰᠠᠨ ᠡᠷᠬᠡ ᠲᠡᠭᠰᠢ᠂ ᠣᠯᠠᠨ ᠡᠰᠢᠲᠦ ᠡᠯᠰᠡᠨ ᠠᠪᠬᠤ | ᠲᠣᠭᠲᠠᠴᠠ ᠶᠢ ᠠᠯᠬᠤᠮ ᠠᠯᠬᠤᠮ ᠢᠶᠠᠷ ᠰᠦᠪᠡᠭᠴᠢᠯᠡᠨ ᠪᠠᠶᠢᠭᠤᠯᠤᠨ᠎ᠠ᠃ ᠣᠷᠣᠨ ᠤ ᠳᠤᠲᠤᠷᠠᠬᠢ ᠳᠡᠭᠡᠳᠦ | ᠵᠡᠷᠭᠡ ᠶᠢᠨ ᠰᠤᠷᠭᠠᠭᠤᠯᠢ ᠶᠢᠨ ᠦᠨᠳᠦᠰᠦᠲᠡᠨ ᠤ ᠠᠩᠭᠢ᠂ ᠦᠨᠳᠦᠰᠦᠲᠡᠨ ᠤ ᠪᠡᠯᠡᠳᠭᠡᠯ ᠠᠩᠭᠢ᠂ ︽ᠭᠤᠷᠪᠠᠨ | ᠴᠦᠬᠡᠨ ᠲᠣᠭᠠᠲᠤ ᠦᠨᠳᠦᠰᠦᠲᠡᠨ︾ ᠤ ᠪᠡᠯᠡᠳᠭᠡᠯ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠰᠢᠰᠲ᠋ᠧᠮ ᠢᠶᠠᠷ ᠢᠶᠠᠨ ᠰᠤᠷᠤᠭᠴᠢ ᠡᠯᠰᠡᠬᠦ ᠵᠡᠷᠭᠡ ᠰᠤᠷᠤᠭᠴᠢ ᠡᠯᠰᠡᠬᠦ ᠬᠠᠮᠢᠶᠠᠷᠤᠯᠲᠠ ᠶᠢᠨ | ᠠᠷᠭ᠎ᠠ ᠶᠢ ᠲᠡᠭᠦᠯᠳᠡᠷᠵᠢᠭᠦᠯᠦᠨ᠎ᠡ᠃ | ︵ᠳᠤᠯᠤᠭ᠎ᠠ︶ ᠴᠦᠬᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠬᠦᠮᠦᠵᠢᠭᠦᠯᠬᠦ ᠶᠠᠰᠤ ᠴᠢᠨᠠᠷ ᠢ | ᠳᠡᠭᠡᠭᠰᠢᠯᠡᠭᠦᠯᠦᠨ᠎ᠡ᠃ | ᠬᠤᠣᠰ ᠬᠡᠯᠡᠨ ᠤ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠮᠣᠩᠭᠤᠯ ᠦᠭᠡ ᠬᠡᠯᠡ | ᠦᠰᠦᠭ ᠪᠢᠴᠢᠭ ᠪᠣᠯᠣᠨ ᠤᠯᠤᠰ ᠲᠤ ᠨᠡᠶᠢᠳᠡᠮ ᠬᠡᠷᠡᠭᠯᠡᠭᠳᠡᠬᠦ ᠦᠭᠡ ᠬᠡᠯᠡ ᠦᠰᠦᠭ ᠪᠢᠴᠢᠭ ᠤᠨ ᠰᠤᠷᠭᠠᠨ | ᠬᠦᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠵᠢᠷᠤᠮᠵᠢᠭᠤᠯᠤᠨ᠎ᠠ᠃ ᠦᠨᠳᠦᠰᠦᠲᠡᠨ ᠤ ᠬᠡᠯᠡ ᠬᠢᠲᠠᠳ ᠬᠡᠯᠡ ᠶᠢ | ᠬᠤᠣᠰᠯᠠᠭᠤᠯᠬᠤ ᠪᠠᠷ ᠦᠨᠳᠦᠰᠦᠨ ᠬᠠᠷᠠᠯᠲᠠ ᠪᠣᠯᠭᠠᠵᠤ᠂ ᠰᠤᠷᠬᠤ ᠨᠠᠰᠤᠨ ᠠᠴᠠ ᠡᠮᠦᠨᠡᠬᠢ ᠠᠴᠠ ᠳᠤᠮᠳᠠᠳᠤ ᠪᠠᠭ᠎ᠠ | ᠰᠤᠷᠭᠠᠭᠤᠯᠢ ᠪᠠ ᠳᠡᠭᠡᠳᠦ ᠵᠡᠷᠭᠡ ᠶᠢᠨ ᠰᠤᠷᠭᠠᠭᠤᠯᠢ ᠶᠢᠨ ᠡᠯ᠎ᠡ ᠱᠠᠲᠤ ᠦᠶ᠎ᠡ ᠬᠦᠷᠲᠡᠯᠡᠬᠢ ᠶᠢ ᠪᠦᠲᠦᠮᠵᠢᠲᠡᠢ | ᠵᠤᠯᠭᠠᠭᠤᠯᠬᠤ᠂ ᠵᠢᠭᠠᠨ ᠰᠤᠷᠭᠠᠬᠤ ᠵᠠᠭᠪᠤᠷ ᠬᠢᠭᠡᠳ ᠰᠤᠷᠤᠭᠴᠢᠳ ᠤᠨ ᠰᠤᠷᠤᠯᠴᠠᠬᠤ ᠴᠢᠳᠠᠪᠤᠷᠢ ᠬᠠᠷᠢᠯᠴᠠᠨ | ᠵᠣᠬᠢᠴᠠᠬᠤ᠂ ᠪᠠᠭᠰᠢ ᠶᠢᠨ ᠡᠩᠨᠡᠭᠡ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠨᠢ ᠬᠡᠷᠡᠭᠴᠡᠭᠡ ᠶᠢ ᠬᠠᠩᠭᠠᠭᠰᠠᠨ | ᠬᠤᠣᠰ ᠬᠡᠯᠡᠨ ᠤ ᠰᠤᠷᠭᠠᠨ ᠬᠦᠮᠦᠵᠢᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠱᠠᠲᠤ ᠦᠶ᠎ᠡ ᠳᠤ ᠬᠡᠦᠬᠡᠳ ᠤᠨ ᠲᠤᠰ ᠦᠨᠳᠦᠰᠦᠲᠡᠨ ᠤ ᠦᠭᠡ | ᠬᠡᠯᠡ ᠪᠠᠨ ᠰᠤᠷᠤᠯᠴᠠᠬᠤ ᠴᠢᠳᠠᠪᠤᠷᠢ ᠪᠣᠯᠣᠨ ᠬᠢᠲᠠᠳ ᠬᠡᠯᠡ ᠰᠤᠷᠤᠯᠴᠠᠬᠤ ᠳᠤᠷ᠎ᠠ ᠪᠠᠬ᠎ᠠ ᠶᠢ ᠨᠢ ᠬᠦᠮᠦᠵᠢᠭᠦᠯᠦᠨ᠎ᠡ︔ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠳᠤ ᠲᠤᠰ ᠦᠨᠳᠦᠰᠦᠲᠡᠨ ᠤ ᠦᠭᠡ ᠬᠡᠯᠡ ᠦᠰᠦᠭ | ᠪᠢᠴᠢᠭ ᠪᠣᠯᠣᠨ ᠬᠢᠲᠠᠳ ᠦᠭᠡ ᠬᠡᠯᠡ ᠦᠰᠦᠭ ᠪᠢᠴᠢᠭ ᠢ ᠦᠨᠳᠦᠰᠦᠨ ᠳᠡᠭᠡᠨ ᠡᠵᠡᠮᠰᠢᠭᠦᠯᠦᠨ᠎ᠡ︔ ᠦᠨᠳᠦᠷ | ᠳᠤᠮᠳᠠᠳᠤ ᠶᠢᠨ ᠱᠠᠲᠤ ᠦᠶ᠎ᠡ ᠶᠢᠨ ᠰᠤᠷᠭᠠᠨ ᠬᠦᠮᠦᠵᠢᠯ ᠨᠢ ᠲᠤᠰ ᠦᠨᠳᠦᠰᠦᠲᠡᠨ ᠤ ᠦᠭᠡ ᠬᠡᠯᠡ ᠦᠰᠦᠭ ᠪᠢᠴᠢᠭ | ᠪᠣᠯᠣᠨ ᠬᠢᠲᠠᠳ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠬᠡᠷᠡᠭᠯᠡᠭᠦᠯᠦᠨ᠎ᠡ︔ ᠳᠡᠭᠡᠳᠦ ᠵᠡᠷᠭᠡ ᠶᠢᠨ | ᠰᠤᠷᠭᠠᠨ ᠬᠦᠮᠦᠵᠢᠯ ᠲᠡᠭᠦᠰᠦᠭᠰᠡᠳ ᠪᠣᠯ ᠨᠡᠯᠢᠶᠡᠳ ᠦᠨᠳᠦᠷ ᠰᠢᠨᠵᠢᠯᠡᠬᠦ ᠤᠬᠠᠭᠠᠨ ᠰᠤᠶᠤᠯ ᠤᠨ ᠬᠡᠪ ᠴᠢᠨᠠᠷ᠂ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢ᠂ ᠨᠡᠶᠢᠭᠡᠮ ᠳᠤ ᠵᠣᠬᠢᠴᠠᠬᠤ ᠴᠢᠳᠠᠪᠤᠷᠢ ᠶᠢ | ᠪᠦᠷᠢᠯᠳᠦᠭᠦᠯᠵᠦ᠂ ᠦᠨᠳᠦᠰᠦᠲᠡᠨ ᠤ ᠬᠡᠯᠡ ᠬᠢᠲᠠᠳ ᠬᠡᠯᠡ ᠬᠤᠣᠰᠯᠠᠭᠰᠠᠨ ᠦᠨᠳᠦᠷ ᠬᠡᠪ ᠴᠢᠨᠠᠷ ᠲᠠᠢ ᠴᠢᠳᠠᠪᠤᠷᠢᠲᠠᠨ | ᠪᠣᠯᠣᠨ᠎ᠠ᠃ ᠳᠡᠭᠡᠳᠦ ᠳᠡᠰ ᠤᠨ ᠴᠢᠳᠠᠪᠤᠷᠢᠲᠠᠨ ᠬᠦᠮᠦᠵᠢᠭᠦᠯᠬᠦ ᠬᠡᠪᠴᠢᠶᠡᠵᠢᠯ ᠢ ᠡᠮᠬᠢ ᠵᠢᠷᠤᠮ ᠲᠠᠢ ᠦᠷᠭᠡᠳᠭᠡᠵᠦ᠂ | ︽ᠴᠦᠬᠡᠨ ᠲᠣᠭᠠᠲᠤ ᠦᠨᠳᠦᠰᠦᠲᠡᠨ ᠤ ᠳᠡᠭᠡᠳᠦ ᠳᠡᠰ ᠤᠨ ᠨᠢᠷᠤᠭᠤᠪᠴᠢ ᠴᠢᠳᠠᠪᠤᠷᠢᠲᠠᠨ ᠤ ᠲᠦᠯᠦᠪᠯᠡᠭᠡ︾ ᠶᠢ | ᠦᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠭᠡᠭᠵᠢᠭᠦᠯᠬᠦ ᠢᠨᠵᠧᠨᠧᠷᠢᠩ ᠤᠨ | ᠨᠢᠭᠡᠲᠦᠯᠲᠡᠢ ᠲᠦᠯᠦᠪᠯᠡᠵᠦ ᠬᠠᠮᠢᠶᠠᠷᠬᠤ ᠳᠤ ᠣᠷᠤᠭᠤᠯᠤᠨ᠂ ᠲᠡᠭᠦᠰᠦᠭᠰᠡᠳ ᠢ ᠲᠠᠨᠢᠯᠴᠠᠭᠤᠯᠤᠨ ᠠᠵᠢᠯ ᠣᠯᠭᠤᠬᠤ | ᠠᠵᠢᠯ ᠢ ᠰᠠᠶᠢᠲᠤᠷ ᠬᠢᠨ᠎ᠡ᠃ ᠤᠯᠤᠰ ᠠᠴᠠ ᠬᠡᠷᠡᠭᠵᠢᠭᠦᠯᠦᠭᠰᠡᠨ ︽ᠴᠦᠬᠡᠨ ᠲᠣᠭᠠᠲᠤ ᠦᠨᠳᠦᠰᠦᠲᠡᠨ ᠤ ᠳᠡᠭᠡᠳᠦ | ᠦᠵᠦᠬᠦᠷ ᠤᠨ ᠴᠢᠳᠠᠪᠤᠷᠢᠲᠠᠨ ᠬᠦᠮᠦᠵᠢᠭᠦᠯᠬᠦ︾ ᠪᠠ ︽ᠤᠯᠤᠰ ᠤᠨ ᠠᠯᠪᠠᠨ ᠠᠴᠠ ᠲᠣᠮᠢᠯᠠᠨ ᠭᠠᠳᠠᠭᠠᠲᠤ ᠳᠤ | ᠰᠤᠷᠤᠯᠴᠠᠭᠤᠯᠬᠤ ᠪᠠᠷᠠᠭᠤᠨ ᠬᠡᠰᠡᠭ ᠤᠨ ᠣᠨᠴᠤᠭᠤᠢ ᠲᠦᠷᠦᠯ ᠵᠦᠢᠯ︾ ᠤᠨ ᠳᠡᠮᠵᠢᠯᠭᠡ ᠶᠢ ᠴᠢᠷᠮᠠᠶᠢᠨ ᠣᠯᠵᠤ᠂ | ᠤᠯᠤᠰ ᠲᠥᠷᠥ ᠶᠢᠨ ᠬᠡᠪ ᠴᠢᠨᠠᠷ ᠢᠶᠠᠷ ᠦᠨᠳᠦᠷ᠂ ᠡᠷᠳᠡᠮ ᠰᠢᠨᠵᠢᠯᠡᠭᠡᠨ ᠤ ᠪᠦᠲᠦᠮᠵᠢ ᠪᠠᠷ ᠶᠡᠬᠡᠲᠡᠢ᠂ ᠣᠯᠠᠨ | ᠤᠯᠤᠰ ᠤᠨ ᠨᠦᠯᠦᠭᠡᠯᠡᠬᠦ ᠬᠦᠴᠦᠨ ᠪᠠ ᠦᠵᠡᠯᠳᠡ ᠪᠠᠨ ᠶᠠᠷᠢᠵᠦ ᠬᠡᠯᠡᠬᠦ ᠡᠷᠬᠡ ᠲᠠᠢ ᠨᠢᠭᠡ ᠪᠦᠯᠦᠭ ᠴᠦᠬᠡᠨ | ᠲᠣᠭᠠᠲᠤ ᠦᠨᠳᠦᠰᠦᠲᠡᠨ ᠤ ᠰᠢᠯᠢᠳᠡᠭ ᠴᠢᠳᠠᠪᠤᠷᠢᠲᠠᠨ ᠢ ᠬᠦᠮᠦᠵᠢᠭᠦᠯᠦᠨ᠂ ᠪᠦᠬᠦ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠬᠦᠴᠦᠨ ᠲᠡᠭᠦᠯᠳᠡᠷ ᠴᠢᠳᠠᠪᠤᠷᠢᠲᠠᠨ ᠤ ᠳᠡᠮᠵᠢᠯᠭᠡ ᠪᠠ ᠣᠶᠣᠨ ᠤ ᠲᠤᠯᠭᠠᠭᠤᠷᠢᠯᠠᠯ ᠢ | ᠬᠠᠩᠭᠠᠨ᠎ᠠ᠃ | ᠭᠤᠷᠪᠠ᠂ ᠦᠨᠳᠦᠰᠦᠲᠡᠨ ᠤ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ | ︵ᠨᠢᠭᠡ︶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠲᠦᠷᠭᠡᠳᠭᠡᠨ ᠲᠦᠭᠡᠮᠡᠯᠵᠢᠭᠦᠯᠦᠨ᠎ᠡ᠃ | ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠦᠮᠦᠵᠢᠯ ᠳᠤ ᠠᠯᠪᠠᠨ ᠠᠴᠠ ᠡᠷᠬᠢᠯᠡᠬᠦ ᠪᠠᠶᠢᠭᠤᠯᠤᠯ ᠢ ᠬᠡᠷᠡᠭᠵᠢᠭᠦᠯᠦᠨ᠎ᠡ᠃ ᠪᠤᠶᠢᠲᠠ ᠪᠦᠭᠯᠡᠭᠦᠦ ᠶᠠᠳᠠᠭᠤ | ᠬᠦᠴᠢᠷᠳᠡᠯᠲᠡᠢ ᠭᠠᠵᠠᠷ ᠣᠷᠣᠨ᠂ ᠬᠢᠯᠢ ᠬᠢᠵᠠᠭᠠᠷ ᠣᠷᠣᠨ᠂ ᠴᠦᠬᠡᠨ ᠲᠣᠭᠠᠲᠤ ᠦᠨᠳᠦᠰᠦᠲᠡᠨ ᠤ ᠲᠦᠪᠯᠡᠷᠡᠨ | ᠰᠠᠭᠤᠭᠰᠠᠨ ᠭᠠᠵᠠᠷ ᠣᠷᠣᠨ᠂ ︽ᠭᠤᠷᠪᠠᠨ ᠴᠦᠬᠡᠨ ᠲᠣᠭᠠᠲᠤ ᠦᠨᠳᠦᠰᠦᠲᠡᠨ︾ ᠤ ᠭᠠᠵᠠᠷ ᠣᠷᠣᠨ ᠢᠶᠠᠷ | ᠭᠤᠣᠯᠳᠠᠯᠭ᠎ᠠ ᠪᠣᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ | ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠠ ᠮᠤᠩᠭᠤᠯ ᠦᠨᠳᠦᠰᠦᠲᠡᠨ ᠤ ᠲᠦᠪᠯᠡᠷᠡᠨ ᠰᠠᠭᠤᠭᠰᠠᠨ | ᠭᠠᠵᠠᠷ ᠣᠷᠣᠨ ᠳᠤ ᠮᠣᠩᠭᠤᠯ ᠢᠶᠠᠷ ᠬᠢᠴᠢᠶᠡᠯᠯᠡᠬᠦ ᠪᠠᠷ ᠭᠤᠣᠯᠯᠠᠭᠰᠠᠨ ᠦᠨᠳᠦᠰᠦᠲᠡᠨ ᠤ ᠬᠡᠦᠬᠡᠳ ᠤᠨ ᠴᠡᠴᠡᠷᠯᠢᠭ ᠢ | ᠲᠤᠰᠠᠭᠠᠷ ᠪᠠᠶᠢᠭᠤᠯᠵᠤ᠂ ᠮᠤᠩᠭᠤᠯ ᠦᠨᠳᠦᠰᠦᠲᠡᠨ ᠲᠠᠷᠬᠠᠵᠤ ᠬᠤᠯᠢᠯᠳᠤᠨ ᠰᠠᠭᠤᠭᠰᠠᠨ ᠭᠠᠵᠠᠷ ᠣᠷᠣᠨ ᠪᠠ | ᠪᠤᠰᠤᠳ ᠴᠦᠬᠡᠨ ᠲᠣᠭᠠᠲᠤ ᠦᠨᠳᠦᠰᠦᠲᠡᠨ ᠤ ᠲᠦᠪᠯᠡᠷᠡᠨ ᠰᠠᠭᠤᠭᠰᠠᠨ ᠭᠠᠵᠠᠷ ᠣᠷᠣᠨ ᠳᠤ ᠵᠣᠬᠢᠬᠤ | ᠦᠨᠳᠦᠰᠦᠲᠡᠨ ᠤ ᠬᠡᠦᠬᠡᠳ ᠤᠨ ᠴᠡᠴᠡᠷᠯᠢᠭ ᠢ ᠲᠤᠰᠠᠭᠠᠷ ᠪᠠᠶᠢᠭᠤᠯᠬᠤ ᠪᠣᠶᠣ ᠲᠣᠬᠠᠢ ᠶᠢᠨ ᠭᠠᠵᠠᠷ ᠤᠨ ᠡᠩ ᠤᠨ | ᠬᠡᠦᠬᠡᠳ ᠤᠨ ᠴᠡᠴᠡᠷᠯᠢᠭ ᠲᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠳᠡᠭ ᠵᠢᠭᠠᠨ ᠰᠤᠷᠭᠠᠬᠤ ᠠᠩᠭᠢ ᠶᠢ | ᠨᠡᠭᠡᠭᠡᠵᠦ᠂ ᠴᠦᠬᠡᠨ ᠲᠣᠭᠠᠲᠤ ᠦᠨᠳᠦᠰᠦᠲᠡᠨ ᠤ ᠵᠣᠬᠢᠬᠤ ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠣᠷᠤᠪᠠᠰᠤ ᠵᠣᠬᠢᠬᠤ ᠶᠢ ᠨᠢ ᠪᠦᠬᠦᠨ ᠢ ᠣᠷᠤᠭᠤᠯᠤᠨ᠎ᠠ᠃ ᠬᠡᠷᠡᠭᠴᠡᠭᠡ ᠪᠠᠨ | ᠦᠨᠳᠦᠰᠦᠯᠡᠨ᠂ ᠰᠤᠮᠤ ᠰᠢᠶᠠᠩ ᠪᠠᠯᠭᠠᠰᠤ ᠶᠢᠨ ᠰᠠᠭᠤᠭ᠎ᠠ ᠭᠠᠵᠠᠷ ᠲᠤ ᠲᠤᠰᠠᠭᠠᠷ ᠡᠷᠬᠢᠯᠡᠬᠦ᠂ ᠭᠠᠴᠠᠭ᠎ᠠ ᠲᠤᠰᠬᠤᠨ | ᠬᠠᠮᠲᠤᠷᠠᠨ ᠡᠷᠬᠢᠯᠡᠭᠡᠳ ᠠᠮᠵᠢᠯᠲᠠ ᠣᠯᠣᠭᠰᠠᠨ ᠠᠷᠭ᠎ᠠ ᠪᠠᠷᠢᠯ ᠢ ᠳᠡᠯᠭᠡᠷᠡᠭᠦᠯᠬᠦ ᠰᠠᠭᠤᠷᠢᠨ ᠳᠡᠭᠡᠷ᠎ᠡ᠂ ᠮᠠᠯᠵᠢᠬᠤ | ᠣᠷᠣᠨ ᠤ ᠣᠯᠠᠨ ᠵᠦᠢᠯ ᠤᠨ ᠬᠡᠯᠪᠡᠷᠢ ᠮᠠᠶ᠋ᠢᠭ ᠤᠨ ᠬᠡᠦᠬᠡᠳ ᠤᠨ ᠴᠡᠴᠡᠷᠯᠢᠭ ᠢ ᠠᠮᠢᠳᠤᠯᠢᠭ ᠢᠶᠠᠷ ᠨᠡᠭᠡᠭᠡᠨ ᠡᠷᠬᠢᠯᠡᠵᠦ | ᠪᠣᠯᠣᠨ᠎ᠠ᠂ ᠬᠤᠰᠢᠭᠤ ᠰᠢᠶᠠᠨ ᠤ ᠱᠠᠲᠤᠨ ᠤ ᠦᠨᠳᠦᠰᠦᠲᠡᠨ ᠤ ᠬᠡᠦᠬᠡᠳ ᠤᠨ ᠴᠡᠴᠡᠷᠯᠢᠭ ᠲᠠᠢ ᠬᠤᠯᠪᠣᠭᠠᠯᠠᠬᠤ | ᠬᠡᠯᠪᠡᠷᠢ ᠪᠠᠷ ᠨᠠᠶᠢᠳᠠᠨ ᠡᠷᠬᠢᠯᠡᠭᠦᠯᠵᠦ ᠨᠠᠶᠢᠳᠠᠨ ᠬᠠᠮᠢᠶᠠᠷᠤᠭᠤᠯᠵᠤ᠂ ᠠᠰᠠᠷᠠᠨ ᠬᠦᠮᠦᠵᠢᠭᠦᠯᠬᠦ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠴᠢᠬᠤᠯᠠ ᠪᠦᠬᠦᠢ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ | ᠲᠣᠬᠢᠷᠠᠭᠤᠯᠤᠨ᠂ ᠴᠡᠴᠡᠷᠯᠢᠭ ᠡᠷᠬᠢᠯᠡᠬᠦ ᠪᠠ ᠠᠰᠠᠷᠠᠨ ᠬᠦᠮᠦᠵᠢᠭᠦᠯᠬᠦ ᠨᠦᠬᠦᠴᠡᠯ ᠢ ᠰᠠᠶᠢᠵᠢᠷᠠᠭᠤᠯᠤᠨ᠎ᠠ᠃ | ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠪᠠᠭ᠎ᠠ ᠰᠤᠷᠭᠠᠭᠤᠯᠢᠵᠢᠭᠤᠯᠬᠤ ᠬᠠᠨᠳᠤᠰᠢ ᠶᠢ ᠴᠢᠩᠭ᠎ᠠ | ᠴᠠᠭᠠᠵᠠᠯᠠᠨ᠎ᠠ᠃ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠪᠣᠯᠣᠨ ᠠᠰᠠᠷᠠᠨ ᠬᠦᠮᠦᠵᠢᠭᠦᠯᠬᠦ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ᠬᠡᠦᠬᠡᠳ ᠤᠨ ᠴᠡᠴᠡᠷᠯᠢᠭ ᠤᠨ ᠠᠰᠠᠷᠠᠨ ᠬᠦᠮᠦᠵᠢᠭᠦᠯᠦᠭᠴᠢ ᠶᠢ ᠵᠦᠢ ᠵᠣᠬᠢᠰᠲᠠᠢ | ᠲᠣᠬᠢᠷᠠᠭᠤᠯᠤᠨ᠎ᠠ᠃ ᠬᠡᠦᠬᠡᠳ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ | ᠠᠮᠢᠳᠤᠷᠠᠯ ᠤᠨ ᠣᠯᠭᠤᠮᠵᠢ ᠶᠢ ᠨᠢ ᠳᠡᠭᠡᠭᠰᠢᠯᠡᠭᠦᠯᠦᠨ᠂ ᠡᠩᠨᠡᠭᠡ ᠶᠢ ᠲᠣᠭᠲᠠᠭᠤᠨ ᠪᠠᠶᠢᠯᠭᠠᠵᠤ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠶᠠᠰᠤ ᠴᠢᠨᠠᠷ ᠢ ᠦᠨᠡᠨᠬᠦ ᠪᠠᠲᠤᠯᠠᠨ᠎ᠠ᠃ | ︵ᠬᠤᠶᠠᠷ︶ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠥᠭᠵᠢᠬᠦ ᠶᠢ | ᠠᠬᠢᠭᠤᠯᠤᠨ᠎ᠠ᠃ | ᠴᠦᠬᠡᠨ ᠲᠣᠭᠠᠲᠤ ᠦᠨᠳᠦᠰᠦᠲᠡᠨ ᠤ ᠣᠳᠣ ᠶᠢᠨ ᠪᠠᠶᠢᠭ᠎ᠠ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠰᠤᠷᠭᠠᠭᠤᠯᠢ ᠶᠢᠨ ᠪᠠᠶᠢᠷᠢᠰᠢᠭᠤᠯᠤᠯ᠂ ᠬᠡᠪᠴᠢᠶᠡᠵᠢᠯ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠰᠤᠷᠭᠠᠭᠤᠯᠢ | ᠡᠷᠬᠢᠯᠡᠬᠦ ᠨᠦᠬᠦᠴᠡᠯ ᠢ ᠪᠠᠷᠢᠮᠵᠢᠶᠠᠵᠢᠭᠤᠯᠬᠤ ᠪᠠ ᠬᠤᠰᠢᠭᠤ ᠰᠢᠶᠠᠨ ᠤ ᠬᠡᠪᠴᠢᠶᠡᠨ ᠳᠤ ᠲᠡᠩᠴᠡᠭᠦᠷᠢᠲᠡᠢ ᠬᠥᠭᠵᠢᠬᠦ ᠶᠢ | ᠤᠷᠢᠳᠠᠪᠠᠷ ᠪᠡᠶᠡᠯᠡᠭᠦᠯᠦᠨ᠎ᠡ᠃ ᠶᠠᠳᠠᠭᠤ ᠶᠢ ᠲᠡᠳᠭᠦᠨ ᠨᠡᠭᠡᠭᠡᠨ ᠬᠥᠭᠵᠢᠭᠦᠯᠬᠦ᠂ ᠠᠮᠢ ᠠᠬᠤᠢ ᠶᠢᠨ ᠨᠡᠭᠦᠳᠡᠯ ᠠᠷᠠᠳ᠂ | ᠬᠤᠲᠠ ᠪᠠᠯᠭᠠᠰᠤᠴᠢᠯᠠᠬᠤ ᠪᠦᠲᠦᠭᠡᠨ ᠪᠠᠶᠢᠭᠤᠯᠤᠯᠲᠠ ᠪᠣᠯᠣᠨ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ | ᠵᠡᠷᠭᠡ ᠶᠢᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠴᠢᠬᠤᠯᠠ ᠪᠦᠬᠦᠢ ᠲᠤᠰᠬᠤᠨ ᠤ ᠪᠠᠭ᠎ᠠ | ᠰᠤᠷᠭᠠᠭᠤᠯᠢ ᠪᠣᠯᠣᠨ ᠵᠢᠭᠠᠨ ᠰᠤᠷᠭᠠᠯᠲᠠ ᠶᠢᠨ ᠴᠢᠬ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠦᠯᠡᠳᠡᠭᠡᠬᠦ ᠶᠢᠨ ᠬᠠᠮᠲᠤ ᠰᠠᠶᠢᠲᠤᠷ ᠡᠷᠬᠢᠯᠡᠨ᠎ᠡ᠃ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠦᠯᠦᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠬᠢᠴᠢᠶᠡᠯ ᠪᠣᠯᠣᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠬᠢᠴᠢᠶᠡᠯ ᠢ | ᠪᠦᠷᠢᠨ ᠭᠦᠢᠴᠡᠳ ᠨᠡᠭᠡᠭᠡᠵᠦ᠂ ᠦᠨᠳᠦᠰᠦᠲᠡᠨ ᠤ ᠣᠨᠴᠠᠯᠢᠭ ᠲᠠᠢ᠂ ᠣᠷᠣᠨ ᠨᠤᠲᠤᠭ ᠤᠨ ᠣᠨᠴᠠᠯᠢᠭ ᠲᠠᠢ ᠣᠷᠣᠨ | ᠨᠤᠲᠤᠭ ᠤᠨ ᠬᠢᠴᠢᠶᠡᠯ ᠪᠣᠯᠣᠨ ᠰᠤᠷᠭᠠᠭᠤᠯᠢ ᠶᠢᠨ ᠬᠢᠴᠢᠶᠡᠯ ᠢ ᠨᠡᠭᠡᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ | ᠰᠢᠯᠵᠢᠭᠦᠯᠦᠨ ᠨᠡᠭᠦᠯᠭᠡᠭᠰᠡᠨ ᠬᠦᠮᠦᠨ ᠠᠮᠠ ᠪᠣᠯᠣᠨ ᠪᠤᠰᠤᠳ ᠬᠤᠲᠠ ᠣᠷᠤᠵᠤ ᠬᠦᠴᠦ ᠶᠠᠪᠤᠭᠰᠠᠳ ᠤᠨ ᠳᠠᠭᠠᠵᠤ | ᠨᠡᠭᠦᠭᠰᠡᠨ ᠦᠷ᠎ᠡ ᠬᠡᠦᠬᠡᠳ ᠤᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠡᠷᠬᠡ | ᠠᠰᠢᠭ ᠢ ᠬᠠᠤᠯᠢ ᠶᠤᠰᠤᠭᠠᠷ ᠪᠠᠲᠤᠯᠠᠨ᠎ᠠ᠃ ᠰᠤᠷᠤᠯᠭ᠎ᠠ ᠲᠣᠷᠭᠤᠮᠳᠠᠬᠤ ᠶᠢ ᠡᠵᠡᠮᠳᠡᠵᠦ ᠰᠤᠷᠤᠯᠭ᠎ᠠ ᠶᠢ ᠪᠠᠲᠤᠯᠠᠬᠤ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ | ᠦᠯᠡᠳᠡᠵᠦ ᠰᠠᠬᠢᠭᠰᠠᠨ ᠬᠡᠦᠬᠡᠳ ᠢ ᠬᠠᠷᠠᠭᠠᠯᠵᠠᠨ ᠬᠠᠶᠢᠷᠠᠯᠠᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠴᠦᠬᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠡᠯᠢᠭᠡᠨ ᠰᠠᠳᠤᠨ ᠤ ᠬᠠᠶᠢᠷ᠎ᠠ ᠶᠢᠨ | ᠬᠦᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ ᠢ ᠴᠢᠬᠤᠯᠠᠴᠢᠯᠠᠨ᠂ ᠰᠤᠷᠤᠭᠴᠢᠳ ᠤᠨ ᠪᠠᠶᠠᠷ | ᠴᠡᠩᠭᠡᠯ ᠲᠠᠢ ᠦᠰᠦᠨ ᠪᠤᠶᠢᠵᠢᠬᠤ ᠶᠢ ᠠᠬᠢᠭᠤᠯᠤᠨ᠎ᠠ᠃ | ︵ᠭᠤᠷᠪᠠ︶ ᠡᠩ ᠤᠨ ᠦᠨᠳᠦᠷ ᠳᠤᠮᠳᠠᠳᠤ ᠰᠤᠷᠭᠠᠭᠤᠯᠢ ᠶᠢ ᠣᠯᠠᠨ ᠶᠠᠩᠵᠤ ᠲᠠᠢ ᠪᠦᠭᠡᠳ ᠣᠨᠴᠠᠯᠢᠭ ᠲᠠᠢ | ᠡᠷᠬᠢᠯᠡᠬᠦ ᠶᠢ ᠳᠡᠮᠵᠢᠨ᠎ᠡ᠃ | ᠨᠦᠬᠦᠴᠡᠯ ᠪᠦᠷᠢᠯᠳᠦᠬᠦᠯᠵᠦ ᠪᠠᠶᠢᠭᠠᠳ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠪᠠ ︽ | ᠭᠤᠷᠪᠠᠨ ᠴᠦᠬᠡᠨ ᠲᠣᠭᠠᠲᠤ ᠦᠨᠳᠦᠰᠦᠲᠡᠨ︾ ᠤ ᠦᠪᠡᠷᠲᠡᠭᠡᠨ ᠵᠠᠰᠠᠬᠤ ᠬᠤᠰᠢᠭᠤ ᠶᠢᠨ ᠦᠨᠳᠦᠰᠦᠲᠡᠨ ᠤ ᠡᠩ ᠤᠨ | ᠦᠨᠳᠦᠷ ᠳᠤᠮᠳᠠᠳᠤ ᠰᠤᠷᠭᠠᠭᠤᠯᠢ ᠶᠢ ᠪᠦᠬᠦᠨ ᠢᠶᠠᠷ ᠨᠢ ᠦᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ | ᠰᠢᠯᠢᠳᠡᠭ ᠰᠤᠷᠭᠠᠭᠤᠯᠢ ᠶᠢᠨ ᠡᠩᠨᠡᠭᠡ ᠳᠤ ᠣᠷᠤᠭᠤᠯᠬᠤ ᠶᠢ ᠦᠨᠡᠨᠬᠦ ᠪᠠᠲᠤᠯᠠᠨ᠎ᠠ᠃ ᠤᠯᠤᠰ ᠤᠨ ᠪᠠᠷᠢᠮᠵᠢᠶ᠎ᠠ | ᠶᠤᠰᠤᠭᠠᠷ ᠨᠣᠮ ᠪᠢᠴᠢᠭ᠂ ᠲᠣᠷᠰᠢᠯᠲᠠ ᠶᠢᠨ ᠲᠠᠰᠤᠭ᠂ ᠴᠢᠳᠠᠮᠵᠢᠲᠦ ᠠᠩᠭᠢ ᠶᠢᠨ ᠭᠡᠷ᠂ ᠵᠢᠭᠠᠨ ᠰᠤᠷᠭᠠᠯᠲᠠ ᠶᠢᠨ | ᠪᠠᠭᠠᠵᠢ ᠬᠡᠷᠡᠭᠰᠡᠯ ᠲᠥᠭᠦᠭᠡᠷᠦᠮᠵᠢ᠂ ᠪᠡᠶ᠎ᠡ ᠶᠢᠨ ᠲᠠᠮᠢᠷ ᠤᠨ ᠪᠡᠯᠡᠳᠭᠡᠮᠵᠢ ᠶᠢ ᠪᠦᠷᠢᠨ ᠲᠣᠬᠢᠷᠠᠭᠤᠯᠤᠨ᠎ᠠ᠃ | ᠬᠢᠴᠢᠶᠡᠯ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠢᠴᠢᠶᠡᠯ ᠤᠨ ᠲᠠᠯ᠎ᠠ ᠪᠠᠷ ᠬᠢ | ᠤᠯᠤᠰ ᠤᠨ ᠲᠦᠰᠦᠯ ᠢ ᠨᠠᠶᠢᠳᠠᠪᠤᠷᠢᠵᠢᠭᠤᠯᠤᠨ᠂ ᠰᠤᠩᠭᠤᠨ ᠰᠤᠷᠬᠤ ᠬᠢᠴᠢᠶᠡᠯ ᠪᠣᠯᠣᠨ ᠰᠤᠷᠭᠠᠭᠤᠯᠢ ᠶᠢᠨ | ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠴᠢᠶᠡᠯ ᠰᠤᠩᠭᠤᠨ ᠠᠩᠭᠢ ᠰᠣᠯᠢᠬᠤ ᠶᠢ ᠬᠡᠷᠡᠭᠵᠢᠭᠦᠯᠦᠨ᠎ᠡ᠃ | ᠰᠠᠭᠤᠷᠢ ᠮᠡᠳᠡᠯᠭᠡ ᠪᠣᠯᠣᠨ ᠦᠨᠳᠦᠰᠦᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠷᠠᠭᠤᠯᠵᠤ᠂ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠬᠢᠴᠢᠶᠡᠯ ᠪᠣᠯᠣᠨ ᠲᠣᠷᠰᠢᠯᠲᠠ ᠶᠢᠨ ᠬᠢᠴᠢᠶᠡᠯ ᠤᠨ ᠵᠢᠭᠠᠨ ᠰᠤᠷᠭᠠᠯᠲᠠ ᠶᠢ ᠴᠢᠩᠭᠠᠳᠬᠠᠨ᠂ | ᠰᠤᠳᠤᠯᠭᠠᠨ ᠤ ᠴᠢᠨᠠᠷᠲᠠᠢ ᠰᠤᠷᠤᠯᠴᠠᠯᠭ᠎ᠠ᠂ ᠨᠡᠶᠢᠭᠡᠮ ᠲᠣᠭᠤᠷᠢᠭ ᠤᠨ ᠦᠢᠯᠡᠴᠢᠯᠡᠭᠡ ᠪᠣᠯᠣᠨ ᠨᠡᠶᠢᠭᠡᠮ ᠤᠨ | ᠦᠢᠯᠡᠳᠦᠯᠭᠡ ᠶᠢ ᠦᠷᠨᠢᠭᠦᠯᠵᠦ᠂ ᠰᠤᠷᠤᠭᠴᠢᠳ ᠤᠨ ᠪᠦᠬᠦ ᠲᠠᠯ᠎ᠠ ᠶᠢᠨ ᠪᠦᠭᠡᠳ ᠦᠪᠡᠷᠮᠢᠴᠡ ᠴᠢᠨᠠᠷᠲᠠᠢ | ᠬᠥᠭᠵᠢᠯᠲᠡ ᠶᠢ ᠠᠬᠢᠭᠤᠯᠤᠨ᠎ᠠ᠃ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠪᠣᠯᠣᠨ ᠶᠡᠷᠦᠩᠬᠡᠶᠢᠯᠡᠭᠭᠰᠡᠨ ᠬᠡᠪ | ᠴᠢᠨᠠᠷ ᠤᠨ ᠦᠨᠡᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠩ ᠤᠨ ᠦᠨᠳᠦᠷ ᠳᠤᠮᠳᠠᠳᠤ ᠰᠤᠷᠭᠠᠭᠤᠯᠢ ᠶᠢᠨ | ︽ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠶᠢ ᠬᠦᠮᠦᠵᠢᠭᠦᠯᠬᠦ ᠪᠠ ᠬᠢᠷᠢ ᠲᠡᠩᠴᠡᠭᠰᠡᠨ ᠴᠢᠳᠠᠪᠤᠷᠢᠲᠠᠨ ᠢ | ᠬᠦᠷᠭᠡᠬᠦ︾ ᠬᠤᠣᠰ ᠡᠭᠦᠷᠭᠡ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠰᠤᠷᠭᠠᠭᠤᠯᠢ ᠡᠷᠬᠢᠯᠡᠬᠦ ᠶᠠᠪᠤᠴᠠ ᠳᠠᠬᠢ | ᠣᠯᠠᠨ ᠶᠠᠩᠵᠤ ᠶᠢᠨ ᠪᠠ ᠦᠪᠡᠷᠮᠢᠴᠡ ᠣᠨᠴᠠᠯᠢᠭ ᠲᠠᠢ ᠬᠥᠭᠵᠢᠯᠲᠡ ᠶᠢ ᠠᠬᠢᠭᠤᠯᠤᠨ᠎ᠠ᠃ | ︵ᠳᠥᠷᠪᠡ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ | ᠣᠨᠴᠠᠯᠢᠭ ᠢ ᠳᠤᠪᠤᠶᠢᠯᠭᠠᠨ᠎ᠠ᠃ | ᠠᠳᠠᠯ ᠦᠢᠯᠡᠰ ᠴᠣᠭᠴᠠᠯᠠᠨ ᠠᠵᠢᠯ ᠣᠯᠭᠤᠬᠤ ᠪᠠᠷ ᠤᠳᠤᠷᠢᠳᠤᠮᠵᠢ ᠪᠣᠯᠭᠠᠵᠤ᠂ ᠴᠦᠬᠡᠨ ᠲᠣᠭᠠᠲᠤ | ᠦᠨᠳᠦᠰᠦᠲᠡᠨ ᠤ ᠣᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠭᠡᠬᠦ ᠪᠠ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠢᠷᠤᠮᠯᠠᠯ ᠪᠣᠯᠭᠠᠨ᠂ ᠦᠨᠳᠦᠰᠦᠲᠡᠨ ᠤ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠢ ᠢᠳᠡᠪᠬᠢᠲᠡᠢ ᠬᠥᠭᠵᠢᠭᠦᠯᠦᠨ᠎ᠡ᠃ ᠣᠳᠣ ᠦᠶ᠎ᠡ ᠶᠢᠨ ᠠᠵᠢᠯ ᠮᠡᠷᠭᠡᠵᠢᠯ ᠤᠨ | ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠦᠯᠦᠪᠯᠡᠭᠡ᠂ ᠰᠢᠯᠢᠳᠡᠭ ᠪᠦᠭᠡᠳ ᠣᠨᠴᠠᠯᠢᠭ ᠲᠠᠢ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠵᠡᠷᠭᠡ ᠤᠯᠤᠰ ᠠᠴᠠ ᠬᠡᠷᠡᠭᠵᠢᠭᠦᠯᠦᠭᠰᠡᠨ ᠲᠦᠷᠦᠯ ᠵᠦᠢᠯ ᠢ | ᠦᠨᠳᠦᠰᠦᠲᠡᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠲᠡᠰᠢ ᠬᠡᠯᠪᠠᠶᠢᠯᠭᠡᠨ᠎ᠡ᠃ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ | ᠠᠭᠤᠰᠤᠯᠴᠠᠯ ᠢ ᠠᠬᠢᠭᠤᠯᠤᠨ᠂ ᠣᠳᠣ ᠶᠢᠨ ᠪᠠᠶᠢᠭ᠎ᠠ ᠦᠨᠳᠦᠰᠦᠲᠡᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠪᠣᠯᠣᠨ ᠶᠡᠷᠦᠩᠬᠡᠶᠢᠯᠡᠭᠰᠡᠨ ᠦᠨᠳᠦᠷ ᠳᠤᠮᠳᠠᠳᠤ ᠰᠤᠷᠭᠠᠭᠤᠯᠢ ᠶᠢᠨ ᠠᠵᠢᠯ ᠮᠡᠷᠭᠡᠵᠢᠯ ᠤᠨ ᠠᠩᠭᠢ ᠳᠤ | ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠭᠠᠷ ᠤᠷᠠᠯᠠᠯ᠂ | ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ᠂ ᠵᠢᠭᠤᠯᠴᠢᠯᠠᠯ ᠤᠨ ᠦᠢᠯᠡᠳᠭᠦᠨ ᠵᠡᠷᠭᠡ ᠲᠤᠰᠬᠠᠢ | ᠮᠡᠷᠭᠡᠵᠢᠯ ᠢ ᠨᠡᠭᠡᠭᠡᠵᠦ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠭᠰᠡᠨ ᠮᠠᠯᠴᠢᠨ ᠲᠠᠷᠢᠶᠠᠴᠢᠳ ᠢ ᠬᠦᠮᠦᠵᠢᠭᠦᠯᠦᠨ᠎ᠡ᠃ | ᠪᠠᠭᠰᠢ ᠶᠢᠨ ᠬᠢᠷᠢ ᠭᠡᠮ ᠪᠣᠯᠣᠨ ᠪᠠᠭᠰᠢ ᠶᠢᠨ ᠠᠵᠢᠯ ᠮᠡᠷᠭᠡᠵᠢᠯ ᠤᠨ ᠬᠢᠷᠢ ᠭᠡᠮ ᠢ ᠪᠦᠷᠢᠳᠦᠭᠦᠯᠦᠭᠰᠡᠨ ᠬᠡᠯᠪᠡᠷᠢ ᠶᠢᠨ | ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠤᠷ᠎ᠠ ᠮᠡᠷᠭᠡᠰᠢᠯ ᠤᠨ ᠲᠠᠷᠬᠠᠳ᠂ | ᠤᠷᠠᠴᠤᠳ᠂ ᠪᠤᠳᠠᠰ ᠤᠨ ᠪᠤᠰᠤ ᠰᠤᠶᠤᠯ ᠤᠨ ᠥᠪ ᠤᠨ ᠵᠠᠯᠭᠠᠮᠵᠢᠯᠠᠭᠴᠢ ᠶᠢ ᠤᠷᠢᠨ ᠲᠤᠰᠢᠶᠠᠯ ᠬᠠᠪᠰᠤᠷᠭᠠᠭᠰᠠᠨ | ᠪᠠᠭᠰᠢ ᠪᠣᠯᠭᠠᠨ᠎ᠠ᠃ ᠰᠤᠷᠤᠭᠴᠢ ᠡᠯᠰᠡᠬᠦ ᠪᠠ ᠬᠦᠮᠦᠵᠢᠭᠦᠯᠬᠦ ᠵᠠᠭᠪᠤᠷ ᠤᠨ ᠦᠭᠡᠷᠡᠴᠢᠯᠡᠯᠲᠡ ᠶᠢ ᠠᠬᠢᠭᠤᠯᠵᠤ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠳᠠᠪᠰᠢᠬᠤ ᠪᠠ ᠰᠢᠰᠲ᠋ᠧᠮ ᠢᠶᠠᠷ ᠢᠶᠠᠨ ᠰᠤᠷᠤᠭᠴᠢ ᠡᠯᠰᠡᠬᠦ ᠨᠢᠭᠡᠴᠡ ᠶᠢᠨ ᠬᠠᠷᠢᠴᠠᠯ ᠢ | ᠳᠡᠭᠡᠭᠰᠢᠯᠡᠭᠦᠯᠦᠨ᠂ ᠠᠩᠬ᠎ᠠ ᠦᠨᠳᠦᠷ ᠳᠤᠮᠳᠠᠳᠤ ᠰᠤᠷᠭᠠᠭᠤᠯᠢ ᠶᠢᠨ ᠠᠵᠢᠯ ᠣᠯᠣᠭᠠᠳᠤᠢ ᠲᠡᠭᠦᠰᠦᠭᠰᠡᠳ ᠤᠨ ᠠᠵᠢᠯ | ᠮᠡᠷᠭᠡᠵᠢᠯ ᠤᠨ ᠪᠣᠯᠪᠠᠰᠤᠷᠠᠭᠤᠯᠤᠯ ᠢ ᠪᠦᠬᠦᠨ ᠳᠤ ᠬᠠᠮᠤᠷᠬᠤ ᠶᠢ ᠪᠡᠶᠡᠯᠡᠭᠦᠯᠵᠦ᠂ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠤᠨ ᠲᠠᠲᠠᠬᠤ ᠬᠦᠴᠦᠨ ᠢ ᠨᠡᠮᠡᠭᠳᠡᠭᠦᠯᠦᠨ᠎ᠡ᠃ | ︵ᠲᠠᠪᠤ︶ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠪᠠᠶᠢᠷᠢᠰᠢᠭᠤᠯᠤᠯ ᠤᠨ ᠪᠦᠲᠦᠴᠡ ᠶᠢ | ᠰᠢᠯᠢᠳᠡᠭᠵᠢᠭᠦᠯᠦᠨ᠎ᠡ᠃ | ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠶᠢᠷᠢᠰᠢᠭᠤᠯᠤᠯ ᠤᠨ ᠲᠦᠯᠦᠪᠵᠢᠭᠦᠯᠭᠡ ᠪᠠ ᠬᠢᠴᠢᠶᠡᠯ | ᠰᠢᠨᠵᠢᠯᠡᠭᠡᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢᠨ ᠲᠦᠯᠦᠪᠵᠢᠭᠦᠯᠭᠡ ᠶᠢ ᠲᠣᠭᠲᠠᠭᠠᠨ | ᠬᠡᠷᠡᠭᠵᠢᠭᠦᠯᠦᠨ᠎ᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠰᠬᠠᠢ ᠮᠡᠷᠭᠡᠵᠢᠯ ᠤᠨ | ᠲᠣᠬᠢᠷᠠᠭᠤᠯᠤᠯᠲᠠ ᠶᠢ ᠪᠣᠳᠠᠳᠤ ᠠᠵᠤ ᠠᠬᠤᠢ ᠪᠣᠯᠣᠨ ᠠᠵᠤ ᠦᠢᠯᠡᠰ ᠤᠨ ᠬᠥᠭᠵᠢᠯᠲᠡ ᠯᠦᠭᠡ ᠬᠠᠷᠢᠯᠴᠠᠨ | ᠵᠣᠬᠢᠴᠠᠭᠤᠯᠤᠨ᠎ᠠ᠃ ᠡᠩ ᠤᠨ ᠵᠢᠩᠬᠢᠨᠢ ᠠᠩᠭᠢ ᠲᠠᠢ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠢ | ᠪᠤᠲᠠᠲᠠᠢ ᠲᠠᠢ ᠪᠠᠨ ᠤᠶᠠᠯᠳᠤᠭᠤᠯᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠵᠦ᠂ ᠠᠭᠤᠯᠤᠭᠳᠠᠬᠤᠨ ᠲᠠᠢ | ᠬᠥᠭᠵᠢᠭᠦᠯᠦᠨ᠎ᠡ᠃ ᠶᠡᠷᠦᠩᠬᠡᠶᠢᠯᠡᠭᠰᠡᠨ ᠲᠦᠷᠦᠯ ᠤᠨ ᠶᠡᠭᠡ ᠰᠤᠷᠭᠠᠭᠤᠯᠢ ᠳᠤ ᠦᠨᠳᠦᠰᠦᠲᠡᠨ ᠤ ᠳᠡᠭᠡᠳᠦ | ᠰᠤᠷᠭᠠᠭᠤᠯᠢ ᠶᠢᠨ ᠬᠡᠷᠡᠭᠯᠡᠭᠡᠨ ᠤ ᠲᠦᠷᠦᠯ ᠤᠨ ᠲᠤᠰᠬᠠᠢ ᠮᠡᠷᠭᠡᠵᠢᠯ ᠢ ᠬᠥᠭᠵᠢᠭᠦᠯᠬᠦ ᠶᠢᠨ ᠰᠢᠰᠲ᠋ᠧᠮ ᠢᠶᠠᠷ ᠢᠶᠠᠨ | ᠳᠡᠮᠵᠢᠬᠦ ᠲᠣᠭᠲᠠᠴᠠ ᠶᠢ ᠪᠠᠶᠢᠭᠤᠯᠤᠨ᠎ᠠ᠃ ᠡᠩ ᠤᠨ ᠵᠢᠩᠬᠢᠨᠢ ᠠᠩᠭᠢ ᠲᠠᠢ ᠳᠡᠭᠡᠳᠦ ᠵᠡᠷᠭᠡ ᠶᠢᠨ ᠰᠤᠷᠭᠠᠭᠤᠯᠢ ᠶᠢᠨ | ᠦᠨᠳᠦᠰᠦᠲᠡᠨ ᠤ ᠠᠩᠭᠢ᠂ ᠦᠨᠳᠦᠰᠦᠲᠡᠨ ᠤ ᠪᠡᠯᠡᠳᠭᠡᠯ ᠠᠩᠭᠢ ᠶᠢᠨ ᠰᠤᠷᠭᠠᠨ ᠬᠦᠮᠦᠵᠢᠯ ᠤᠨ ᠠᠵᠢᠯ ᠢ | ᠴᠢᠩᠭᠠᠷᠠᠭᠤᠯᠵᠤ᠂ ᠬᠡᠷᠡᠭᠯᠡᠭᠡᠨ ᠤ ᠬᠡᠯᠪᠡᠷᠢ ᠪᠣᠯᠣᠨ ᠪᠠᠶᠢᠭᠠᠯᠢ ᠲᠧᠭᠨᠢᠭ ᠤᠨ ᠤᠬᠠᠭᠠᠨ ᠤ ᠲᠦᠷᠦᠯ ᠤᠨ | ᠴᠢᠳᠠᠪᠤᠷᠢᠲᠠᠨ ᠢ ᠬᠦᠮᠦᠵᠢᠭᠦᠯᠦᠨ᠎ᠡ᠃ ᠠᠵᠢᠯ ᠣᠯᠭᠤᠬᠤ ᠪᠠᠷ ᠤᠳᠤᠷᠢᠳᠤᠮᠵᠢ ᠪᠣᠯᠭᠠᠵᠤ᠂ ᠡᠩ ᠤᠨ ᠳᠡᠭᠡᠳᠦ | ᠵᠡᠷᠭᠡ ᠶᠢᠨ ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠶᠢ ᠲᠣᠬᠢᠷᠠᠭᠤᠯᠤᠨ᠂ | ᠠᠵᠤ ᠦᠢᠯᠡᠳᠪᠦᠷᠢ᠂ ᠲᠠᠷᠢᠶᠠᠯᠠᠩ᠂ ᠡᠮᠨᠡᠯᠭᠡ᠂ ᠬᠠᠮᠢᠶᠠᠷᠤᠯᠲᠠ ᠵᠡᠷᠭᠡ ᠬᠢᠴᠢᠶᠡᠯ ᠰᠢᠨᠵᠢᠯᠡᠭᠡᠨ ᠤ ᠬᠠᠷᠢᠴᠠᠯ ᠢ | ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠪᠠᠭᠰᠢ ᠶᠢᠨ ᠲᠦᠷᠦᠯ ᠤᠨ ᠲᠤᠰᠬᠠᠢ ᠮᠡᠷᠭᠡᠵᠢᠯ ᠢ ᠰᠠᠶᠢᠲᠤᠷ ᠡᠷᠬᠢᠯᠡᠬᠦ ᠶᠢ | ᠳᠡᠮᠵᠢᠵᠦ᠂ ᠦᠨᠳᠦᠰᠦᠲᠡᠨ ᠤ ᠣᠨᠴᠠᠯᠢᠭ ᠲᠠᠢ ᠬᠢᠴᠢᠶᠡᠯ ᠰᠢᠨᠵᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠮᠠᠬᠢᠰᠲ᠋ᠧᠷ ᠳ᠋ᠣᠺᠲ᠋ᠣᠷ ᠤᠨ ᠡᠷᠳᠡᠮ ᠤᠨ ᠴᠣᠯᠠ ᠶᠢᠨ ᠴᠢᠬ ᠤᠨ ᠪᠠᠶᠢᠷᠢᠯᠠᠭᠤᠯᠤᠯᠲᠠ᠂ ᠵᠢᠩᠬᠢᠨᠢ ᠠᠩᠭᠢ ᠲᠤᠰᠬᠠᠢ | ᠮᠡᠷᠭᠡᠵᠢᠯ ᠤᠨ ᠠᠰᠫᠢᠷᠠᠨᠲ ᠡᠯᠰᠡᠬᠦ ᠲᠦᠯᠦᠪᠯᠡᠭᠡ᠂ ᠳᠡᠭᠡᠳᠦ ᠰᠤᠷᠭᠠᠭᠤᠯᠢ ᠶᠢᠨ ᠬᠦᠮᠦᠨ ᠨᠡᠶᠢᠭᠡᠮ ᠤᠨ ᠨᠡᠶᠢᠭᠡᠮ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ᠂ ᠲᠥᠪ ᠤᠨ ᠡᠳ᠋ ᠤᠨ ᠵᠠᠰᠠᠭ ᠠᠴᠠ ᠣᠷᠣᠨ | ᠨᠣᠲᠤᠭ ᠤᠨ ᠳᠡᠭᠡᠳᠦ ᠰᠤᠷᠭᠠᠭᠤᠯᠢ ᠶᠢᠨ ᠬᠥᠭᠵᠢᠯᠲᠡ ᠶᠢ ᠳᠡᠮᠵᠢᠵᠦ ᠪᠦᠬᠦᠢ ᠲᠤᠰᠬᠠᠢ ᠪᠡᠯᠡ ᠮᠦᠩᠭᠦ ᠵᠡᠷᠭᠡ ᠶᠢ | ᠲᠦᠯᠦᠪᠵᠢᠭᠦᠯᠭᠡ᠂ ᠰᠤᠷᠭᠠᠭᠤᠯᠢ ᠡᠷᠬᠢᠯᠡᠬᠦ ᠨᠦᠬᠦᠴᠡᠯ ᠳᠤ ᠨᠡᠶᠢᠴᠡᠭᠰᠡᠨ ᠪᠠ ᠶᠠᠰᠤ ᠴᠢᠨᠠᠷ ᠨᠢ ᠪᠠᠲᠤᠯᠠᠭ᠎ᠠ ᠲᠠᠢ | ᠦᠨᠳᠦᠰᠦᠲᠡᠨ ᠤ ᠳᠡᠭᠡᠳᠦ ᠰᠤᠷᠭᠠᠭᠤᠯᠢ ᠪᠣᠯᠣᠨ ᠮᠤᠩᠭᠤᠯ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠲᠡᠰᠢ | ᠬᠡᠯᠪᠠᠶᠢᠯᠭᠡᠨ᠎ᠡ᠃ ᠮᠤᠩᠭᠤᠯ ᠢᠶᠠᠷ ᠬᠢᠴᠢᠶᠡᠯᠯᠡᠬᠦ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠬᠢᠴᠢᠶᠡᠯ ᠤᠨ | ᠰᠢᠰᠲ᠋ᠧᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠣᠩᠭᠤᠯ ᠬᠢᠲᠠᠳ ᠬᠤᠶᠠᠷ ᠬᠡᠯᠡ ᠳᠤ ᠨᠡᠪᠲᠡᠷᠡᠭᠰᠡᠨ | ᠦᠨᠳᠦᠷ ᠬᠡᠪ ᠴᠢᠨᠠᠷ ᠲᠠᠢ ᠴᠢᠳᠠᠪᠤᠷᠢᠲᠠᠨ ᠬᠦᠮᠦᠵᠢᠭᠦᠯᠬᠦ ᠲᠦᠰᠦᠯ ᠢ ᠲᠡᠭᠦᠯᠳᠡᠷᠵᠢᠭᠦᠯᠦᠨ᠎ᠡ᠃ | ︵ᠵᠢᠷᠭᠤᠭ᠎ᠠ︶ ᠦᠷᠭᠦᠯᠵᠢᠯᠡᠭᠰᠡᠨ ᠬᠦᠮᠦᠵᠢᠯ ᠪᠠ ᠣᠨᠴᠤᠭᠤᠢ ᠰᠤᠷᠭᠠᠨ ᠬᠦᠮᠦᠵᠢᠯ ᠢ ᠴᠢᠬᠤᠯᠠᠴᠢᠯᠠᠨ᠎ᠠ᠃ | ᠴᠦᠬᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠠᠨᠳᠤᠭᠤᠯᠤᠭᠰᠠᠨ ᠦᠷᠭᠦᠯᠵᠢᠯᠡᠭᠰᠡᠨ | ᠬᠦᠮᠦᠵᠢᠯ ᠢ ᠢᠳᠡᠪᠬᠢᠲᠡᠢ ᠬᠥᠭᠵᠢᠭᠦᠯᠵᠦ᠂ ᠬᠤᠲᠠ ᠬᠦᠳᠡᠭᠡ ᠨᠡᠶᠢᠭᠡᠮ ᠲᠣᠭᠤᠷᠢᠭ ᠤᠨ ᠰᠤᠷᠭᠠᠨ ᠬᠦᠮᠦᠵᠢᠯ ᠤᠨ | ᠵᠢᠯᠤᠭᠤᠳᠤᠯᠭ᠎ᠠ ᠶᠢ ᠴᠢᠩᠭᠠᠳᠬᠠᠨ᠂ ᠳᠠᠭᠠᠭᠤᠯᠢ ᠣᠳᠣ᠂ ᠢᠨᠲ᠋ᠧᠷ ᠰᠦᠯᠵᠢᠶ᠎ᠡ ᠵᠡᠷᠭᠡ ᠪᠠᠷ ᠠᠴᠢᠶᠠᠯᠠᠪᠤᠷᠢ | ᠪᠣᠯᠭᠠᠭᠰᠠᠨ ᠠᠯᠤᠰ ᠡᠵᠡᠮᠰᠢᠯᠲᠦ ᠰᠤᠷᠭᠠᠨ ᠬᠦᠮᠦᠵᠢᠯ ᠵᠢᠴᠢ ᠦᠢᠯᠡᠴᠢᠯᠡᠭᠡᠨ ᠤ ᠲᠡᠪᠴᠡᠩ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠨ᠎ᠡ᠃ ᠬᠤᠲᠠ ᠲᠣᠭᠤᠷᠢᠭ ᠤᠨ ᠴᠦᠬᠡᠨ ᠲᠣᠭᠠᠲᠤ ᠦᠨᠳᠦᠰᠦᠲᠡᠨ ᠤ ᠣᠯᠠᠨ | ᠲᠦᠮᠡᠨ ᠳᠤ ᠬᠠᠨᠳᠤᠭᠤᠯᠤᠭᠰᠠᠨ ᠰᠤᠶᠤᠯ ᠤᠨ ᠲᠦᠷᠦᠯ᠂ ᠠᠮᠢᠳᠤᠷᠠᠯ ᠤᠨ ᠲᠦᠷᠦᠯ᠂ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠲᠦᠷᠦᠯ᠂ ᠦᠵᠡᠯ ᠰᠠᠨᠠᠭ᠎ᠠ ᠶᠢᠨ ᠰᠤᠷᠭᠠᠨ ᠬᠦᠮᠦᠵᠢᠯ ᠤᠨ ᠲᠦᠷᠦᠯ ᠵᠡᠷᠭᠡ ᠰᠤᠷᠤᠯᠴᠠᠭᠰᠠᠨ | ᠨᠠᠮᠲᠠᠷ ᠬᠢᠭᠡᠳ ᠰᠤᠷᠤᠯᠴᠠᠭᠰᠠᠨ ᠨᠠᠮᠲᠠᠷ ᠤᠨ ᠪᠤᠰᠤ ᠰᠤᠷᠭᠠᠨ ᠬᠦᠮᠦᠵᠢᠯ ᠢ ᠭᠤᠣᠯᠳᠠᠯᠭ᠎ᠠ ᠲᠠᠢ ᠦᠷᠨᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠴᠦᠬᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠠᠨᠳᠤᠭᠤᠯᠤᠭᠰᠠᠨ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠠᠮᠢᠳᠤᠷᠠᠯ ᠤᠨ ᠮᠡᠳᠡᠯᠭᠡ᠂ ᠰᠢᠨᠵᠢᠯᠡᠬᠦ ᠤᠬᠠᠭᠠᠨ | ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠬᠦ᠂ ᠰᠤᠶᠤᠯ ᠤᠨ ᠪᠠᠯᠠᠢ ᠶᠢ ᠠᠷᠢᠯᠭᠠᠬᠤ ᠵᠡᠷᠭᠡ ᠰᠤᠷᠭᠠᠨ ᠬᠦᠮᠦᠵᠢᠯ ᠢ | ᠦᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠲᠤᠰᠬᠠᠢ ᠮᠡᠷᠭᠡᠵᠢᠯ᠂ ᠬᠢᠴᠢᠶᠡᠯ ᠪᠣᠯᠣᠨ | ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠣᠨᠴᠤᠭᠤᠢ ᠰᠤᠷᠭᠠᠨ ᠬᠦᠮᠦᠵᠢᠯ ᠤᠨ ᠠᠵᠢᠯ ᠢ | ᠳᠡᠮᠵᠢᠵᠦ᠂ ᠤᠯᠤᠰ ᠤᠨ ᠱᠠᠭᠠᠷᠳᠠᠯᠭ᠎ᠠ ᠶᠤᠰᠤᠭᠠᠷ ᠣᠨᠴᠤᠭᠤᠢ ᠰᠤᠷᠭᠠᠨ ᠬᠦᠮᠦᠵᠢᠯ ᠤᠨ ᠰᠤᠷᠭᠠᠭᠤᠯᠢ ᠶᠢ ᠰᠠᠶᠢᠲᠤᠷ | ᠡᠷᠬᠢᠯᠡᠨ᠂ ᠣᠨᠴᠤᠭᠤᠢ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠤᠨ ᠪᠠᠭᠰᠢ ᠶᠢ ᠪᠦᠷᠢᠨ ᠲᠣᠬᠢᠷᠠᠭᠤᠯᠵᠤ᠂ | ᠳᠦᠬᠦᠷᠵᠢᠭᠦᠯᠬᠦ ᠪᠡᠯᠡᠳᠭᠡᠮᠵᠢ ᠶᠢ ᠲᠡᠭᠦᠯᠳᠡᠷᠵᠢᠭᠦᠯᠦᠨ᠎ᠡ᠃ ᠴᠦᠬᠡᠨ ᠲᠣᠭᠠᠲᠤ ᠦᠨᠳᠦᠰᠦᠲᠡᠨ ᠤ ᠵᠡᠮᠳᠡᠭ ᠬᠡᠦᠬᠡᠳ᠂ | ᠵᠠᠯᠠᠭᠤᠴᠤᠳ ᠪᠠᠭᠠᠴᠣᠳ ᠤᠨ ᠰᠤᠷᠭᠠᠨ ᠬᠦᠮᠦᠵᠢᠯ ᠬᠦᠷᠲᠡᠬᠦ ᠡᠷᠬᠡ ᠠᠰᠢᠭ ᠢ ᠪᠠᠲᠤᠯᠠᠵᠤ᠂ ᠰᠤᠷᠤᠭᠴᠢᠳ ᠤᠨ | ᠠᠮᠢᠳᠤᠷᠠᠯ ᠤᠨ ᠮᠡᠷᠭᠡᠵᠢᠯ ᠴᠢᠳᠠᠪᠤᠷᠢ ᠪᠣᠯᠣᠨ ᠠᠵᠢᠯ ᠣᠯᠬᠤ ᠴᠢᠳᠠᠪᠤᠷᠢ ᠶᠢ ᠭᠤᠣᠯᠳᠠᠯᠭ᠎ᠠ ᠲᠠᠢ | ᠳᠡᠭᠡᠭᠰᠢᠯᠡᠭᠦᠯᠦᠨ᠎ᠡ᠃ | ︵ᠳᠤᠯᠤᠭ᠎ᠠ︶ ᠰᠤᠷᠭᠠᠭᠤᠯᠢ ᠶᠢᠨ ᠦᠨᠳᠦᠷ ᠬᠡᠪ ᠴᠢᠨᠠᠷ ᠲᠠᠢ ᠵᠠᠬᠢᠷᠤᠯ ᠪᠣᠯᠣᠨ ᠪᠠᠭᠰᠢ ᠶᠢᠨ ᠡᠩᠨᠡᠭᠡ ᠶᠢ | ᠪᠦᠲᠦᠭᠡᠨ ᠪᠠᠶᠢᠭᠤᠯᠤᠨ᠎ᠠ᠃ | ᠰᠤᠷᠭᠠᠭᠤᠯᠢ ᠶᠢᠨ ᠵᠠᠬᠢᠷᠤᠯ ᠪᠣᠯᠣᠨ ᠪᠠᠭᠰᠢᠨᠠᠷ ᠤᠨ ᠪᠣᠯᠪᠠᠰᠤᠷᠠᠭᠤᠯᠤᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠪᠠᠭᠰᠢ ᠶᠢᠨ ᠶᠤᠰᠤ ᠮᠤᠷᠠᠯ ᠬᠡᠪ ᠰᠤᠷᠲᠠᠯ ᠤᠨ ᠬᠦᠮᠦᠵᠢᠯ ᠢ ᠴᠢᠩᠭᠠᠳᠬᠠᠨ᠎ᠠ᠃ ᠮᠣᠩᠭᠤᠯ | ᠬᠢᠲᠠᠳ ᠬᠤᠣᠰ ᠬᠡᠯᠡ ᠪᠠᠷ ᠬᠢᠴᠢᠶᠡᠯᠯᠡᠬᠦ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ︵ᠴᠡᠴᠡᠷᠯᠢᠭ︶ | ᠶᠢᠨ ᠵᠠᠬᠢᠷᠤᠯ ᠪᠣᠯᠣᠨ ᠡᠯ᠎ᠡ ᠡᠷᠳᠡᠮ ᠰᠢᠨᠵᠢᠯᠡᠭᠡᠨ ᠤ ᠲᠤᠰᠬᠠᠢ ᠪᠠᠭᠰᠢ ᠢᠯᠠᠩᠭᠤᠶ᠎ᠠ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠲᠦᠷᠦᠯ ᠤᠨ ᠲᠤᠰᠬᠠᠢ ᠪᠠᠭᠰᠢ ᠳᠤ ᠲᠠᠪᠤᠨ ᠵᠢᠯ ᠪᠦᠷᠢ ᠶᠢ ᠨᠢᠭᠡ ᠦᠶᠡᠯᠡᠯ ᠪᠣᠯᠭᠠᠭᠰᠠᠨ ᠦᠪᠡᠷᠲᠡᠭᠡᠨ | ᠵᠠᠰᠠᠬᠤ ᠣᠷᠣᠨ ᠤ ᠱᠠᠲᠤᠨ ᠤ᠂ ᠠᠶᠢᠮᠠᠭ ᠬᠤᠲᠠ ᠶᠢᠨ ᠱᠠᠲᠤᠨ ᠤ ᠰᠦᠢᠳᠭᠡᠯ ᠬᠤᠷᠢᠶᠠᠬᠤ ᠦᠭᠡᠢ | ᠪᠣᠯᠪᠠᠰᠤᠷᠠᠭᠤᠯᠤᠯ ᠢ ᠬᠦᠷᠲᠡᠭᠡᠵᠦ᠂ ᠰᠤᠷᠭᠠᠭᠤᠯᠢ ︵ᠴᠡᠴᠡᠷᠯᠢᠭ︶ ᠶᠢᠨ ᠵᠠᠬᠢᠷᠤᠯ ᠤᠨ ᠣᠳᠣ ᠦᠶ᠎ᠡ ᠶᠢᠨ ᠰᠤᠷᠭᠠᠨ | ᠬᠦᠮᠦᠵᠢᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠤᠰᠬᠠᠢ ᠪᠠᠭᠰᠢᠨᠠᠷ ᠤᠨ | ᠲᠤᠰᠬᠠᠶᠢᠵᠢᠭᠰᠠᠨ ᠬᠡᠪ ᠪᠣᠯᠪᠠᠰᠤᠷᠠᠯ ᠪᠣᠯᠣᠨ ᠪᠢᠴᠢᠭ ᠵᠢᠭᠠᠵᠤ ᠬᠦᠮᠦᠨ ᠬᠦᠮᠦᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ᠂ | ᠴᠦᠬᠡᠨ ᠲᠣᠭᠠᠲᠤ ᠦᠨᠳᠦᠰᠦᠲᠡᠨ ᠤ ᠪᠡᠯᠡᠳᠭᠡᠯ ᠰᠤᠷᠭᠠᠨ ᠬᠦᠮᠦᠵᠢᠯ᠂ ᠦᠨᠳᠦᠰᠦᠲᠡᠨ ᠤ ᠣᠨᠴᠠᠯᠢᠭ ᠲᠠᠢ | ᠬᠡᠷᠡᠭᠯᠡᠭᠡᠨ ᠤ ᠲᠦᠷᠦᠯ ᠤᠨ ᠬᠢᠴᠢᠶᠡᠯ ᠰᠢᠨᠵᠢᠯᠡᠭᠡᠨ ᠤ ᠲᠤᠰᠬᠠᠢ ᠪᠠᠭᠰᠢ ᠶᠢ ᠳᠠᠪᠳᠠᠨ ᠪᠣᠯᠪᠠᠰᠤᠷᠠᠭᠤᠯᠵᠤ | ᠳᠡᠭᠡᠭᠰᠢᠯᠡᠭᠦᠯᠬᠦ ᠪᠠ ᠬᠦᠮᠦᠵᠢᠭᠦᠯᠦᠨ ᠬᠡᠷᠡᠭᠯᠡᠬᠦ ᠠᠵᠢᠯ ᠢ ᠴᠢᠬᠤᠯᠠᠴᠢᠯᠠᠨ᠂ ᠮᠣᠩᠭᠤᠯ ᠬᠢᠲᠠᠳ ᠬᠤᠣᠰ ᠬᠡᠯᠡᠨ ᠤ | ᠵᠢᠭᠠᠨ ᠰᠤᠷᠭᠠᠯᠲᠠ ᠪᠣᠯᠣᠨ ᠡᠷᠳᠡᠮ ᠰᠢᠨᠵᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠭᠰᠢ ᠬᠦᠮᠦᠵᠢᠭᠦᠯᠬᠦ | ᠳᠦᠷᠢᠮ ᠢ ᠪᠦᠷᠢᠨᠰᠢᠭᠦᠯᠵᠦ᠂ ᠪᠠᠭᠰᠢ ᠶᠢᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ | ᠪᠠ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠠᠬᠢᠭᠤᠯᠤᠨ᠂ ᠬᠤᠣᠰ ᠬᠡᠯᠡᠨ ᠤ ᠪᠠᠭᠰᠢ᠂ ᠪᠠᠭᠰᠢ ᠶᠢᠨ ᠬᠢᠷᠢ | ᠭᠡᠮ ᠪᠣᠯᠣᠨ ᠪᠠᠭᠰᠢ ᠶᠢᠨ ᠠᠵᠢᠯ ᠮᠡᠷᠭᠡᠵᠢᠯ ᠤᠨ ᠬᠢᠷᠢ ᠭᠡᠮ ᠢ ᠪᠦᠷᠢᠳᠦᠭᠦᠯᠦᠭᠰᠡᠨ ᠬᠡᠯᠪᠡᠷᠢ ᠶᠢᠨ ᠪᠠᠭᠰᠢ ᠪᠠ | ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ᠂ | ᠳᠠᠭᠤᠤ ᠬᠥᠭᠵᠢᠮ ᠪᠡᠶ᠎ᠡ ᠶᠢᠨ ᠲᠠᠮᠢᠷ ᠭᠤᠸ᠎ᠠ ᠰᠠᠶᠢᠬᠠᠨ ᠵᠡᠷᠭᠡ ᠬᠢᠴᠢᠶᠡᠯ ᠰᠢᠨᠵᠢᠯᠡᠭᠡᠨ ᠤ ᠪᠠᠴᠢᠮ ᠳᠤᠳᠠᠭᠳᠠᠵᠤ | ᠪᠠᠶᠢᠭ᠎ᠠ ᠪᠠᠭᠰᠢ ᠶᠢ ᠭᠤᠣᠯᠳᠠᠯᠭ᠎ᠠ ᠲᠠᠢ ᠬᠦᠮᠦᠵᠢᠭᠦᠯᠵᠦ᠂ ᠰᠤᠮᠤ ᠰᠢᠶᠠᠩ ᠪᠠᠯᠭᠠᠰᠤ ᠵᠢᠴᠢ ᠲᠡᠭᠦᠨ ᠠᠴᠠ | ᠳᠤᠷᠤᠭᠰᠢᠬᠢ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ ᠳᠤ ᠬᠠᠨᠳᠤᠭᠤᠯᠤᠨ ᠰᠦᠢᠳᠭᠡᠯ | ᠦᠯᠦ ᠬᠤᠷᠢᠶᠠᠬᠤ ᠪᠠᠭᠰᠢ ᠶᠢᠨ ᠰᠤᠷᠭᠠᠭᠤᠯᠢ ᠶᠢᠨ ᠰᠤᠷᠤᠭᠴᠢᠳ ᠢ ᠬᠠᠨᠳᠤᠯᠭ᠎ᠠ ᠲᠠᠢ ᠪᠠᠷ ᠬᠦᠮᠦᠵᠢᠭᠦᠯᠬᠦ ᠠᠵᠢᠯ ᠢ | ᠦᠷᠨᠢᠭᠦᠯᠦᠨ᠂ ᠪᠠᠭᠰᠢ ᠬᠦᠮᠦᠵᠢᠭᠦᠯᠵᠦ ᠨᠦᠬᠦᠪᠦᠷᠢᠯᠡᠬᠦ ᠶᠢᠨ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ | ᠪᠠᠶᠢᠭᠤᠯᠤᠨ᠎ᠠ᠃ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠪᠠᠭᠰᠢᠨᠠᠷ ᠤᠨ ᠠᠵᠢᠯ ᠤᠨ | ᠪᠠᠶᠢᠷᠢ ᠳᠤ ᠡᠭᠡᠯᠵᠢᠯᠡᠨ ᠰᠤᠯᠢᠯᠴᠠᠬᠤ ᠳᠦᠷᠢᠮ ᠢ ᠪᠠᠶᠢᠭᠤᠯᠵᠤ᠂ ᠬᠤᠰᠢᠭᠤ ᠰᠢᠶᠠᠨ ᠤ ᠬᠡᠪᠴᠢᠶᠡᠨ ᠳᠤ ᠮᠣᠩᠭᠤᠯ | ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠣᠯᠣᠨ ᠲᠤᠰᠬᠠᠢ | ᠪᠠᠭᠰᠢᠨᠠᠷ ᠢ ᠲᠣᠬᠠᠢ ᠶᠢᠨ ᠭᠠᠵᠠᠷ ᠣᠷᠣᠨ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠨᠢᠭᠡᠲᠦᠯᠲᠡᠢ | ᠬᠠᠮᠢᠶᠠᠷᠤᠨ ᠲᠣᠬᠢᠷᠠᠭᠤᠯᠤᠨ᠎ᠠ᠃ ᠬᠦᠳᠡᠭᠡ ᠲᠤᠰᠬᠤᠨ ᠤ ᠪᠠᠭᠰᠢ ᠶᠢ ᠳᠡᠮᠵᠢᠬᠦ ᠲᠦᠯᠦᠪᠯᠡᠭᠡ ᠶᠢ ᠬᠡᠷᠡᠭᠵᠢᠭᠦᠯᠦᠨ᠎ᠡ᠃ | ᠰᠦᠢᠳᠭᠡᠯ ᠦᠯᠦ ᠬᠤᠷᠢᠶᠠᠬᠤ ᠪᠠᠭᠰᠢ ᠶᠢᠨ ᠰᠤᠷᠭᠠᠨ ᠬᠦᠮᠦᠵᠢᠯ ᠤᠨ ᠲᠡᠭᠦᠰᠦᠭᠰᠡᠳ᠂ ᠪᠠᠭᠰᠢ ᠶᠢᠨ ᠣᠨᠴᠠ | ᠠᠵᠢᠯ ᠤᠨ ᠪᠠᠶᠢᠷᠢ ᠶᠢᠨ ᠲᠦᠯᠦᠪᠯᠡᠭᠡ ᠵᠡᠷᠭᠡ ᠪᠠᠷ ᠦᠨᠳᠦᠰᠦᠲᠡᠨ ᠤ ᠰᠤᠷᠭᠠᠨ ᠬᠦᠮᠦᠵᠢᠯ ᠤᠨ ᠬᠡᠷᠡᠭᠴᠡᠭᠡ | ᠱᠠᠭᠠᠷᠳᠠᠯᠭ᠎ᠠ ᠶᠢ ᠤᠷᠢᠳᠠᠪᠠᠷ ᠬᠠᠩᠭᠠᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠪᠠᠭᠰᠢ ᠶᠢᠨ ᠡᠩᠨᠡᠭᠡ ᠶᠢ | ᠬᠦᠮᠦᠵᠢᠭᠦᠯᠦᠨ ᠪᠣᠯᠪᠠᠰᠤᠷᠠᠭᠤᠯᠬᠤ᠂ ᠨᠦᠬᠦᠪᠦᠷᠢᠯᠡᠨ ᠰᠤᠯᠢᠯᠴᠠᠬᠤ ᠵᠡᠷᠭᠡ ᠲᠠᠯ᠎ᠠ ᠪᠠᠷ ᠬᠢ ᠠᠵᠢᠯ ᠤᠨ ᠰᠢᠨᠵᠢᠯᠡᠬᠦ | ᠤᠬᠠᠭᠠᠨᠴᠢ ᠵᠢᠷᠤᠮᠵᠢᠭᠤᠯᠤᠭᠰᠠᠨ ᠵᠠᠮ ᠢᠶᠠᠷ ᠵᠠᠮᠨᠠᠬᠤ ᠶᠢ ᠦᠨᠡᠨᠬᠦ ᠪᠠᠲᠤᠯᠠᠨ᠎ᠠ᠃ | ︵ᠨᠠᠢᠮᠠ︶ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠪᠠ ᠬᠠᠮᠵᠢᠯᠴᠠᠨ | ᠰᠤᠯᠢᠯᠴᠠᠬᠤ ᠠᠵᠢᠯᠯᠠᠭ᠎ᠠ ᠶᠢ ᠦᠷᠨᠢᠭᠦᠯᠦᠨ᠎ᠡ᠃ | ᠦᠨᠳᠦᠰᠦᠲᠡᠨ ᠤ ᠰᠤᠷᠭᠠᠨ ᠬᠦᠮᠦᠵᠢᠯ ᠤᠨ ᠬᠦᠷᠢᠶ᠎ᠡ ᠴᠠᠷᠠᠭ᠎ᠠ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯ ᠢ ᠴᠢᠩᠭᠠᠳᠬᠠᠵᠤ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠳᠤᠮᠳᠠᠳᠤ | ᠪᠠᠭ᠎ᠠ ᠰᠤᠷᠭᠠᠭᠤᠯᠢ ᠶᠢᠨ ᠪᠠᠶᠢᠷᠢᠰᠢᠭᠤᠯᠤᠯ ᠪᠦᠲᠦᠴᠡ ᠶᠢᠨ ᠲᠣᠬᠢᠷᠠᠭᠤᠯᠤᠯᠲᠠ᠂ ᠰᠠᠭᠤᠭᠠᠯᠢ ᠶᠢᠨ ᠳᠦᠷᠢᠮᠲᠦ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠬᠤᠣᠰ ᠬᠡᠯᠡᠨ ᠤ ᠵᠢᠭᠠᠨ ᠰᠤᠷᠭᠠᠯᠲᠠ᠂ ᠪᠠᠭᠰᠢ ᠶᠢᠨ ᠡᠩᠨᠡᠭᠡ ᠶᠢᠨ | ᠬᠠᠮᠢᠶᠠᠷᠤᠯᠲᠠ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠣᠳᠣ ᠦᠶ᠎ᠡ ᠶᠢᠨ ᠰᠤᠷᠭᠠᠨ ᠬᠦᠮᠦᠵᠢᠯ ᠤᠨ ᠡᠬᠢ | ᠪᠠᠶᠠᠯᠢᠭ ᠢ ᠨᠡᠭᠡᠭᠡᠨ ᠬᠥᠭᠵᠢᠭᠦᠯᠬᠦ᠂ ᠮᠣᠩᠭᠤᠯ ᠬᠢᠲᠠᠳ ᠬᠤᠶᠠᠷ ᠬᠡᠯᠡ ᠳᠤ ᠨᠡᠪᠲᠡᠷᠡᠭᠰᠡᠨ ᠴᠢᠳᠠᠪᠤᠷᠢᠲᠠᠨ ᠢ | ᠬᠦᠮᠦᠵᠢᠭᠦᠯᠬᠦ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠡᠯᠪᠡᠷᠢ ᠶᠢ ᠨᠢ ᠬᠤᠪᠢᠷᠠᠭᠤᠯᠤᠨ ᠬᠥᠭᠵᠢᠭᠦᠯᠬᠦ ᠵᠡᠷᠭᠡ | ᠠᠯᠢ ᠣᠯᠠᠨ ᠲᠠᠯ᠎ᠠ ᠳᠤ ᠭᠦᠨᠵᠡᠭᠡᠢ ᠰᠢᠰᠲ᠋ᠧᠮ ᠲᠠᠢ ᠰᠤᠳᠤᠯᠭᠠᠨ ᠢ ᠦᠷᠨᠢᠭᠦᠯᠵᠦ᠂ ᠲᠡᠷᠢᠭᠦᠨ ᠤ ᠣᠨᠣᠯ ᠢᠶᠠᠷ | ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠤᠨ ᠦᠢᠯᠡᠳᠦᠯᠭᠡ ᠶᠢ ᠵᠢᠯᠤᠭᠤᠳᠤᠨ᠎ᠠ᠃ ᠦᠨᠳᠦᠰᠦᠲᠡᠨ ᠤ | ᠰᠤᠷᠭᠠᠭᠤᠯᠢ ᠶᠢᠨ ᠵᠢᠭᠠᠨ ᠰᠤᠷᠭᠠᠯᠲᠠ ᠶᠢ ᠵᠢᠯᠤᠭᠤᠳᠬᠤ ᠠᠵᠢᠯ ᠢᠶᠠᠨ ᠴᠢᠩᠭᠠᠳᠬᠠᠵᠤ᠂ ᠵᠢᠭᠠᠨ ᠰᠤᠳᠤᠯᠬᠤ | ᠠᠵᠢᠯᠯᠠᠭ᠎ᠠ ᠶᠢ ᠪᠠᠶᠠᠯᠢᠬᠵᠢᠭᠤᠯᠤᠨ᠂ ᠰᠤᠳᠤᠯᠭᠠᠨ ᠢᠶᠠᠷ ᠵᠢᠭᠠᠨ ᠰᠤᠷᠭᠠᠯᠲᠠ ᠶᠢ ᠠᠬᠢᠭᠤᠯᠵᠤ᠂ ᠵᠢᠭᠠᠬᠤ ᠪᠠ | ᠰᠤᠳᠤᠯᠬᠤ ᠶᠢ ᠤᠶᠠᠯᠳᠤᠭᠤᠯᠤᠨ᠂ ᠵᠢᠭᠠᠨ ᠰᠤᠳᠤᠯᠬᠤ ᠡᠩᠨᠡᠭᠡ ᠶᠢᠨ ᠲᠤᠰᠬᠠᠢ ᠮᠡᠷᠭᠡᠵᠢᠯ ᠢ ᠬᠦᠲᠦᠯᠦᠨ | ᠵᠢᠯᠤᠭᠤᠳᠬᠤ ᠦᠢᠯᠡᠳᠦᠯ ᠢ ᠨᠢ ᠪᠠᠳᠠᠷᠠᠭᠤᠯᠵᠤ᠂ ᠬᠢᠴᠢᠶᠡᠯ ᠰᠢᠨᠵᠢᠯᠡᠭᠡᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠢ | ᠭᠤᠣᠯᠳᠠᠯᠭ᠎ᠠ ᠲᠠᠢ ᠳᠡᠭᠡᠭᠰᠢᠯᠡᠭᠦᠯᠦᠨ᠎ᠡ᠃ ᠣᠷᠣᠨ ᠤ ᠳᠣᠲᠤᠷᠠᠬᠢ ᠡᠩ ᠤᠨ ᠰᠤᠷᠭᠠᠭᠤᠯᠢ ᠪᠣᠯᠣᠨ ᠬᠥᠭᠵᠢᠭᠰᠡᠨ | ᠭᠠᠵᠠᠷ ᠣᠷᠣᠨ ᠤ ᠰᠤᠷᠭᠠᠨ ᠬᠦᠮᠦᠵᠢᠯ ᠯᠦᠭᠡ ᠰᠤᠯᠢᠯᠴᠠᠨ ᠬᠠᠮᠵᠢᠯᠴᠠᠬᠤ ᠶᠢ ᠥᠷᠭᠡᠨ ᠢᠶᠠᠷ ᠦᠷᠨᠢᠭᠦᠯᠵᠦ᠂ | ᠲᠡᠷᠢᠭᠦᠨ ᠤ ᠲᠣᠷᠰᠢᠯᠭ᠎ᠠ ᠪᠠ ᠣᠨᠣᠯᠵᠢᠬᠤᠨ ᠢ ᠰᠤᠷᠤᠯᠴᠠᠨ ᠰᠢᠩᠭᠡᠭᠡᠨ᠎ᠡ᠃ ᠮᠣᠩᠭᠤᠯ ᠬᠡᠯᠡ ᠪᠢᠴᠢᠭ ᠤᠨ | ᠬᠠᠮᠵᠢᠯᠴᠠᠭᠠᠨ ᠤ ᠮᠤᠵᠢ ᠣᠷᠣᠨ ᠯᠤᠭ᠎ᠠ ᠬᠠᠷᠢᠯᠴᠠᠨ ᠰᠤᠷᠤᠯᠴᠠᠬᠤ᠂ ᠬᠠᠷᠢᠯᠴᠠᠨ ᠬᠠᠮᠵᠢᠯᠴᠠᠬᠤ ᠬᠠᠷᠢᠴᠠᠭ᠎ᠠ ᠶᠢ | ᠭᠦᠨᠵᠡᠭᠡᠶᠢᠷᠡᠭᠦᠯᠦᠨ ᠠᠬᠢᠭᠤᠯᠤᠨ᠎ᠠ᠃ ᠣᠯᠠᠨ ᠤᠯᠤᠰ ᠯᠤᠭ᠎ᠠ ᠶᠢᠨ ᠰᠤᠯᠢᠯᠴᠠᠭ᠎ᠠ ᠬᠢᠭᠡᠳ ᠬᠠᠮᠲᠤᠷᠠᠯᠴᠠᠭ᠎ᠠ ᠶᠢ | ᠢᠳᠡᠪᠬᠢᠲᠡᠢ ᠬᠥᠭᠵᠢᠭᠦᠯᠵᠦ᠂ ᠤᠯᠤᠰ ᠤᠨ ᠬᠢᠯᠢ ᠳᠠᠭᠠᠤ ᠣᠷᠣᠨ ᠢ ᠴᠢᠯᠦᠭᠡᠲᠡᠢ ᠪᠣᠯᠭᠠᠬᠤ ᠪᠠᠶᠢᠯᠳᠤᠬᠤ | ᠪᠣᠳᠣᠯᠭ᠎ᠠ ᠶᠢ ᠳᠠᠭᠠᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠂ ᠡᠯ᠎ᠡ | ᠱᠠᠲᠤᠨ ᠤ ᠡᠯ᠎ᠡ ᠲᠦᠷᠦᠯ ᠤᠨ ᠦᠨᠳᠦᠰᠦᠲᠡᠨ ᠤ ᠰᠤᠷᠭᠠᠭᠤᠯᠢ ᠨᠤᠭᠤᠳ ᠤᠨ ᠭᠠᠵᠠᠷ ᠣᠷᠣᠨ ᠤ ᠳᠠᠪᠠᠭᠤᠯᠢᠭ | ᠪᠠᠶᠢᠷᠢ ᠪᠣᠯᠣᠨ ᠦᠭᠡ ᠬᠡᠯᠡ ᠦᠰᠦᠭ ᠪᠢᠴᠢᠭ ᠤᠨ ᠨᠦᠬᠦᠴᠡᠯ ᠢᠶᠠᠨ ᠠᠰᠢᠭᠯᠠᠨ ᠬᠤᠯᠪᠣᠭᠳᠠᠯ ᠪᠦᠬᠦᠢ ᠠᠵᠢᠯᠯᠠᠭ᠎ᠠ | ᠦᠷᠨᠢᠭᠦᠯᠬᠦ ᠶᠢ ᠵᠣᠷᠢᠬᠵᠢᠭᠤᠯᠤᠨ ᠳᠡᠮᠵᠢᠨ᠎ᠡ᠃ | ᠳᠥᠷᠪᠡ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠤᠨ᠎ᠠ | ︵ᠨᠢᠭᠡ︶ ᠰᠤᠷᠤᠭᠴᠢ ᠶᠢ ᠵᠤᠭᠤᠰ ᠢᠶᠠᠷ ᠲᠤᠰᠠᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ | ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ | ᠪᠠᠶᠢᠭ᠎ᠠ ᠬᠡᠦᠬᠡᠳ ᠠᠴᠠ ᠠᠰᠠᠷᠠᠨ ᠬᠦᠮᠦᠵᠢᠭᠦᠯᠬᠦ ᠵᠠᠷᠤᠳᠠᠯ ᠢ 50% ᠬᠠᠰᠤᠨ ᠬᠤᠷᠢᠶᠠᠵᠤ᠂ ᠲᠥᠪ ᠪᠠ | ᠦᠪᠡᠷᠲᠡᠭᠡᠨ ᠵᠠᠰᠠᠬᠤ ᠣᠷᠣᠨ ᠠᠴᠠ ᠰᠠᠶᠢᠨ ᠬᠢᠭᠰᠡᠨ ᠭᠠᠵᠠᠷ ᠣᠷᠣᠨ ᠳᠤ ᠵᠣᠬᠢᠬᠤ ᠬᠡᠮᠵᠢᠶ᠎ᠡ ᠪᠠᠷ ᠱᠠᠩᠨᠠᠯ ᠪᠠ | ᠨᠦᠬᠦᠪᠦᠷᠢ ᠣᠯᠭᠤᠨ᠎ᠠ᠃ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠲᠤ ᠰᠤᠷᠤᠯᠭ᠎ᠠ ᠶᠢᠨ ᠰᠦᠢᠳᠭᠡᠯ ᠬᠤᠷᠢᠶᠠᠬᠤ ᠦᠭᠡᠢ ᠨᠢᠭᠡ ᠢᠵᠢ ᠴᠢᠨᠠᠷ ᠰᠠᠶᠢᠲᠠᠢ | ᠰᠤᠷᠭᠠᠨ ᠬᠦᠮᠦᠵᠢᠯ ᠤᠨ ᠬᠠᠪᠰᠤᠷᠤᠮᠵᠢ ᠮᠠᠲ᠋ᠧᠷᠢᠶᠠᠯ ᠢ ᠬᠠᠩᠭᠠᠨ᠎ᠠ᠃ ᠮᠣᠩᠭᠤᠯ ᠬᠢᠲᠠᠳ ︵ᠰᠤᠯᠤᠩᠭᠤᠰ ᠬᠢᠲᠠᠳ︶ | ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠰᠠᠭᠤᠭᠠᠯᠢ ᠶᠢᠨ ᠳᠦᠷᠢᠮᠲᠦ ᠰᠤᠷᠭᠠᠭᠤᠯᠢ ᠶᠢᠨ ᠰᠤᠷᠤᠭᠴᠢᠳ ᠤᠨ | ᠠᠮᠢᠳᠤᠷᠠᠯ ᠤᠨ ᠵᠠᠷᠤᠳᠠᠯ ᠢ ᠨᠦᠬᠦᠪᠦᠷᠢᠯᠡᠬᠦ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠮᠣᠩᠭᠤᠯ | ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠤᠷᠭᠠᠭᠤᠯᠢ ᠳᠤ ᠪᠠᠶᠢᠭ᠎ᠠ ᠰᠤᠷᠤᠭᠴᠢᠳ ᠠᠴᠠ ᠰᠤᠷᠤᠯᠭ᠎ᠠ ᠶᠢᠨ ᠰᠦᠢᠳᠭᠡᠯ ᠦᠯᠦ ᠬᠤᠷᠢᠶᠠᠬᠤ ᠪᠠ ᠠᠮᠢᠳᠤᠷᠠᠯ ᠤᠨ | ᠵᠠᠷᠤᠳᠠᠯ ᠲᠤᠰᠠᠯᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠣᠷᠤᠨ ᠤ ᠳᠤᠲᠤᠷᠠᠬᠢ | ᠳᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠨ ᠣᠷᠤᠭᠰᠠᠨ ᠮᠤᠩᠭᠤᠯ ᠢᠶᠠᠷ ᠬᠢᠴᠢᠶᠡᠯᠯᠡᠬᠦ ᠰᠤᠷᠤᠭᠴᠢᠳ ᠠᠴᠠ | ᠰᠤᠷᠤᠯᠭ᠎ᠠ ᠶᠢᠨ ᠰᠦᠢᠳᠭᠡᠯ ᠢ 20% ᠬᠠᠰᠤᠨ ᠬᠤᠷᠢᠶᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠦᠨ᠎ᠡ᠃ ᠣᠷᠣᠨ ᠤ ᠳᠤᠲᠤᠷᠠᠬᠢ ᠳᠡᠭᠡᠳᠦ ᠵᠡᠷᠭᠡ ᠶᠢᠨ ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠯᠡᠬᠦ | ᠲᠤᠰᠬᠠᠢ ᠮᠡᠷᠭᠡᠵᠢᠯ ᠤᠨ ᠰᠤᠷᠤᠭᠴᠢᠳ ᠤᠨ ᠤᠶᠤᠲᠠᠳ ᠤᠨ ᠬᠤᠶᠠᠳᠤᠭᠠᠷ ᠡᠷᠳᠡᠮ ᠤᠨ ᠴᠣᠯᠠ᠂ ᠬᠤᠶᠠᠳᠤᠭᠠᠷ | ᠲᠤᠰᠬᠠᠢ ᠮᠡᠷᠭᠡᠵᠢᠯ ᠬᠠᠪᠰᠤᠷᠭᠠᠨ ᠳᠠᠪᠲᠠᠬᠤ ᠪᠣᠶᠣ ᠬᠡᠷᠡᠭᠯᠡᠭᠡᠨ ᠤ ᠲᠦᠷᠦᠯ ᠤᠨ ᠬᠢᠴᠢᠶᠡᠯ ᠢ ᠨᠡᠮᠡᠨ ᠰᠤᠷᠬᠤ ᠶᠢ | ᠵᠣᠷᠢᠬᠵᠢᠭᠤᠯᠤᠨ ᠳᠡᠮᠵᠢᠵᠦ᠂ ᠬᠢᠷᠢ ᠲᠡᠩᠴᠡᠭᠰᠡᠨ ᠦᠨᠡᠮᠯᠡᠯ ᠪᠤᠶᠤ ᠬᠢᠷᠢ ᠪᠦᠲᠦᠮᠵᠢ ᠶᠢᠨ ᠬᠠᠭᠤᠳᠠᠰᠤ ᠪᠠᠨ | ᠤᠯᠤᠭᠰᠠᠳ ᠢ ᠰᠤᠷᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠶᠤᠰᠤᠭᠠᠷ ᠡᠯ᠎ᠡ ᠱᠠᠲᠤᠨ ᠤ ᠡᠳ᠋ ᠤᠨ ᠵᠠᠰᠠᠭ ᠠᠴᠠ | ᠰᠤᠷᠤᠭᠴᠢᠳ ᠤᠨ ᠳᠤᠮᠳᠠᠴᠢ ᠲᠣᠭᠲᠠᠭᠠᠭᠰᠠᠨ ᠲᠣᠭᠠᠨ ᠤ ᠨᠦᠬᠦᠪᠦᠷᠢ ᠥᠭᠬᠦ ᠳᠤ ᠣᠷᠤᠭᠤᠯᠤᠨ᠎ᠠ᠃ ᠴᠦᠬᠡᠨ | ᠲᠣᠭᠠᠲᠤ ᠦᠨᠳᠦᠰᠦᠲᠡᠨ ᠤ ᠪᠡᠯᠡᠳᠭᠡᠯ ᠠᠩᠭᠢ ᠶᠢᠨ ᠰᠤᠷᠤᠭᠴᠢᠳ ᠲᠤ ᠰᠤᠷᠤᠭᠴᠢᠳ ᠤᠨ ᠢᠷᠡᠯᠲᠡ ᠶᠢᠨ ᠣᠷᠣᠨ ᠤ | ᠵᠠᠰᠠᠭ ᠤᠨ ᠣᠷᠳᠣᠨ ᠠᠴᠠ ᠲᠠᠮ ᠬᠦᠦ ᠮᠦᠩᠭᠦ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠴᠦᠬᠡᠨ ᠲᠣᠭᠠᠲᠤ ᠦᠨᠳᠦᠰᠦᠲᠡᠨ ᠤ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ᠂ ᠮᠤᠷᠠᠯ ᠰᠤᠷᠤᠯᠭ᠎ᠠ ᠶᠢ | ᠬᠤᠣᠰᠯᠠᠭᠤᠯᠤᠭᠰᠠᠨ ᠰᠤᠷᠤᠭᠴᠢᠳ ᠲᠤ ᠤᠯᠤᠰ ᠪᠠ ᠦᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢ ᠲᠡᠳᠭᠦᠬᠦ | ᠡᠯ᠎ᠡ ᠵᠦᠢᠯ ᠤᠨ ᠱᠠᠩᠨᠠᠯ ᠢ ᠤᠷᠢᠳᠠᠪᠠᠷ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠬᠤᠲᠠ | ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ | ᠬᠡᠦᠬᠡᠳ ᠨᠢ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠨ ᠣᠷᠤᠭᠰᠠᠨ ᠰᠢᠨ᠎ᠡ ᠰᠤᠷᠤᠭᠴᠢ ᠪᠤᠯᠪᠠᠯ | ᠰᠤᠷᠭᠠᠭᠤᠯᠢ ᠳᠤ ᠣᠷᠤᠬᠰᠠᠨ ᠢ ᠨᠢ ᠵᠤᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ | ︵ᠬᠤᠶᠠᠷ︶ ᠵᠠᠷᠤᠳᠠᠯ ᠤᠨ ᠣᠷᠤᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠲᠡᠨ ᠤ ᠰᠤᠷᠭᠠᠨ ᠬᠦᠮᠦᠵᠢᠯ ᠤᠨ | ᠣᠷᠤᠭᠤᠯᠤᠯᠲᠠ ᠶᠢ ᠦᠨᠡᠨᠬᠦ ᠨᠡᠮᠡᠭᠳᠡᠭᠦᠯᠵᠦ᠂ ᠦᠨᠳᠦᠰᠦᠨ ᠣᠯᠠᠨ ᠨᠡᠶᠢᠲᠡ ᠶᠢᠨ ᠰᠤᠷᠭᠠᠨ ᠬᠦᠮᠦᠵᠢᠯ ᠤᠨ | ᠦᠢᠯᠡᠴᠢᠯᠡᠭᠡᠨ ᠤ ᠲᠡᠩᠴᠡᠭᠦᠷᠢᠵᠢᠯᠲᠡ ᠶᠢ ᠲᠦᠷᠭᠡᠳᠭᠡᠨ ᠠᠬᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠡᠳ᠋ ᠤᠨ ᠵᠠᠰᠠᠭ ᠤᠨ ᠲᠦᠰᠦᠪ ᠪᠠ ᠲᠤᠰ ᠱᠠᠲᠤᠨ ᠤ ᠡᠳ᠋ ᠤᠨ ᠬᠦᠴᠦ ᠪᠠᠨ | ᠲᠣᠬᠢᠷᠠᠭᠤᠯᠬᠤ ᠳᠠᠭᠠᠨ ᠦᠨᠳᠦᠰᠦᠲᠡᠨ ᠤ ᠰᠤᠷᠭᠠᠨ ᠬᠦᠮᠦᠵᠢᠯ ᠲᠡᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ | ᠬᠤᠣᠰ ᠬᠡᠯᠡᠨ ᠤ ᠰᠤᠷᠭᠠᠨ ᠬᠦᠮᠦᠵᠢᠯ᠂ ᠪᠠᠭᠰᠢᠨᠠᠷ ᠤᠨ ᠬᠦᠮᠦᠵᠢᠭᠦᠯᠦᠯ ᠪᠣᠯᠪᠠᠰᠤᠷᠠᠭᠤᠯᠤᠯ᠂ ᠦᠨᠳᠦᠰᠦᠲᠡᠨ ᠤ | ᠪᠦᠯᠬᠦᠮᠳᠡᠯ ᠤᠨ ᠬᠦᠮᠦᠵᠢᠯ᠂ ᠦᠨᠳᠦᠰᠦᠲᠡᠨ ᠤ ᠰᠤᠶᠤᠯ ᠤᠨ ᠠᠭᠤᠰᠤᠯᠴᠠᠭ᠎ᠠ ᠰᠢᠨ᠎ᠡ ᠡᠭᠦᠳᠦᠯᠲᠡ ᠵᠡᠷᠭᠡ | ᠲᠠᠯ᠎ᠠ ᠪᠠᠷ ᠬᠢ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠲᠦᠪᠯᠡᠷᠡᠭᠦᠯᠦᠨ ᠬᠡᠷᠡᠭᠯᠡᠵᠦ᠂ ᠦᠨᠳᠦᠰᠦᠲᠡᠨ ᠤ | ᠦᠰᠦᠭ ᠪᠢᠴᠢᠭ ᠤᠨ ᠵᠢᠭᠠᠬᠤ ᠮᠠᠲ᠋ᠧᠷᠢᠶᠠᠯ ᠢ ᠨᠡᠭᠡᠭᠡᠨ ᠬᠥᠭᠵᠢᠭᠦᠯᠬᠦ᠂ ᠨᠠᠶᠢᠷᠠᠭᠤᠯᠤᠨ ᠣᠷᠴᠢᠭᠤᠯᠵᠤ ᠬᠢᠨᠠᠨ | ᠪᠠᠶᠢᠴᠠᠭᠠᠬᠤ ᠪᠠ ᠬᠡᠪᠯᠡᠬᠦ ᠳᠤ ᠳᠡᠮᠵᠢᠯᠭᠡ ᠦᠵᠡᠭᠦᠯᠦᠨ᠎ᠡ᠃ ᠰᠢᠰᠲ᠋ᠧᠮ ᠢᠶᠠᠷ ᠢᠶᠠᠨ ᠲᠤᠰᠠᠯᠠᠭᠰᠠᠨ ᠪᠡᠯᠡ ᠮᠦᠩᠭᠦ ᠶᠢ | ᠦᠨᠳᠦᠰᠦᠲᠡᠨ ᠤ ᠰᠤᠷᠭᠠᠨ ᠬᠦᠮᠦᠵᠢᠯ ᠳᠤ ᠤᠷᠢᠳᠠᠪᠠᠷ ᠲᠣᠬᠢᠷᠠᠭᠤᠯᠤᠨ᠎ᠠ᠃ ᠰᠤᠷᠭᠠᠨ ᠬᠦᠮᠦᠵᠢᠯ ᠢᠶᠠᠷ ᠶᠠᠳᠠᠭᠤ ᠶᠢ | ᠲᠡᠳᠭᠦᠬᠦ ᠪᠡᠯᠡ ᠮᠦᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠨᠡᠶᠢᠭᠡᠮ ᠤᠨ ᠬᠦᠴᠦᠨ ᠤ | ᠦᠨᠳᠦᠰᠦᠲᠡᠨ ᠤ ᠰᠤᠷᠭᠠᠨ ᠬᠦᠮᠦᠵᠢᠯ ᠢ ᠳᠡᠮᠵᠢᠨ ᠬᠥᠭᠵᠢᠭᠦᠯᠬᠦ ᠶᠢ ᠵᠣᠷᠢᠬᠵᠢᠭᠤᠯᠬᠤ ᠪᠠ ᠬᠦᠲᠦᠯᠦᠨ | ᠵᠢᠯᠤᠭᠤᠳᠴᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠣᠷᠤᠭᠤᠯᠤᠯᠲᠠ ᠶᠢ ᠣᠯᠠᠨ ᠵᠠᠮ ᠮᠥᠷ ᠢᠶᠠᠷ | ᠨᠡᠮᠡᠭᠳᠡᠭᠦᠯᠦᠨ᠎ᠡ᠃ | ︵ᠭᠤᠷᠪᠠ︶ ᠰᠤᠷᠭᠠᠨ ᠬᠦᠮᠦᠵᠢᠯ ᠤᠨ ᠮᠡᠳᠡᠭᠡ ᠵᠠᠩᠬᠢᠵᠢᠯᠲᠠ ᠶᠢᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠤᠨ᠎ᠠ᠃ | ᠡᠯ᠎ᠡ ᠱᠠᠲᠤᠨ ᠤ ᠡᠯ᠎ᠡ ᠲᠦᠷᠦᠯ ᠤᠨ ᠦᠨᠳᠦᠰᠦᠲᠡᠨ ᠤ ᠰᠤᠷᠭᠠᠭᠤᠯᠢ ᠶᠢᠨ ᠮᠡᠳᠡᠭᠡ ᠵᠠᠩᠬᠢᠵᠢᠯᠲᠠ ᠶᠢᠨ | ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠥᠷᠭᠡᠨ ᠪᠦᠰᠡᠲᠦ ᠰᠦᠯᠵᠢᠶ᠎ᠡ ᠶᠢ | ᠰᠤᠷᠭᠠᠭᠤᠯᠢ ᠨᠢᠭᠡᠪᠦᠷᠢ ᠳᠤ ᠨᠡᠪᠲᠡᠷᠡᠭᠦᠯᠬᠦ︾᠂ ︽ᠴᠢᠨᠠᠷ ᠰᠠᠶᠢᠲᠠᠢ ᠡᠬᠢ ᠪᠠᠶᠠᠯᠢᠭ ᠢ ᠠᠩᠭᠢ ᠨᠢᠭᠡᠪᠦᠷᠢ ᠳᠤ | ᠬᠦᠷᠭᠡᠬᠦ︾᠂ ︽ᠰᠦᠯᠵᠢᠶ᠎ᠡ ᠳᠡᠭᠡᠷ᠎ᠡ ᠰᠤᠷᠤᠯᠴᠠᠬᠤ ᠣᠷᠣᠨ ᠵᠠᠢ ᠶᠢ ᠬᠦᠮᠦᠨ ᠨᠢᠭᠡᠪᠦᠷᠢ ᠳᠤ ᠣᠯᠭᠤᠬᠤ︾ ᠶᠢ | ᠲᠦᠷᠭᠡᠳᠭᠡᠨ ᠠᠬᠢᠭᠤᠯᠤᠨ᠎ᠠ᠃ ᠤᠯᠤᠰ ᠪᠠ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠡᠬᠢ | ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠪᠴᠡᠩ ᠢ ᠡᠩ ᠲᠡᠷᠢᠭᠦᠨ ᠳᠤ ᠪᠤᠶᠢᠲᠠ ᠪᠦᠭᠯᠡᠭᠦᠦ ᠶᠠᠳᠠᠭᠤ | ᠬᠦᠴᠢᠷᠳᠡᠯᠲᠡᠢ ᠭᠠᠵᠠᠷ ᠣᠷᠣᠨ᠂ ᠬᠢᠯᠢ ᠬᠢᠵᠠᠭᠠᠷ ᠣᠷᠣᠨ᠂ ᠴᠦᠬᠡᠨ ᠲᠣᠭᠠᠲᠤ ᠦᠨᠳᠦᠰᠦᠲᠡᠨ ᠤ ᠲᠦᠪᠯᠡᠷᠡᠨ | ᠰᠠᠭᠤᠭᠰᠠᠨ ᠭᠠᠵᠠᠷ ᠣᠷᠣᠨ᠂ ︽ᠭᠤᠷᠪᠠᠨ ᠴᠦᠬᠡᠨ ᠲᠣᠭᠠᠲᠤ ᠦᠨᠳᠦᠰᠦᠲᠡᠨ︾ ᠤ ᠭᠠᠵᠠᠷ ᠣᠷᠣᠨ ᠪᠠ | ᠦᠨᠳᠦᠰᠦᠲᠡᠨ ᠤ ᠰᠤᠷᠭᠠᠭᠤᠯᠢ ᠲᠡᠰᠢ ᠪᠠᠨ ᠴᠢᠯᠦᠭᠡᠲᠡᠢ ᠪᠣᠯᠭᠠᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠤᠨ | ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠶᠢᠨ ᠲᠦᠰᠦᠯ ᠢ ᠲᠣᠭᠲᠠᠭᠠᠵᠤ᠂ ︽ᠦᠪᠦᠷ ᠮᠣᠩᠭᠤᠯ ᠤᠨ ᠰᠠᠭᠤᠷᠢ | ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠰᠦᠯᠵᠢᠶ᠎ᠡ︾ ︵ᠮᠣᠩᠭᠤᠯ︶ ᠶᠢᠨ ᠬᠢᠴᠢᠶᠡᠯ ᠰᠢᠨᠵᠢᠯᠡᠭᠡᠨ ᠤ ᠵᠢᠭᠠᠨ | ᠰᠤᠷᠭᠠᠯᠲᠠ ᠶᠢᠨ ᠡᠬᠢ ᠪᠠᠶᠠᠯᠢᠭ ᠤᠨ ᠠᠭᠤᠯᠭ᠎ᠠ ᠶᠢ ᠤᠯᠠᠮ ᠨᠢᠭᠡ ᠠᠯᠬᠤᠮ ᠪᠦᠷᠢᠨ ᠲᠡᠭᠦᠯᠳᠡᠷ ᠪᠣᠯᠭᠠᠵᠤ᠂ ᠮᠣᠩᠭᠤᠯ | ᠬᠢᠲᠠᠳ ᠬᠤᠣᠰ ᠬᠡᠯᠡ ᠪᠠᠷ ᠬᠢᠴᠢᠶᠡᠯᠯᠡᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ︽ᠠᠳᠠᠯᠢ ᠬᠠᠷᠠᠭᠠᠰᠤ ᠳᠤ | ᠬᠠᠷᠢᠯᠴᠠᠨ ᠦᠢᠯᠡᠳᠦᠯᠴᠡᠬᠦ ᠬᠢᠴᠢᠶᠡᠯ ᠤᠨ ᠲᠠᠩᠬᠢᠮ︾ ᠤᠨ ᠪᠠᠶᠢᠭᠤᠯᠤᠯᠲᠠ ᠬᠢᠭᠡᠳ ᠬᠡᠷᠡᠭᠯᠡᠭᠡᠨ ᠢ ᠠᠬᠢᠭᠤᠯᠤᠨ᠎ᠠ᠃ | ︽ᠮᠣᠩᠭᠤᠯ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠡᠪᠴᠡᠩ︾ ᠤᠨ ᠪᠠᠶᠢᠭᠤᠯᠤᠯᠲᠠ ᠶᠢ ᠲᠦᠷᠭᠡᠳᠭᠡᠵᠦ᠂ | ᠮᠣᠩᠭᠤᠯ ᠬᠢᠲᠠᠳ ᠬᠤᠣᠰ ᠬᠡᠯᠡᠨ ᠤ ᠵᠢᠭᠠᠨ ᠰᠤᠷᠭᠠᠯᠲᠠ ᠪᠣᠯᠣᠨ ᠪᠠᠭᠰᠢᠨᠠᠷ ᠤᠨ ᠪᠣᠯᠪᠠᠰᠤᠷᠠᠭᠤᠯᠤᠯ ᠵᠢᠴᠢ | ᠦᠨᠳᠦᠰᠦᠲᠡᠨ ᠤ ᠰᠤᠶᠤᠯ ᠵᠡᠷᠭᠡ ᠲᠣᠭᠠᠴᠢᠯᠠᠭᠰᠠᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠣᠷᠤᠭᠤᠯᠤᠨ | ᠠᠪᠴᠢᠷᠠᠵᠤ᠂ ᠨᠠᠶᠢᠷᠠᠭᠤᠯᠤᠨ ᠣᠷᠴᠢᠭᠤᠯᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃ ᠪᠠᠭᠰᠢᠨᠠᠷ ᠤᠨ ᠮᠡᠳᠡᠭᠡ | ᠵᠠᠩᠭᠢ ᠶᠢᠨ ᠮᠡᠷᠭᠡᠵᠢᠯ ᠢ ᠬᠡᠷᠡᠭᠯᠡᠬᠦ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠤᠨ᠎ᠠ᠃ ︽ᠪᠦᠬᠦ ᠣᠷᠣᠨ ᠤ | ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠬᠠᠮᠢᠶᠠᠷᠤᠯᠲᠠ ᠬᠢᠭᠡᠳ ᠵᠢᠭᠠᠨ | ᠰᠤᠷᠭᠠᠯᠲᠠ ᠶᠢᠨ ᠶᠠᠰᠤ ᠴᠢᠨᠠᠷ ᠢ ᠦᠨᠡᠯᠡᠨ ᠵᠢᠱᠢᠬᠦ ᠰᠢᠰᠲ᠋ᠧᠮ︾ ᠤᠨ ᠴᠢᠳᠠᠮᠵᠢ ᠪᠣᠯᠣᠨ ᠦᠢᠯᠡᠳᠦᠯ ᠢ ᠭᠦᠢᠴᠡᠳ | ᠪᠠᠳᠠᠷᠠᠭᠤᠯᠵᠤ᠂ ᠰᠤᠷᠭᠠᠭᠤᠯᠢ ᠶᠢᠨ ᠬᠠᠮᠢᠶᠠᠷᠤᠯᠲᠠ᠂ ᠰᠤᠷᠭᠠᠨ ᠬᠦᠮᠦᠵᠢᠯ ᠤᠨ ᠡᠷᠳᠡᠮ ᠰᠢᠨᠵᠢᠯᠡᠭᠡᠨ᠂ ᠵᠢᠭᠠᠨ | ᠰᠤᠷᠭᠠᠯᠲᠠ ᠶᠢᠨ ᠶᠠᠰᠤ ᠴᠢᠨᠠᠷ ᠢ ᠦᠨᠡᠯᠡᠨ ᠵᠢᠱᠢᠬᠦ ᠶᠢ ᠰᠢᠨᠵᠢᠯᠡᠬᠦ ᠤᠬᠠᠭᠠᠨᠵᠢᠭᠤᠯᠬᠤ ᠪᠠ ᠵᠢᠷᠤᠮᠵᠢᠭᠤᠯᠬᠤ ᠶᠢ | ᠪᠡᠶᠡᠯᠡᠭᠦᠯᠦᠨ᠎ᠡ᠃ | ︵ᠳᠥᠷᠪᠡ︶ ︽ᠬᠤᠶᠠᠷ ᠢᠶᠠᠷ ᠭᠤᠤᠯᠯᠠᠵᠦ ᠠᠯᠪᠠᠨ ᠠᠴᠠ ᠡᠷᠬᠢᠯᠡᠬᠦ︾ ᠶᠢᠨ ᠰᠤᠷᠭᠠᠭᠤᠯᠢ ᠡᠷᠬᠢᠯᠡᠭᠰᠡᠨ | ᠦᠷ᠎ᠡ ᠪᠦᠲᠦᠭᠡᠯ ᠢ ᠪᠠᠬᠢᠵᠢᠭᠦᠯᠦᠨ᠎ᠡ᠃ | ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠠᠭᠤᠭᠠᠯᠢ ᠶᠢᠨ ᠳᠦᠷᠢᠮ ᠢᠶᠠᠷ ᠭᠤᠣᠯ ᠪᠣᠯᠭᠠᠭᠰᠠᠨ᠂ | ᠰᠤᠷᠤᠯᠭ᠎ᠠ ᠶᠢᠨ ᠲᠡᠳᠭᠦᠮᠵᠢ ᠮᠦᠩᠭᠦ ᠪᠠᠷ ᠭᠤᠣᠯ ᠪᠣᠯᠭᠠᠭᠰᠠᠨ ᠠᠯᠪᠠᠨ ᠠᠴᠠ ᠡᠷᠬᠢᠯᠡᠬᠦ ᠪᠠᠶᠢᠭᠤᠯᠤᠯ ᠢ | ᠬᠡᠷᠡᠭᠵᠢᠭᠦᠯᠬᠦ ᠶᠢ ᠪᠠᠷᠢᠮᠲᠠᠯᠠᠨ᠎ᠠ᠃ ᠮᠠᠯᠵᠢᠬᠤ ᠲᠠᠷᠢᠶᠠᠯᠠᠬᠤ ᠣᠷᠣᠨ ᠪᠠ ᠪᠤᠶᠢᠲᠠ ᠪᠦᠭᠯᠡᠭᠦᠦ ᠶᠠᠳᠠᠭᠤ ᠬᠦᠴᠢᠷᠳᠡᠯᠲᠡᠢ | ᠭᠠᠵᠠᠷ ᠣᠷᠣᠨ᠂ ᠬᠢᠯᠢ ᠬᠢᠵᠠᠭᠠᠷ ᠣᠷᠣᠨ ᠤ ᠰᠠᠭᠤᠭᠠᠯᠢ ᠶᠢᠨ ᠳᠦᠷᠢᠮᠲᠦ ᠰᠤᠷᠭᠠᠭᠤᠯᠢ ᠶᠢ ᠭᠤᠣᠯᠳᠠᠯᠭ᠎ᠠ ᠲᠠᠢ | ᠪᠠᠶᠢᠭᠤᠯᠤᠨ᠎ᠠ᠃ ᠮᠤᠩᠭᠤᠯ ᠢᠶᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠨᠳᠦᠰᠦᠲᠡᠨ ᠤ ᠰᠠᠭᠤᠭᠠᠯᠢ ᠶᠢᠨ | ᠳᠦᠷᠢᠮᠲᠦ ᠰᠤᠷᠭᠠᠭᠤᠯᠢ ᠨᠢᠭᠡᠪᠦᠷᠢ ᠶᠢ ᠰᠠᠶᠢᠲᠤᠷ ᠡᠷᠬᠢᠯᠡᠬᠦ ᠶᠢ ᠳᠡᠮᠵᠢᠵᠦ᠂ ᠪᠠᠷᠢᠮᠵᠢᠶᠠᠵᠢᠭᠤᠯᠬᠤ ᠱᠠᠭᠠᠷᠳᠠᠯᠭ᠎ᠠ ᠳᠤ | ᠬᠦᠷᠦᠭᠦᠯᠦᠨ᠎ᠡ᠃ ᠤᠯᠤᠰ ᠤᠨ ᠲᠣᠭᠲᠠᠭᠠᠭᠰᠠᠨ ᠪᠠᠷᠢᠮᠵᠢᠶ᠎ᠠ ᠶᠤᠰᠤᠭᠠᠷ ᠵᠢᠭᠠᠨ ᠰᠤᠷᠭᠠᠯᠲᠠ ᠶᠢᠨ ᠡᠯ᠎ᠡ ᠲᠦᠷᠦᠯ ᠤᠨ | ᠬᠡᠷᠡᠭᠰᠡᠯ ᠢ ᠭᠦᠢᠴᠡᠳ ᠲᠣᠬᠢᠷᠠᠭᠤᠯᠵᠤ᠂ ᠠᠮᠢᠳᠤᠷᠠᠯ ᠤᠨ ᠡᠯ᠎ᠡ ᠲᠦᠷᠦᠯ ᠤᠨ ᠪᠡᠯᠡᠳᠭᠡᠮᠵᠢ ᠶᠢ ᠨᠢ ᠪᠦᠷᠢᠨ | ᠲᠣᠬᠢᠷᠠᠭᠤᠯᠵᠤ᠂ ᠵᠢᠭᠠᠨ ᠰᠤᠷᠭᠠᠯᠲᠠ᠂ ᠠᠵᠢᠯᠯᠠᠭ᠎ᠠ᠂ ᠠᠮᠢᠳᠤᠷᠠᠯ ᠤᠨ ᠬᠡᠷᠡᠭᠴᠡᠭᠡ ᠶᠢ ᠭᠦᠢᠴᠡᠳ ᠬᠠᠩᠭᠠᠨ᠎ᠠ᠃ | ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯᠲᠠᠨ ᠢ ᠵᠦᠢ ᠵᠣᠬᠢᠰᠲᠠᠢ ᠪᠠᠷ | ᠲᠣᠬᠢᠷᠠᠭᠤᠯᠤᠨ᠎ᠠ᠃ ᠰᠤᠷᠭᠠᠭᠤᠯᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠦᠷ ᠲᠥᠪᠰᠢᠨ ᠤ ᠬᠦᠮᠦᠵᠢᠯ ᠢ | ᠴᠢᠩᠭᠠᠷᠠᠭᠤᠯᠤᠨ᠂ ᠬᠦᠮᠦᠨ ᠤ ᠬᠦᠴᠦᠨ᠂ ᠪᠣᠳᠠᠰ ᠤᠨ ᠬᠦᠴᠦᠨ᠂ ᠮᠡᠷᠭᠡᠵᠢᠯ ᠢᠶᠠᠷ ᠠᠮᠦᠷ ᠲᠥᠪᠰᠢᠨ ᠤ | ᠰᠡᠷᠭᠡᠶᠢᠯᠡᠯᠲᠡ ᠬᠢᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠦᠷ ᠲᠠᠶᠢᠪᠣᠩ ᠪᠦᠭᠡᠳ ᠡᠶ᠎ᠡ ᠵᠣᠬᠢᠴᠠᠯ ᠲᠠᠢ | ᠰᠤᠷᠭᠠᠭᠤᠯᠢ ᠶᠢᠨ ᠬᠦᠷᠢᠶᠡᠯᠡᠩ ᠢ ᠪᠦᠲᠦᠭᠡᠨ ᠪᠠᠶᠢᠭᠤᠯᠤᠨ᠎ᠠ᠃ ᠵᠢᠭᠠᠨ ᠰᠤᠷᠭᠠᠯᠲᠠ ᠶᠢᠨ ᠬᠡᠪ ᠤᠨ ᠡᠮᠬᠢ ᠲᠢᠭᠯᠢᠮ ᠢ | ᠪᠠᠲᠤᠯᠠᠵᠤ᠂ ᠰᠤᠷᠤᠯᠭ᠎ᠠ ᠠᠮᠢᠳᠤᠷᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠭᠰᠠᠨ ᠰᠠᠭᠤᠷᠢᠨ | ᠳᠡᠭᠡᠷ᠎ᠡ᠂ ᠣᠯᠠᠨ ᠬᠡᠯᠪᠡᠷᠢ ᠮᠠᠶ᠋ᠢᠭ ᠤᠨ᠂ ᠭᠤᠶᠢᠲᠠ ᠪᠠᠶᠠᠯᠢᠭ ᠵᠤᠭ᠎ᠠ ᠴᠡᠩᠭᠡᠯ ᠲᠠᠢ ᠪᠠᠷ ᠬᠦᠮᠦᠵᠢᠯ ᠬᠦᠷᠲᠡᠭᠡᠬᠦ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠡᠩᠬᠡ᠂ | ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ︵ᠲᠠᠪᠤ︶ ᠴᠦᠬᠡᠨ ᠲᠣᠭᠠᠲᠤ ᠦᠨᠳᠦᠰᠦᠲᠡᠨ ᠤ ᠶᠡᠭᠡ ᠰᠤᠷᠭᠠᠭᠤᠯᠢ ᠲᠡᠭᠦᠰᠦᠭᠰᠡᠳ ᠲᠤ ᠭᠦᠢᠴᠡᠳ ᠠᠵᠢᠯ | ᠣᠯᠭᠤᠬᠤ ᠶᠢ ᠪᠠᠲᠤᠯᠠᠨ᠎ᠠ᠃ | ᠦᠪᠡᠷᠲᠡᠭᠡᠨ ᠵᠠᠰᠠᠬᠤ ᠣᠷᠣᠨ ᠤ ᠠᠯᠪᠠᠲᠠᠨ ᠰᠢᠯᠭᠠᠨ ᠠᠪᠬᠤ᠂ ᠠᠵᠢᠯ ᠦᠢᠯᠡᠰ ᠤᠨ ᠨᠢᠭᠡᠴᠡ ᠠᠵᠢᠯᠲᠠᠨ | ᠤᠷᠢᠬᠤ ᠳᠠᠭᠠᠨ ᠵᠢᠯ ᠪᠦᠷᠢ ᠶᠢᠨ ᠡᠯᠰᠡᠬᠦ ︵ᠤᠷᠢᠬᠤ︶ ᠲᠦᠯᠦᠪᠯᠡᠭᠡ ᠶᠢᠨ ᠶᠡᠷᠦᠩᠬᠡᠢ ᠲᠣᠭᠠᠨ ᠤ 15% ᠠᠴᠠ | ᠳᠣᠣᠷ᠎ᠠ ᠪᠠᠶᠢᠯᠭᠠᠬᠤ ᠦᠭᠡᠢ ᠬᠠᠷᠢᠴᠠᠯ ᠢᠶᠠᠷ ᠲᠤᠰᠢᠶᠠᠯ ︵ᠠᠵᠢᠯ ᠤᠨ ᠪᠠᠶᠢᠷᠢ︶ ᠢ ᠬᠤᠪᠢᠶᠠᠷᠢᠯᠠᠨ ᠲᠤᠬᠳᠠᠭᠠᠵᠦ | ᠮᠤᠩᠭᠤᠯ ᠢᠶᠠᠷ ᠰᠤᠷᠤᠭᠰᠠᠨ ᠶᠡᠭᠡ ᠰᠤᠷᠭᠠᠭᠤᠯᠢ ᠲᠡᠭᠦᠰᠦᠭᠰᠡᠳ ᠲᠤ ᠬᠡᠷᠡᠭᠯᠡᠨ᠎ᠡ᠃ ᠦᠪᠦᠷ ᠮᠣᠩᠭᠤᠯ ᠳᠤ ᠰᠠᠭᠤᠭ᠎ᠠ | ᠲᠥᠪ ᠤᠨ ᠡᠯ᠎ᠡ ᠲᠦᠷᠦᠯ ᠤᠨ ᠠᠵᠤ ᠠᠬᠤᠶᠢᠯᠠᠯ᠂ ᠦᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ | ᠠᠵᠤ ᠠᠬᠤᠶᠢᠯᠠᠯ ᠤᠨ ᠮᠤᠩᠭᠤᠯ ᠢᠶᠠᠷ ᠰᠤᠷᠤᠭᠰᠠᠨ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠲᠤ | ᠴᠢᠭᠯᠡᠭᠦᠯᠦᠨ ᠬᠠᠨᠳᠤᠯᠭ᠎ᠠ ᠲᠠᠢ ᠪᠠᠷ ᠡᠯᠰᠡᠬᠦ ᠶᠢ ᠵᠣᠷᠢᠬᠵᠢᠭᠤᠯᠤᠨ᠎ᠠ᠃ ᠤᠯᠤᠰ ᠤᠨ ᠠᠯᠪᠠᠨ ᠪᠠᠶᠢᠭᠤᠯᠭ᠎ᠠ᠂ ᠠᠵᠢᠯ | ᠦᠢᠯᠡᠰ ᠤᠨ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠡᠯ᠎ᠡ ᠱᠠᠲᠤᠨ ᠤ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠯᠠᠪᠤᠷ ᠤᠳ ᠮᠣᠩᠭᠤᠯ ᠬᠢᠲᠠᠳ ᠬᠤᠶᠠᠷ ᠬᠡᠯᠡ ᠳᠤ ᠨᠡᠪᠲᠡᠷᠡᠭᠰᠡᠨ ᠠᠵᠢᠯᠲᠠᠨ ᠤ ᠠᠵᠢᠯ ᠤᠨ | ᠪᠠᠶᠢᠷᠢ ᠶᠢ ᠨᠡᠮᠡᠭᠳᠡᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠦᠢᠯᠡᠰ ᠴᠣᠭᠴᠠᠯᠠᠬᠤ | ᠳᠠᠭᠠᠭᠠᠯᠲᠠᠲᠤ ᠵᠢᠭᠡᠯᠡᠯᠭᠡ ᠶᠢᠨ ᠭᠠᠭᠴᠠ ᠤᠳᠠᠭᠠᠨ ᠤ ᠬᠠᠮᠤᠭ ᠤᠨ ᠶᠡᠭᠡ ᠲᠤᠭ᠎ᠠ ᠬᠡᠮᠵᠢᠶ᠎ᠡ ᠶᠢ 50 ᠲᠦᠮᠡᠨ | ᠲᠦᠭᠦᠷᠢᠭ ᠪᠣᠯᠭᠠᠨ ᠳᠡᠭᠡᠭᠰᠢᠯᠡᠭᠦᠯᠵᠦ᠂ ᠮᠣᠩᠭᠤᠯ ᠢᠶᠠᠷ ᠬᠢᠴᠢᠶᠡᠯᠯᠡᠭᠰᠡᠨ ᠶᠡᠭᠡ ᠰᠤᠷᠭᠠᠭᠤᠯᠢ ᠲᠡᠭᠦᠰᠦᠭᠰᠡᠳ ᠢ | ᠳᠡᠮᠵᠢᠬᠦ ᠪᠠ ᠡᠯᠰᠡᠵᠦ ᠪᠠᠶᠢᠭᠠᠳ ᠠᠳᠠᠯ ᠦᠢᠯᠡᠰ ᠴᠣᠭᠴᠠᠯᠠᠨ ᠠᠵᠢᠯ ᠣᠯᠭᠤᠬᠤ ᠦᠪᠡᠷᠲᠡᠭᠡᠨ ᠵᠠᠰᠠᠬᠤ ᠣᠷᠣᠨ ᠤ | ᠡᠯ᠎ᠡ ᠵᠦᠢᠯ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠪᠠᠭᠰᠢᠨᠠᠷ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠪᠠᠭᠰᠢᠨᠠᠷ ᠤᠨ ᠴᠠᠯᠢᠩ ᠣᠯᠭᠤᠮᠵᠢ ᠲᠠᠢ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ ᠦᠨᠡᠨᠬᠦ | ᠨᠠᠶᠢᠳᠠᠪᠤᠷᠢᠵᠢᠭᠤᠯᠵᠤ᠂ ᠮᠣᠩᠭᠤᠯ ᠬᠢᠲᠠᠳ ᠬᠤᠣᠰ ᠬᠡᠯᠡ ᠪᠠᠷ ᠬᠢᠴᠢᠶᠡᠯᠯᠡᠬᠦ ᠬᠡᠦᠬᠡᠳ ᠤᠨ ᠴᠡᠴᠡᠷᠯᠢᠭ᠂ ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢᠨᠠᠷ ᠤᠨ ᠴᠠᠯᠢᠩ ᠣᠯᠭᠤᠮᠵᠢ ᠲᠡᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠨ᠎ᠡ᠃ ᠬᠤᠣᠰ | ᠬᠡᠯᠡ ᠪᠠᠷ ᠵᠢᠭᠠᠨ ᠰᠤᠷᠭᠠᠬᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢᠨᠠᠷ ᠤᠨ ᠮᠡᠷᠭᠡᠵᠢᠯ ᠤᠨ ᠴᠣᠯᠠ | ︵ᠲᠤᠰᠢᠶᠠᠯ︶ ᠰᠢᠯᠭᠠᠷᠠᠭᠤᠯᠤᠨ ᠲᠣᠭᠲᠠᠭᠠᠵᠤ ᠤᠷᠢᠨ ᠬᠡᠷᠡᠭᠯᠡᠬᠦ᠂ ᠳᠡᠰ ᠳᠡᠪᠰᠢᠬᠦ ᠳᠤ ᠬᠡᠯᠪᠠᠶᠢᠬᠦ ᠲᠥᠷᠥ ᠶᠢᠨ | ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠳᠠᠬᠢ ᠦᠨᠳᠦᠰᠦᠲᠡᠨ ᠤ | ᠰᠤᠷᠭᠠᠭᠤᠯᠢ ᠶᠢᠨ ᠪᠠᠭᠰᠢᠨᠠᠷ ᠤᠨ ᠲᠦᠷ ᠲᠤᠬᠢᠷᠠᠭᠤᠯᠤᠨ ᠰᠠᠭᠤᠯᠭᠠᠬᠤ ᠪᠠᠶᠢᠷᠢ ᠶᠢᠨ ᠭᠡᠷ ᠤᠨ ᠪᠦᠲᠦᠭᠡᠨ | ᠪᠠᠶᠢᠭᠤᠯᠤᠯᠲᠠ ᠶᠢ ᠳᠡᠮᠵᠢᠨ᠎ᠡ᠃ ᠬᠢᠯᠢ ᠬᠢᠵᠠᠭᠠᠷ ᠣᠷᠣᠨ᠂ ᠮᠠᠯᠵᠢᠬᠤ ᠲᠠᠷᠢᠶᠠᠯᠠᠬᠤ ᠣᠷᠣᠨ ᠳᠤ ᠨᠤᠲᠤᠭᠰᠢᠭᠰᠠᠨ᠂ | ᠤᠷᠲᠤ ᠬᠤᠭᠤᠴᠠᠭ᠎ᠠ ᠪᠠᠷ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠬᠢᠭᠰᠡᠨ ᠤ ᠬᠠᠮᠲᠤ᠂ ᠳᠤᠪᠤᠶᠢᠮ᠎ᠠ | ᠬᠤᠪᠢ ᠨᠡᠮᠡᠷᠢ ᠦᠵᠡᠭᠦᠯᠦᠭᠰᠡᠨ ᠪᠠᠭᠰᠢᠨᠠᠷ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠤᠯᠤᠰ ᠤᠨ | ᠲᠣᠭᠲᠠᠭᠠᠯ ᠶᠤᠰᠤᠭᠠᠷ ᠰᠠᠶᠢᠰᠢᠶᠠᠨ ᠬᠦᠬᠢᠭᠦᠯᠦᠨ᠎ᠡ᠃ | ᠲᠠᠪᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠦᠨᠡᠨᠬᠦ ᠴᠢᠩᠭᠠᠳᠬᠠᠨ᠎ᠠ | ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ | ᠨᠠᠮ ᠤᠨ ᠤᠳᠤᠷᠢᠳᠤᠯᠭ᠎ᠠ ᠪᠣᠯ ᠦᠨᠳᠦᠰᠦᠲᠡᠨ ᠤ ᠰᠤᠷᠭᠠᠨ ᠬᠦᠮᠦᠵᠢᠯ ᠤᠨ ᠬᠥᠭᠵᠢᠯᠲᠡ ᠶᠢᠨ ᠵᠥᠪ | ᠣᠨᠣᠪᠴᠢᠲᠠᠢ ᠴᠢᠭᠯᠡᠯ ᠢ ᠦᠨᠡᠨᠬᠦ ᠪᠠᠲᠤᠯᠠᠬᠤ ᠶᠢᠨ ᠦᠨᠳᠦᠰᠦᠨ ᠪᠠᠲᠤᠯᠠᠭ᠎ᠠ ᠪᠣᠯᠣᠨ᠎ᠠ᠃ ᠨᠠᠮ ᠤᠨ ᠬᠤᠷᠢᠶ᠎ᠠ ᠶᠢᠨ | ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠰᠤᠷᠭᠠᠨ | ᠬᠦᠮᠦᠵᠢᠯ ᠤᠨ ᠤᠳᠤᠷᠢᠳᠤᠯᠭ᠎ᠠ ᠶᠢᠨ ᠪᠠᠶᠢᠭᠤᠯᠤᠯ ᠪᠣᠯᠣᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠂ | ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠳᠤᠮᠳᠠᠬᠢ ᠴᠢᠬᠤᠯᠠ ᠠᠰᠠᠭᠤᠳᠠᠯ ᠪᠠ ᠣᠯᠠᠨ ᠲᠦᠮᠡᠨ ᠤ | ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠢ ᠴᠠᠭ ᠲᠣᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠪᠦᠬᠦ | ᠣᠷᠣᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ ᠰᠠᠶᠢᠵᠢᠷᠠᠭᠤᠯᠵᠤ᠂ ᠦᠨᠳᠦᠰᠦᠨ ᠱᠠᠲᠤ ᠶᠢ ᠠᠳᠬᠤᠨ᠂ ᠰᠠᠭᠤᠷᠢ ᠶᠢ ᠴᠣᠭᠴᠠᠯᠠᠬᠤ ᠶᠢ | ᠴᠢᠬᠤᠯᠠᠴᠢᠯᠠᠨ᠂ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠨᠡᠩ ᠳᠤᠪᠤᠶᠢᠮ᠎ᠠ ᠪᠠᠶᠢᠷᠢᠨ ᠳᠤ | ᠲᠠᠯᠪᠢᠨ᠎ᠠ᠃ ᠨᠠᠮ ᠤᠨ ᠭᠡᠰᠢᠭᠦᠳ ᠺᠠᠳ᠋ᠷ ᠤᠨ ᠤᠯᠤᠰ ᠲᠥᠷᠥ ᠶᠢᠨ ᠦᠵᠡᠯ ᠤᠬᠠᠮᠰᠠᠷ᠂ ᠬᠠᠷᠢᠭᠤᠴᠠᠯᠭ᠎ᠠ ᠶᠢᠨ | ᠦᠵᠡᠯ ᠤᠬᠠᠮᠰᠠᠷ᠂ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠪᠣᠯᠣᠨ ᠬᠢᠵᠠᠭᠠᠷ ᠱᠤᠭᠤᠮ ᠤᠨ ᠦᠵᠡᠯ | ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠦᠨᠡᠨᠬᠦ ᠨᠡᠮᠡᠭᠳᠡᠭᠦᠯᠦᠨ᠎ᠡ᠃ | ︵ᠬᠤᠶᠠᠷ︶ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ | ᠪᠦᠬᠦ ᠣᠷᠣᠨ ᠤ ᠠᠵᠤ ᠠᠬᠤᠢ ᠨᠡᠶᠢᠭᠡᠮ ᠤᠨ ᠴᠡᠴᠡᠭᠯᠡᠯ ᠬᠥᠭᠵᠢᠯ ᠪᠠ ᠬᠢᠯᠢ ᠬᠢᠵᠠᠭᠠᠷ ᠣᠷᠣᠨ ᠢ ᠡᠶ᠎ᠡ | ᠵᠣᠬᠢᠴᠠᠯ ᠲᠠᠢ ᠪᠦᠭᠡᠳ ᠲᠣᠭᠲᠠᠭᠤᠨ ᠪᠠᠶᠢᠯᠭᠠᠬᠤ ᠳᠤᠮᠳᠠᠬᠢ ᠦᠨᠳᠦᠰᠦᠲᠡᠨ ᠤ ᠰᠤᠷᠭᠠᠨ ᠬᠦᠮᠦᠵᠢᠯ ᠤᠨ ᠰᠠᠭᠤᠷᠢ | ᠴᠢᠨᠠᠷ᠂ ᠬᠤᠰᠢᠭᠤᠴᠢ ᠴᠢᠨᠠᠷ᠂ ᠪᠦᠬᠦ ᠲᠠᠯ᠎ᠠ ᠶᠢᠨ ᠴᠢᠨᠠᠷ ᠲᠠᠢ ᠪᠠᠶᠢᠬᠤ ᠦᠢᠯᠡᠳᠦᠯ ᠢ ᠭᠦᠢᠴᠡᠳ ᠲᠠᠨᠢᠬᠤ ᠬᠡᠷᠡᠭᠲᠡᠢ᠃ | ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠦᠨᠳᠦᠰᠦᠲᠡᠨ ᠤ ᠰᠤᠷᠭᠠᠨ ᠬᠦᠮᠦᠵᠢᠯ ᠤᠨ ᠬᠥᠭᠵᠢᠯᠲᠡ ᠶᠢ | ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠪᠠ ᠲᠦᠷᠦᠯ ᠬᠤᠪᠢᠶᠠᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠦᠨᠳᠦᠰᠦᠲᠡᠨ ᠤ ᠰᠤᠷᠭᠠᠨ ᠬᠦᠮᠦᠵᠢᠯ ᠤᠨ ᠬᠥᠭᠵᠢᠯᠲᠡ ᠶᠢ | ᠠᠬᠢᠭᠤᠯᠬᠤ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠦᠨᠳᠦᠰᠦᠲᠡᠨ ᠤ ᠰᠤᠷᠭᠠᠨ ᠬᠦᠮᠦᠵᠢᠯ ᠤᠨ | ᠠᠵᠢᠯ ᠢ ᠡᠳᠦᠷ ᠳᠤᠲᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠵᠤ᠂ ᠭᠤᠣᠯ ᠤᠳᠤᠷᠢᠳᠤᠯᠭ᠎ᠠ ᠠᠴᠠ | ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠪᠣᠲᠠᠲᠠᠢ ᠬᠠᠷᠢᠭᠤᠴᠠᠨ᠂ | ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠲᠦᠷᠦᠭᠦᠯᠡᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠨᠢᠭᠲᠠ | ᠬᠠᠮᠵᠢᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠤᠨ ᠵᠤᠬᠢᠬᠤ | ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠦᠨᠳᠦᠰᠦᠲᠡᠨ ᠤ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠤ | ᠰᠤᠳᠤᠯᠭᠠᠨ᠂ ᠵᠢᠭᠠᠨ ᠰᠤᠷᠭᠠᠯᠲᠠ ᠶᠢᠨ ᠰᠤᠳᠤᠯᠭᠠᠨ ᠤ ᠪᠠᠶᠢᠭᠤᠯᠤᠮᠵᠢ ᠪᠠ ᠡᠩᠨᠡᠭᠡ ᠶᠢᠨ ᠪᠠᠶᠢᠭᠤᠯᠤᠯᠲᠠ ᠶᠢ | ᠴᠢᠬᠤᠯᠠᠴᠢᠯᠠᠨ᠂ ᠦᠨᠳᠦᠰᠦᠲᠡᠨ ᠤ ᠰᠤᠷᠭᠠᠭᠤᠯᠢ ᠶᠢᠨ ᠠᠮᠦᠷ ᠲᠥᠪᠰᠢᠨ ᠲᠣᠭᠲᠠᠭᠠᠨ ᠪᠠᠶᠢᠯᠭᠠᠬᠤ ᠠᠵᠢᠯ ᠢ | ᠴᠢᠩᠭᠠᠳᠬᠠᠬᠤ ᠶᠢᠨ ᠬᠠᠮᠲᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ | ᠱᠠᠲᠤᠨ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠲᠤᠰᠬᠠᠢ ᠪᠠᠶᠢᠭᠤᠯᠤᠮᠵᠢ ᠪᠠ ᠠᠵᠢᠯᠲᠠᠨ ᠢ | ᠲᠣᠳᠤᠷᠬᠠᠶᠢᠯᠠᠨ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠢ ᠬᠠᠷᠢᠭᠤᠴᠠᠭᠤᠯᠵᠤ᠂ ᠮᠤᠵᠢ ᠣᠷᠣᠨ | ᠠᠯᠤᠰᠯᠠᠭᠰᠠᠨ ᠦᠨᠳᠦᠰᠦᠲᠡᠨ ᠤ ᠰᠤᠷᠭᠠᠨ ᠬᠦᠮᠦᠵᠢᠯ ᠤᠨ ᠬᠠᠮᠵᠢᠯᠴᠠᠭ᠎ᠠ ᠪᠠ ᠣᠯᠠᠨ ᠤᠯᠤᠰ ᠤᠨ ᠰᠤᠷᠭᠠᠨ | ᠬᠦᠮᠦᠵᠢᠯ ᠤᠨ ᠰᠤᠯᠢᠯᠴᠠᠭ᠎ᠠ ᠬᠠᠮᠲᠤᠷᠠᠯᠴᠠᠭ᠎ᠠ ᠶᠢᠨ ᠵᠢᠯᠤᠭᠤᠳᠤᠯᠭ᠎ᠠ ᠪᠠ ᠬᠠᠮᠢᠶᠠᠷᠤᠯᠲᠠ ᠪᠠᠨ ᠴᠢᠩᠭᠠᠳᠬᠠᠨ᠎ᠠ᠃ | ︵ᠭᠤᠷᠪᠠ︶ ᠤᠬᠠᠭᠤᠯᠭ᠎ᠠ ᠬᠦᠮᠦᠵᠢᠯ ᠪᠠ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠎ᠠ᠃ | ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠤᠳ ᠨᠠᠮ ᠤᠨ ᠦᠨᠳᠦᠰᠦᠲᠡᠨ ᠤ ᠣᠨᠣᠯ᠂ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠦᠨᠳᠦᠰᠦᠲᠡᠨ ᠤ | ᠰᠤᠷᠭᠠᠨ ᠬᠦᠮᠦᠵᠢᠯ ᠤᠨ ᠲᠡᠷᠢᠭᠦᠨ ᠤ ᠦᠢᠯᠡ ᠶᠠᠪᠤᠳᠠᠯ᠂ ᠲᠡᠷᠢᠭᠦᠨ ᠤ ᠬᠦᠮᠦᠰ ᠢ ᠤᠬᠠᠭᠤᠯᠤᠨ ᠮᠡᠳᠡᠭᠡᠯᠡᠬᠦ ᠪᠠᠨ | ᠴᠢᠩᠭᠠᠳᠬᠠᠨ᠎ᠠ᠃ ᠶᠠᠷᠢᠶ᠎ᠠ ᠬᠡᠯᠡᠯᠴᠡᠭᠡᠨ ᠢᠶᠠᠷ ᠬᠦᠲᠦᠯᠦᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ | ᠦᠨᠳᠦᠰᠦᠲᠡᠨ ᠤ ᠺᠠᠳ᠋ᠷ ᠣᠯᠠᠨ ᠲᠦᠮᠡᠨ ᠪᠠ ᠪᠠᠭᠰᠢ ᠰᠤᠷᠤᠭᠴᠢᠳ ᠤᠨ ᠵᠥᠪ ᠪᠣᠷᠤᠭᠤ ᠶᠢ ᠢᠯᠭᠠᠨ ᠲᠠᠨᠢᠬᠤ᠂ | ᠤᠯᠤᠰ ᠤᠨ ᠳᠤᠲᠤᠭᠠᠲᠤ ᠭᠠᠳᠠᠭᠠᠲᠤ ᠶᠢᠨ ᠳᠠᠶᠢᠰᠤᠩᠨᠠᠭᠴᠢ ᠬᠦᠴᠦᠨ ᠤ ᠦᠵᠡᠯ ᠰᠠᠨᠠᠭ᠎ᠠ ᠶᠢᠨ ᠨᠡᠪᠴᠢᠯᠲᠡ ᠶᠢ | ᠡᠰᠡᠷᠭᠦᠴᠡᠬᠦ ᠴᠢᠳᠠᠪᠤᠷᠢ ᠪᠠᠨ ᠨᠡᠮᠡᠭᠳᠡᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ | ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠦᠯᠦᠪᠵᠢᠭᠦᠯᠭᠡ ᠪᠠ ᠣᠷᠣᠨ ᠨᠤᠲᠤᠭ ᠤᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠲᠣᠭᠲᠠᠭᠠᠬᠤ ᠳᠠᠭᠠᠨ | ᠦᠨᠳᠦᠰᠦᠲᠡᠨ ᠤ ᠰᠤᠷᠭᠠᠨ ᠬᠦᠮᠦᠵᠢᠯ ᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠤᠷᠢᠳᠠᠪᠠᠷ ᠬᠥᠭᠵᠢᠭᠦᠯᠦᠨ᠂ | ᠭᠤᠣᠯᠳᠠᠯᠭ᠎ᠠ ᠶᠢ ᠪᠠᠲᠤᠯᠠᠬᠤ ᠶᠢᠨ ᠬᠠᠮᠲᠤ᠂ ᠵᠠᠰᠠᠭ ᠤᠨ ᠣᠷᠳᠣᠨ ᠤ ᠬᠠᠷᠠᠯᠲᠠ ᠶᠢ ᠰᠢᠯᠭᠠᠨ ᠬᠢᠨᠠᠬᠤ ᠶᠢᠨ ᠴᠢᠬᠤᠯᠠ | ᠠᠭᠤᠯᠭ᠎ᠠ ᠪᠣᠯᠭᠠᠨ᠎ᠠ᠃ ᠦᠨᠳᠦᠰᠦᠲᠡᠨ ᠤ ᠰᠤᠷᠭᠠᠨ ᠬᠦᠮᠦᠵᠢᠯ ᠤᠨ ᠬᠥᠭᠵᠢᠯᠲᠡ ᠶᠢᠨ ᠲᠤᠰᠬᠠᠢ ᠵᠦᠢᠯ ᠤᠨ | ᠲᠦᠯᠦᠪᠵᠢᠭᠦᠯᠭᠡ ᠪᠠ ᠣᠨ ᠤ ᠲᠦᠯᠦᠪᠯᠡᠭᠡ ᠶᠢ ᠰᠤᠳᠤᠯᠤᠨ ᠲᠣᠭᠲᠠᠭᠠᠵᠤ᠂ ᠬᠥᠭᠵᠢᠯᠲᠡ ᠶᠢᠨ ᠬᠠᠷᠠᠯᠲᠠ᠂ | ᠠᠵᠢᠯ ᠤᠨ ᠡᠭᠦᠷᠭᠡ᠂ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠲᠦᠷᠦᠯ ᠵᠦᠢᠯ ᠪᠣᠯᠣᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠲᠤᠷᠬᠠᠶᠢᠯᠠᠨ᠎ᠠ᠃ ︽ᠦᠪᠦᠷ ᠮᠣᠩᠭᠤᠯ ᠤᠨ ᠦᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠳᠦᠷᠢᠮ︾᠂ ︽︿ᠦᠪᠦᠷ ᠮᠣᠩᠭᠤᠯ ᠤᠨ ᠦᠪᠡᠷᠲᠡᠭᠡᠨ | ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ﹀ ᠢ ᠬᠡᠷᠡᠭᠵᠢᠭᠦᠯᠬᠦ ᠨᠠᠷᠢᠨ | ᠳᠦᠷᠢᠮ︾ ᠤᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠭᠡᠨ᠎ᠡ᠃ ᠦᠨᠳᠦᠰᠦᠲᠡᠨ ᠤ ᠰᠤᠷᠭᠠᠨ ᠬᠦᠮᠦᠵᠢᠯ ᠤᠨ | ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠪᠣᠯᠣᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠠᠴᠠ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠶᠠᠨ | ᠪᠠᠶᠢᠭᠤᠯᠵᠤ ᠲᠤᠰᠬᠠᠢ ᠰᠢᠮᠳᠠᠭᠤᠯᠤᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠦᠨ᠎ᠡ᠃ | | |