| | 2016 ᠤᠨ ᠤ 8 ᠳ᠋ᠤᠭᠠᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ 12349 | ᠠᠷᠠᠳ ᠲᠤ ᠳᠥᠭᠦᠮ ᠦᠵᠡᠭᠦᠯᠬᠦ ᠦᠲᠡᠭᠦᠰ ᠲᠤ ᠦᠢᠯᠡᠴᠢᠯᠡᠬᠦ ᠲᠥᠪ ᠳᠠᠭᠠᠭᠠᠴᠢᠯᠠᠨ ᠡᠷᠬᠢᠯᠡᠵᠦ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠠᠩᠬᠢ ᠶᠢᠨ ᠠᠵᠢᠯ ᠠᠴᠠ ᠪᠠᠨ ᠪᠠᠭᠤᠭᠰᠠᠨ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠰᠤᠪᠢᠯᠠᠯᠲᠠ ᠶᠢᠨ ᠭᠠᠵᠠᠷ ᠬᠠᠪᠰᠤᠷᠤᠨ ᠡᠷᠬᠢᠯᠡᠭᠰᠡᠨ ᠨᠠᠢᠮᠠᠳᠤᠭᠠᠷ | ᠰᠠᠷ᠎ᠠ ᠶᠢᠨ ᠨᠢᠭᠡᠨ ᠤ ᠴᠡᠷᠢᠭ ᠬᠦᠮᠦᠨ ᠳᠤ ᠶᠤᠰᠤᠯᠠᠨ ᠭᠠᠪᠢᠶᠠᠲᠤ ᠲᠦᠰᠢᠮᠡᠯ ᠳᠤ ᠬᠠᠶᠢᠷ᠎ᠠ ᠬᠠᠯᠠᠮᠵᠢ ᠡᠷᠭᠦᠬᠦ ᠵᠢᠴᠢ | ᠢᠨᠲ᠋ᠧᠷ ᠰᠦᠯᠵᠢᠶ᠎ᠡ + ᠭᠡᠷ ᠲᠤᠨᠢ ᠠᠰᠠᠷᠠᠮᠵᠢ ᠬᠦᠷᠲᠡᠭᠡᠬᠦ ᠭᠤᠣᠯ ᠰᠡᠳᠦᠪᠲᠦ ᠲᠤᠮᠤ ᠬᠡᠯᠪᠡᠷᠢ ᠶᠢᠨ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠡᠬᠢᠯᠡᠵᠦ᠂ ᠡᠩ ᠲᠡᠷᠢᠭᠦᠨ ᠳᠤ ᠥᠪᠥᠷ ᠮᠣᠩᠭᠤᠯ ᠤᠨ ᠺᠠᠳ᠋ᠷᠴᠤᠳ ᠤᠨ ᠠᠮᠠᠷᠠᠯᠲᠠ ᠶᠢᠨ | ᠭᠠᠵᠠᠷ ᠲᠤ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠭᠡᠷ ᠲᠡᠭᠡᠨ ᠠᠰᠠᠷᠠᠮᠵᠢ ᠬᠦᠷᠲᠡᠭᠡᠬᠦ︾ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠪᠠ᠃ | ᠠᠵᠢᠯᠯᠠᠭ᠎ᠠ ᠡᠬᠢᠯᠡᠬᠦ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠬᠥᠩ ᠸᠧᠶ ᠴᠦᠨ ᠴᠢᠬᠤᠯᠠ ᠶᠠᠷᠢᠶ᠎ᠠ ᠲᠠᠯᠪᠢᠵᠤ᠂ ᠲᠡᠷᠡ | ᠶᠠᠷᠢᠶᠠᠨ ᠲᠠᠭᠠᠨ ᠡᠨᠡ ᠤᠳᠠᠭᠠᠨ ᠤ ᠠᠵᠢᠯᠯᠠᠭᠠᠨ ᠤ ᠴᠢᠬᠤᠯᠠ ᠠᠴᠢ ᠬᠤᠯᠪᠤᠭᠳᠠᠯ ᠢ ᠴᠢᠬᠤᠯᠠᠴᠢᠯᠠᠵᠤ᠂ ᠥᠨᠥᠳᠦᠷ | ᠪᠢᠳᠡ ᠠᠳᠡ ᠢᠨᠲ᠋ᠧᠷ ᠰᠦᠯᠵᠢᠶ᠎ᠡ + ᠭᠡᠷ ᠲᠤᠨᠢ ᠠᠰᠠᠷᠠᠮᠵᠢ ᠬᠦᠷᠲᠡᠭᠡᠬᠦ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠤᠨ ᠢᠯᠡᠷᠬᠡᠶᠢᠯᠡᠯ ᠡᠯᠭᠦᠬᠦ ᠶᠤᠰᠤᠯᠠᠯ ᠶᠠᠪᠤᠭᠤᠯᠵᠤ ᠪᠠᠶᠢᠬᠤ ᠨᠢ᠂ ᠭᠡᠷ ᠲᠤᠨᠢ ᠠᠰᠠᠷᠠᠮᠵᠢ ᠬᠦᠷᠲᠡᠭᠡᠬᠦ ᠡᠨᠡᠬᠦ | ᠵᠠᠭᠪᠤᠷ ᠨᠢ ᠲᠡᠭᠦᠨ ᠤ ᠦᠢᠯᠡᠳᠦᠯ ᠪᠠ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ ᠲᠠᠰᠤᠷᠠᠯᠲᠠ ᠦᠭᠡᠢ | ᠬᠥᠭᠵᠢᠨ ᠪᠤᠵᠠᠭᠠᠶᠢᠷᠠᠵᠤ᠂ ᠨᠠᠰᠤᠲᠠᠶᠢᠴᠤᠳ ᠤᠳᠤ ᠦᠶ᠎ᠡ ᠶᠢᠨ ᠪᠣᠳᠠᠰ ᠤᠨ ᠪᠠ ᠤᠶᠤᠨ ᠤ ᠪᠣᠯᠪᠠᠰᠤᠨ ᠤ | ᠬᠥᠭᠵᠢᠯᠲᠡ ᠶᠢᠨ ᠦᠷ᠎ᠡ ᠪᠦᠲᠦᠭᠡᠯ ᠢ ᠪᠢᠳᠡᠨ ᠲᠠᠢ ᠬᠠᠮᠲᠤ ᠪᠠᠷ ᠬᠦᠷᠲᠡᠵᠦ᠂ ᠨᠠᠰᠤᠲᠠᠶᠢᠴᠤᠳ ᠤᠨ ᠵᠣᠯ | ᠵᠢᠷᠭᠠᠯ ᠲᠠᠢ᠂ ᠪᠠᠶᠠᠷ ᠪᠠᠶᠠᠰᠬᠤᠯᠠᠩᠲᠠᠶ ᠥᠲᠡᠯᠦᠭᠡ ᠨᠠᠰᠤ ᠪᠠᠨ ᠦᠩᠭᠡᠷᠡᠭᠦᠯᠬᠦ ᠬᠦᠰᠡᠵᠦ ᠪᠠᠶᠢᠭ᠎ᠠ ᠶᠠᠪᠤᠳᠠᠯ ᠶᠤᠮ | ᠭᠡᠪᠡ᠃ | ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ 12349 ᠠᠷᠠᠳ ᠲᠤ ᠳᠥᠭᠦᠮ ᠦᠵᠡᠭᠦᠯᠬᠦ ᠦᠲᠡᠭᠦᠰ | ᠲᠤ ᠦᠢᠯᠡᠴᠢᠯᠡᠬᠦ ᠲᠥᠪ ᠤᠨ ᠡᠷᠬᠢᠯᠡᠭᠴᠢ ᠵᠠᠩ ᠿᠢ ᠱᠧᠩ ︽ᠢᠨᠲ᠋ᠧᠷ ᠰᠦᠯᠵᠢᠶ᠎ᠡ + ᠭᠡᠷ ᠲᠤᠨᠢ ᠠᠰᠠᠷᠠᠮᠵᠢ | ᠬᠦᠷᠲᠡᠭᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠵᠠᠶᠢᠯᠠᠰᠢ ᠦᠭᠡᠶ ᠬᠠᠨᠳᠤᠰᠢ᠂ ᠪᠤᠰᠤᠳᠴᠢ ᠵᠢᠮ᠎ᠡ ᠶᠣᠰᠣ ᠪᠠ | 12349 ᠠᠷᠠᠳ ᠲᠤ ᠳᠥᠭᠦᠮ ᠦᠵᠡᠭᠦᠯᠬᠦ ᠦᠲᠡᠭᠦᠰ ᠲᠤ ᠦᠢᠯᠡᠴᠢᠯᠡᠬᠦ ᠲᠦᠪ ᠤᠨ ᠦᠢᠯᠡᠴᠢᠯᠡᠭᠡᠨ ᠤ ᠵᠣᠷᠢᠯᠲᠠ | ᠂ ᠦᠢᠯᠡᠴᠢᠯᠡᠭᠡᠨ ᠤ ᠤᠨᠤᠯᠵᠠᠬᠤᠨ ᠪᠣᠯᠤᠨ ᠦᠢᠯᠡᠴᠢᠯᠡᠭᠡᠨ ᠤ ᠠᠷᠭ᠎ᠠ ᠬᠡᠯᠪᠡᠷᠢ ᠶᠢ ᠲᠠᠨᠢᠯᠴᠠᠭᠤᠯᠪᠠ᠃ ᠠᠵᠢᠯᠯᠠᠭᠠᠨ ᠤ | ᠲᠤᠬᠠᠶ ᠶᠢᠨ ᠲᠠᠯᠠᠪᠠᠢ ᠳᠤ ᠺᠠᠳ᠋ᠷᠴᠤᠳ ᠤᠨ ᠰᠤᠪᠢᠯᠠᠯᠲᠠ ᠶᠢᠨ ᠭᠠᠵᠠᠷ ᠤᠨ ᠨᠠᠰᠤᠲᠠᠳ ᠲᠤ ᠨᠢᠭᠡ ᠳᠠᠷᠤᠭᠤᠯ ᠢᠶᠠᠷ | ᠨᠡᠪᠲᠡᠷᠡᠬᠦ ᠭᠠᠷ ᠤᠲᠠᠰᠤ᠂ ᠬᠠᠷᠠᠭᠠᠨ ᠳᠠᠪᠲᠠᠮᠵᠢ ᠶᠢᠨ ᠳ᠋ᠢᠶᠠᠩᠬᠤᠸᠠ ᠨᠡᠪᠲᠡᠷᠡᠯᠭᠡ ᠪᠠ ᠨᠣᠭᠤᠭᠠᠨ ᠪᠠᠭᠤᠪᠴᠢ | ᠪᠡᠯᠡᠭᠯᠡᠭᠰᠡᠨ ᠪᠦᠭᠡᠳ ᠠᠯᠢ ᠤᠯᠠᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠪᠡ᠃ | ᠮᠠᠨ ᠤ ᠤᠷᠤᠨ ᠪᠦᠬᠦ ᠬᠦᠴᠦ ᠪᠠᠷ ᠢᠶᠠᠨ ︽ᠢᠨᠲ᠋ᠧᠷ ᠰᠦᠯᠵᠢᠶ᠎ᠡ +︾ ᠶᠢᠨ ᠤᠶᠤᠨᠴᠢ ᠨᠠᠰᠤᠵᠢᠯ ᠤᠨ | ᠠᠰᠠᠷᠠᠮᠵᠢ ᠶᠢᠨ ᠮᠡᠳᠡᠭᠡ ᠵᠠᠩᠭᠢᠵᠢᠭᠤᠯᠤᠯᠲᠠ ᠶᠢᠨ ᠦᠢᠯᠡᠴᠢᠯᠡᠭᠡᠨ ᠤ ᠲᠠᠪᠴᠠᠩ ᠢ ᠪᠦᠲᠦᠭᠡᠨ ᠪᠠᠶᠢᠭᠤᠯᠵᠤ᠂ | ᠳᠠᠭᠤᠳᠠᠯᠲᠠ ᠠᠪᠤᠷᠠᠨ ᠲᠤᠰᠠᠯᠠᠭᠤᠯᠬᠤ ᠪᠠᠷ᠂ ᠠᠮᠢᠳᠤᠷᠠᠯ ᠢᠶᠠᠨ ᠬᠠᠷᠠᠭᠠᠯᠵᠠᠭᠤᠯᠬᠤ᠂ ᠡᠷᠡᠭᠦᠯ ᠮᠡᠨᠳᠤ ᠶᠢᠨ | ᠬᠠᠮᠢᠶᠠᠷᠤᠯᠲᠠ ᠤᠯᠭᠤᠬᠤ᠂ ᠠᠯᠤᠰ ᠤᠨ ᠡᠵᠡᠮᠰᠢᠯ ᠢᠶᠠᠷ ᠠᠰᠠᠷᠠᠨ ᠰᠤᠪᠢᠯᠠᠬᠤ᠂ ᠡᠯᠧᠺᠲᠷᠤᠨ ᠬᠤᠳᠠᠯᠳᠤᠭ᠎ᠠ ᠵᠡᠷᠭᠡ | 5 ᠤᠶᠦᠡᠴᠢᠯᠡᠬᠰᠡᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠭᠤᠣᠯᠳᠠᠯᠭ᠎ᠠ ᠲᠠᠢ | ᠪᠠᠶᠢᠭᠤᠯᠪᠠ᠃ ᠲᠠᠰᠤᠷᠠᠯᠳᠡ ᠦᠭᠡᠢ ᠴᠢᠷᠮᠠᠶᠢᠯᠭ᠎ᠠ ᠪᠠᠷ ᠳᠠᠮᠵᠢᠨ᠂ ᠪᠦᠬᠦ ᠣᠷᠣᠨ ᠳᠤ ᠨᠢᠭᠡᠨᠲᠡ 12349 | ᠠᠷᠠᠳ ᠲᠤ ᠳᠦᠬᠦᠮ ᠦᠢᠵᠡᠭᠦᠯᠬᠦ ᠦᠲᠡᠭᠦᠰ ᠢᠶᠠᠷ ᠲᠤ ᠦᠢᠯᠡᠴᠢᠯᠡᠬᠦ ᠲᠦᠪ 51 ᠶᠢ ᠪᠠᠶᠢᠭᠤᠯᠵᠤ᠂ | ᠤᠶᠤᠨᠴᠢᠯᠠᠭᠰᠠᠨ᠂ ᠤᠯᠠᠨ ᠶᠠᠩᠵᠤᠯᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠨᠢ ᠣᠳᠣ ᠶᠠᠭ ᠮᠠᠨ ᠤ | ᠤᠷᠤᠨ ᠳᠤ ᠠᠯᠬᠤᠮ ᠠᠯᠬᠤᠮ ᠢᠶᠠᠷ ᠪᠡᠶᠡᠯᠡᠭᠳᠡᠵᠦ ᠪᠠᠶᠢᠨ᠎ᠠ᠃ |