ᠪᠦ᠋ ᠰᠢᠶᠤᠤ ᠯᠢᠨ  ᠶᠠᠩ ᠵᠢᠶᠦ᠋ᠨ ᠰᠢᠩ  ᠵᠢᠨᠢᠩ ᠤᠨ ᠲᠠᠶᠢᠯᠠᠯᠳᠤᠭᠠᠨ ᠤ ᠬᠤᠪᠢᠰᠬᠠᠯ ᠤᠨ ᠬᠦᠮᠥᠵᠢᠯ ᠤᠨ ᠲᠤᠷᠠᠰᠬᠠᠯ ᠤᠨ ᠬᠦᠷᠢᠶᠡᠯᠡᠩ ᠪᠠᠶᠢᠭᠤᠯᠤᠭᠳᠠᠭᠰᠠᠠ ᠶᠤᠰᠤᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2016/8/2
     ᠲᠤᠮᠳᠠᠳᠤ ᠤᠯᠤᠰ ᠤᠨ ᠠᠷᠠᠳ ᠤᠨ ᠴᠢᠯᠥᠬᠡᠯᠡᠬᠦ ᠴᠡᠷᠢᠭ ᠪᠠᠶᠢᠭᠤᠯᠤᠭᠳᠠᠭᠰᠠᠠ 89 ᠵᠢᠯ ᠤᠨ ᠤᠢ ᠪᠤᠯᠤᠨ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠢᠯᠠᠯᠳᠡ ᠤᠯᠤᠭᠰᠠᠠ 80 ᠵᠢᠯ ᠤᠨ ᠤᠢ ᠶᠢ ᠲᠤᠷᠠᠰᠬᠠᠬᠤ ᠶᠢᠨ ᠲᠥᠯᠥᠬᠡ᠂ ᠤᠯᠠᠭᠠᠨᠴᠠᠪ ᠬᠤᠳᠠ ᠶᠢᠨ ᠬᠢᠨ 8 ᠳ᠋ᠤᠭᠠᠷ ᠰᠠᠷ᠎ᠠ ᠶᠢᠨ 1᠎ ᠤ ᠡᠳᠤᠷ ᠲᠤ ᠵᠢᠨᠢᠩ ᠤᠨ ᠲᠠᠶᠢᠯᠠᠯᠳᠤᠭᠠᠨ ᠤ ᠬᠤᠪᠢᠰᠬᠠᠯ ᠤᠨ ᠬᠦᠮᠥᠵᠢᠯ ᠤᠨ ᠲᠤᠷᠠᠰᠬᠠᠯ ᠤᠨ ᠬᠦᠷᠢᠶᠡᠯᠡᠩ ᠪᠠᠶᠢᠭᠤᠯᠤᠭᠳᠠᠭᠰᠠᠠ ᠶᠤᠰᠤᠯᠠᠯ ᠵᠢᠴᠢ ︽ᠵᠢᠨᠢᠩ ᠤᠨ ᠲᠠᠶᠢᠯᠠᠯᠳᠤᠭᠠᠨ︾ ᠬᠡᠬᠦ ᠪᠠᠷᠢᠮᠳᠡᠳᠤ ᠹᠢᠯᠢᠮ ᠢ ᠠᠩᠬ᠎ᠠ ᠨᠡᠪᠳᠡᠷᠡᠬᠦᠯᠬᠦ ᠠᠵᠢᠯᠯᠠᠭ᠎ᠠ ᠶᠢ ᠦᠪᠡᠳᠡᠭᠰᠢ ᠶᠡᠬᠡᠪᠡᠷ ᠶᠠᠪᠤᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠵᠢᠨᠢᠩ ᠤᠨ ᠲᠠᠶᠢᠯᠠᠯᠳᠤᠭᠠᠨ ᠤ ᠬᠤᠪᠢᠰᠬᠠᠯ ᠤᠨ ᠬᠦᠮᠥᠵᠢᠯ ᠤᠨ ᠲᠤᠷᠠᠰᠬᠠᠯ ᠤᠨ ᠬᠦᠷᠢᠶᠡᠯᠡᠩ ᠪᠠᠶᠢᠭᠤᠯᠤᠭᠳᠠᠭᠰᠠᠠ ᠢ ᠨᠡᠶᠢᠳᠡᠯᠡᠭᠰᠡᠡ ᠪᠦᠭᠡᠳ ᠨᠦᠭᠴᠢᠭᠰᠡᠡ ᠪᠠᠭᠠᠳᠤᠷᠴᠤᠳ ᠤᠨ ᠲᠤᠷᠠᠰᠬᠠᠯ ᠤᠨ ᠬᠦᠰᠢᠶ᠎ᠡ ᠳᠤ ᠴᠡᠴᠡᠭᠳᠤ ᠰᠠᠭᠰᠤ ᠬᠦᠷᠬᠡᠵᠥ᠂ ᠴᠠᠴᠤᠭ ᠢ ᠨᠢ ᠲᠢᠭᠯᠡᠪᠡ᠃ ᠲᠤᠮᠳᠠᠳᠤ ᠤᠯᠤᠰ ᠤᠨ ᠠᠷᠠᠳ ᠤᠨ ᠴᠢᠯᠥᠬᠡᠯᠡᠬᠦ ᠴᠡᠷᠢᠭ ᠤᠨ ᠪᠡᠭᠡᠵᠢᠩ ᠤᠨ ᠴᠡᠷᠢᠭ ᠤᠨ ᠲᠤᠭᠤᠷᠢᠭ ᠤᠨ ᠤᠤᠯ ᠤᠨ ᠺᠤᠮᠠᠨᠳᠠᠯᠠᠭᠴᠢ ᠯᠢ ᠯᠠᠢ ᠵᠦ ᠬᠤᠷᠠᠩᠳᠠ ᠭᠧᠨᠧᠷᠡᠯ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠺᠤᠮᠢᠰᠰᠠᠷ ᠶᠠᠩ ᠵᠢᠶᠦ᠋ᠨ ᠰᠢᠩ ᠬᠤᠰᠢᠭᠤᠴᠢ ᠭᠧᠨᠧᠷᠡᠯ᠂ ᠦᠪᠤᠷ ᠮᠤᠩᠭᠤᠯ ᠤᠨ ᠴᠡᠷᠢᠭ ᠤᠨ ᠲᠤᠭᠤᠷᠢᠭ ᠤᠨ ᠲᠡᠳ᠋ ᠺᠤᠮᠢᠰᠰᠠᠷ ᠭᠤᠤ ᠬᠤᠩ ᠭᠤᠸᠠᠩ ᠬᠤᠰᠢᠭᠤᠴᠢ ᠭᠧᠨᠧᠷᠡᠯ ᠬᠦᠷᠢᠶᠡᠯᠡᠩ ᠪᠠᠶᠢᠭᠤᠯᠤᠭᠳᠠᠭᠰᠠᠠ ᠶᠤᠰᠤᠯᠠᠯ ᠳᠤ ᠤᠷᠤᠯᠴᠠᠵᠠᠢ᠃ ᠤᠯᠤᠰ ᠪᠠᠶᠢᠭᠤᠯᠤᠭᠰᠠᠠ ᠵᠠᠩᠵᠤᠨ ᠶᠤᠤ ᠵᠧ ᠲᠡᠰᠯᠡᠭᠴᠢ ᠭᠧᠨᠧᠷᠡᠯ ᠤᠨ ᠤᠤᠭᠠᠨ ᠬᠦᠪᠡᠬᠦᠨ᠂ ᠲᠠᠯᠠᠢ ᠶᠢᠨ ᠴᠡᠷᠢᠭ ᠤᠨ ᠠᠭᠠᠷ ᠤᠨ ᠴᠡᠷᠢᠭ ᠤᠨ ᠤᠤᠯ ᠤᠨ ᠱᠠᠲ᠋ᠠᠪ ᠤᠨ ᠲᠠᠷᠤᠭ᠎ᠠ ᠶᠤᠤ ᠫᠦ᠋ ᠮᠢᠩ ᠬᠤᠰᠢᠭᠤᠴᠢ ᠭᠧᠨᠧᠷᠡᠯ ᠵᠢᠨᠢᠩ ᠤᠨ ᠲᠠᠶᠢᠯᠠᠯᠳᠤᠭᠠᠨ ᠤ ᠵᠠᠩᠵᠤᠳ ᠤᠨ ᠦᠷ᠎ᠡ ᠬᠡᠤᠬᠡᠳ ᠢ ᠲᠦᠯᠥᠬᠡᠯᠡᠨ ᠪᠠᠶᠠᠷ ᠤᠨ ᠦᠬᠡ ᠬᠡᠯᠡᠪᠡ᠃ ᠤᠯᠤᠰ ᠤᠨ ᠠᠷᠠᠳ ᠤᠨ ᠶᠠᠪᠤᠳᠠᠯ ᠤᠨ ᠶᠠᠮᠤᠨ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠨᠢᠬᠡᠴᠡ ᠶᠢᠨ ᠬᠠᠷᠢᠭᠤᠴᠠᠯᠭᠠᠳᠠᠨ ᠶᠤᠰᠤᠯᠠᠯ ᠳᠤ ᠤᠷᠤᠯᠴᠠᠪᠠ᠃      ᠦᠳᠡ ᠶᠢᠨ ᠡᠮᠤᠨᠡᠬᠢ 9 ᠴᠠᠭ ᠲᠤ᠂ ᠰᠦᠷ ᠵᠢᠪᠬᠤᠯᠠᠩᠳᠤ ᠤᠯᠤᠰ ᠤᠨ ᠰᠦᠯᠳᠡ ᠲᠠᠭᠤᠤ ᠶᠢᠨ ᠠᠶᠠᠰ ᠲᠤᠮᠳᠠ ᠤᠯᠤᠰ ᠤᠨ ᠲᠤᠭ ᠠᠯᠭᠤᠷᠬᠠᠨ ᠮᠠᠨᠳᠤᠵᠥ᠂ ᠲᠤᠷᠠᠰᠬᠠᠬᠤ ᠠᠵᠢᠯᠯᠠᠭ᠎ᠠ ᠶᠢᠨ ᠬᠦᠰᠢᠬᠡ ᠶᠢ ᠰᠡᠬᠦᠯ᠎ᠡ᠃ ᠲᠡᠷᠢ ᠲᠡᠭᠰᠢ ᠬᠤᠪᠴᠠᠰᠤᠯᠠᠭᠰᠠᠠ ᠲᠦᠮᠡᠨ ᠬᠦᠮᠥᠨ ᠤ ᠲᠦᠷᠪᠡᠯᠵᠢᠨ ᠡᠩᠨᠡᠭᠡ ᠨᠦᠭᠴᠢᠭᠰᠡᠡ ᠪᠠᠭᠠᠳᠤᠷᠴᠤᠳ ᠲᠤ ᠭᠤᠷᠪᠠᠨᠳᠡ ᠶᠤᠰᠤᠯᠠᠵᠥ᠂ ᠡᠩᠬᠡ ᠲᠠᠶᠢᠪᠤᠩ ᠤᠨ ᠲᠦᠮᠡᠨ ᠲᠠᠭᠳᠠᠭ᠎ᠠ ᠤᠭᠳᠠᠷᠭᠤᠢ ᠳᠤ ᠬᠠᠯᠢᠨ ᠨᠢᠰᠤᠯ᠎ᠠ᠃      ᠶᠡᠷᠤᠩᠬᠡᠢ ᠱᠦᠵᠢ ᠰᠢ ᠶᠢᠨ ᠫᠢᠩ ᠤᠨ ︽ᠬᠤᠪᠢᠰᠬᠠᠯ ᠤᠨ ᠵᠤᠷᠢᠭ ᠰᠠᠨᠠᠭ᠎ᠠ ᠶᠢ ᠰᠢᠨ᠎ᠡ ᠴᠠᠭ ᠦᠶ᠎ᠡ ᠶᠢᠨ ᠬᠡᠷᠡᠯ ᠬᠢᠯᠪᠠᠭ᠎ᠠ ᠲᠠᠢ ᠪᠤᠯᠭᠠᠬᠤ ᠬᠡᠷᠡᠭᠳᠡᠢ︾ ᠪᠤᠯᠤᠨ ︽ᠤᠭ ᠰᠠᠨᠠᠭ᠎ᠠ ᠪᠠᠨ ᠦᠯᠥ ᠮᠠᠷᠳᠠᠵᠥ ᠦᠷᠬᠦᠯᠵᠢᠯᠡᠨ ᠤᠷᠤᠭᠰᠢᠯᠠᠶ᠎ᠠ︾ ᠬᠡᠬᠦ ᠱᠠᠭᠠᠷᠳᠠᠯᠭ᠎ᠠ ᠶᠤᠰᠤᠭᠠᠷ᠂ ᠤᠯᠠᠭᠠᠨᠴᠠᠪ ᠬᠤᠳᠠ ᠶᠢᠨ ᠬᠢᠨ ᠵᠢᠨᠢᠩ ᠤᠨ ᠲᠠᠶᠢᠯᠠᠯᠳᠤᠭᠠᠨ ᠤ ᠤᠷᠳᠤᠨ ᠪᠤᠯᠤᠨ ᠡᠷᠬᠢᠨ ᠲᠤᠭᠤᠷᠢᠨ ᠤ ᠬᠠᠭᠤᠴᠢᠳ ᠤᠨ ᠰᠠᠭᠤᠷᠢᠨ ᠲᠡᠭᠡᠷ᠎ᠡ 13 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠬᠤᠪᠢᠰᠬᠠᠯ ᠤᠨ ᠬᠦᠮᠥᠵᠢᠯ ᠤᠨ ᠲᠤᠷᠠᠰᠬᠠᠯ ᠤᠨ ᠬᠦᠷᠢᠶᠡᠯᠡᠩ ᠢ ᠪᠠᠶᠢᠭᠤᠯᠪᠠ᠃ ᠤᠷᠳᠤᠨ ᠤ ᠨᠡᠷ᠎ᠡ ᠶᠢ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠤᠯ ᠤᠨ ᠲᠡᠳ᠋ ᠲᠡᠷᠢᠬᠦᠯᠡᠭᠴᠢ ‍ᠤᠤᠢ ᠬᠤᠤ ᠲᠢᠶᠠᠨ ᠪᠢᠴᠢᠪᠡ᠃ ᠬᠦᠷᠢᠶᠡᠯᠡᠩ ᠲᠤᠭᠤᠷᠢᠭ ᠨᠢ ᠵᠢᠨᠢᠩ ᠤᠨ ᠲᠠᠶᠢᠯᠠᠯᠳᠤᠭᠠᠨ ᠤ ᠲᠤᠷᠠᠰᠬᠠᠯ ᠤᠨ ᠤᠷᠳᠤᠨ ᠢᠶᠠᠷ ᠭᠤᠤᠯ ᠦᠵᠡᠬᠦᠯᠥᠯᠬᠡ ᠶᠢᠨ ᠲᠤᠭᠤᠷᠢᠭ ᠪᠤᠯᠭᠠᠵᠥ᠂ ᠠᠷᠠᠳ ᠤᠨ ᠪᠠᠭᠠᠳᠤᠷᠴᠤᠳ ᠤᠨ ᠲᠤᠷᠠᠰᠬᠠᠯ ᠤᠨ ᠬᠦᠰᠢᠶ᠎ᠡ᠂ ᠨᠦᠬᠡᠨ ᠵᠠᠮ ᠤᠨ ᠪᠠᠭᠤᠷᠢ᠂ ᠵᠠᠩᠵᠤᠨ ᠤ ᠬᠦᠷᠢᠶᠡᠯᠡᠩ ᠵᠡᠷᠬᠡ 16 ᠲᠤᠭᠤᠷᠢᠨ ᠦᠵᠡᠵᠥ ᠤᠢᠢᠯᠠᠭᠠᠬᠤ ᠦᠵᠡᠮᠵᠢ ᠶᠢᠨ ᠴᠢᠭ᠋ ᠭᠠᠷᠭᠠᠭᠰᠠᠠ ᠪᠠᠶᠢᠨ᠎ᠠ᠃ ᠡᠬᠦᠨ ᠳᠤ ᠵᠢᠨᠢᠩ ᠤᠨ ᠲᠠᠶᠢᠯᠠᠯᠳᠤᠭᠠᠨ ᠤ ᠲᠤᠷᠠᠰᠬᠠᠯ ᠤᠨ ᠤᠷᠳᠤᠨ ᠢ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ︽ᠪᠦᠬᠦ ᠤᠯᠤᠰ ᠤᠨ ᠭᠤᠤᠯᠳᠠᠯᠭ᠎ᠠ ᠲᠠᠢ ᠨᠦᠭᠴᠢᠭᠰᠡᠡ ᠪᠠᠭᠠᠳᠤᠷᠴᠤᠳ ᠤᠨ ᠲᠤᠷᠠᠰᠬᠠᠯ ᠤᠨ ᠪᠠᠷᠢᠯᠭ᠎ᠠ ᠶᠢᠨ ᠬᠠᠮᠠᠭᠠᠯᠠᠯᠳᠡ ᠶᠢᠨ ᠨᠢᠬᠡᠴᠡ︾᠂ ︽ᠤᠯᠤᠰ ᠤᠨ AAA ᠵᠤᠭᠠᠴᠠᠯ ᠤᠨ ᠦᠵᠡᠮᠵᠢ ᠶᠢᠨ ᠤᠷᠤᠨ︾ ᠪᠤᠯᠤᠨ ︽ᠤᠯᠤᠰ ᠤᠨ ᠲᠡᠰ ᠤᠨ ᠤᠯᠤᠰ ᠤᠨ ᠪᠠᠳᠤᠯᠠᠨ ᠬᠠᠮᠠᠭᠠᠯᠠᠯᠳᠡ ᠶᠢᠨ ᠬᠦᠮᠥᠵᠢᠯ ᠤᠨ ᠵᠢᠱᠢᠶ᠎ᠡ ᠦᠵᠡᠬᠦᠯᠬᠦ ᠰᠠᠭᠤᠷᠢᠨ︾᠎ ᠢᠶᠠᠷ ᠵᠦᠪᠰᠢᠶᠡᠷᠡᠭᠰᠡᠡ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号