ᠲᠦᠷᠪᠡᠳᠦᠭᠡᠷ ᠬᠤᠭᠤᠴᠠᠭᠠᠨ ᠤ ︽ᠲᠠᠯ᠎ᠠ ᠨᠤᠳᠤᠭ ᠤᠨ ᠭᠠᠷᠮᠠᠭᠠᠢ ᠴᠢᠳᠠᠪᠤᠷᠢᠳᠠᠨ︾ ᠲᠡᠭᠡᠲᠦ ᠲᠠᠰ ᠲᠠᠪᠬᠤᠷᠭ᠎ᠠ ᠶᠢᠨ ᠴᠢᠳᠠᠪᠤᠷᠢᠳᠠᠨ ᠤ ᠬᠠᠮᠳᠤᠷᠠᠯᠴᠠᠭ᠎ᠠ ᠰᠤᠯᠢᠯᠴᠠᠭ᠎ᠠ ᠶᠢᠨ ᠬᠤᠷᠠᠯ ᠲᠤᠰ ᠰᠠᠷ᠎ᠠ ᠶᠢᠨ 7᠎ ᠤ ᠡᠳᠦᠷ ᠪᠣᠭᠤᠲᠣ ᠳᠤ ᠶᠠᠪᠤᠭᠳᠠᠬᠤ ᠪᠣᠯᠣᠨ᠎ᠠ
ᠨᠡᠶᠢᠲᠡᠯᠡᠭᠰᠡᠨ ᠴᠠᠭ᠄
2016/8/2
     8 ᠳ᠋ᠤᠭᠠᠷ ᠰᠠᠷ᠎ᠠ ᠶᠢᠨ 1᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠲᠦᠷᠪᠡᠳᠦᠭᠡᠷ ᠬᠤᠭᠤᠴᠠᠭᠠᠨ ᠤ ᠦᠪᠦᠷ ᠮᠤᠩᠭᠤᠯ ᠤᠨ ︽ᠲᠠᠯ᠎ᠠ ᠨᠤᠳᠤᠭ ᠤᠨ ᠭᠠᠷᠮᠠᠭᠠᠢ ᠴᠢᠳᠠᠪᠤᠷᠢᠳᠠᠨ︾ ᠲᠡᠭᠡᠲᠦ ᠲᠠᠰ ᠲᠠᠪᠬᠤᠷᠭ᠎ᠠ ᠶᠢᠨ ᠴᠢᠳᠠᠪᠤᠷᠢᠳᠠᠨ ᠤ ᠬᠠᠮᠳᠤᠷᠠᠯᠴᠠᠭ᠎ᠠ ᠰᠤᠯᠢᠯᠴᠠᠭ᠎ᠠ ᠶᠢᠨ ᠬᠤᠷᠠᠯ ᠵᠢᠴᠢ ᠬᠦᠬᠡᠬᠤᠳᠠ ᠪᠤᠭᠤᠳᠤ ᠬᠤᠳᠠ ᠤᠷᠳᠤᠰ ᠬᠤᠳᠠ ᠶᠢᠨ ᠴᠢᠳᠠᠪᠤᠷᠢᠳᠠᠨ ᠤ ᠰᠢᠨ᠎ᠠ ᠶᠢ ᠡᠭᠦᠳᠦᠨ ᠠᠳᠠᠯ ᠦᠢᠯᠡᠰ ᠴᠤᠭᠴᠠᠯᠠᠬᠤ ᠭᠠᠷᠠᠭ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠲᠠᠨᠢᠯᠴᠠᠭᠤᠯᠪᠠ᠃ ᠠᠵᠢᠯᠯᠠᠭ᠎ᠠ ᠶᠢᠨ ᠬᠤᠭᠤᠴᠠᠭᠠᠨ ᠳᠤ ᠠᠳᠠᠯ ᠦᠢᠯᠡᠰ ᠴᠣᠭᠴᠠᠯᠠᠨ ᠠᠵᠢᠯ ᠤᠯᠬᠤ ᠤᠷᠤᠯᠳᠤᠭᠠᠨ᠂ ᠡᠯ᠎ᠠ ᠲᠦᠷᠦᠯ ᠤᠨ ᠴᠢᠳᠠᠪᠤᠷᠢᠳᠠᠨ ᠬᠢᠭᠡᠳ ᠭᠦᠭᠵᠢᠯᠳᠠ ᠶᠢᠨ ᠭᠤᠤᠯ ᠰᠡᠳᠦᠪᠳᠦ ᠶᠠᠷᠢᠯᠴᠠᠬᠤ ᠬᠤᠷᠠᠯ ᠵᠡᠷᠭᠡ 37 ᠵᠦᠢᠯ ᠤᠨ ᠠᠵᠢᠯᠯᠠᠭ᠎ᠠ ᠶᠠᠪᠤᠭᠳᠠᠬᠤ ᠪᠣᠯᠣᠨ᠎ᠠ᠃      ᠲᠤᠰ ᠤᠳᠠᠭ᠎ᠠ ᠶᠢᠨ ᠠᠵᠢᠯᠯᠠᠭ᠎ᠠ ᠨᠢ ︽ᠴᠢᠳᠠᠪᠤᠷᠢᠳᠠᠨ ᠢ ᠴᠤᠭᠯᠠᠭᠤᠯᠤᠨ ᠰᠢᠨ᠎ᠠ ᠶᠢ ᠡᠭᠦᠳᠬᠦ ᠭᠦᠭᠵᠢᠯᠳᠠ ᠶᠢ ᠰᠦᠪᠡᠭᠴᠢᠯᠡᠵᠦ᠂ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠬᠤ︾᠎ ᠪᠠᠷ ᠭᠤᠤᠯ ᠰᠡᠳᠦᠪ ᠪᠤᠯᠭᠠᠵᠤ᠂ ᠬᠦᠬᠡᠬᠤᠳᠠ᠂ ᠪᠤᠭᠤᠳᠤ ᠬᠤᠳᠠ᠂ ᠤᠷᠳᠤᠰ ᠬᠤᠳᠠ ᠶᠢᠨ ᠴᠢᠳᠠᠪᠤᠷᠢᠳᠠᠨ ᠤ ᠬᠠᠮᠢᠶᠠᠷᠤᠯᠳᠠ ᠦᠭᠡᠷᠡᠴᠢᠯᠡᠯᠳᠠ ᠶᠢᠨ ᠲᠤᠷᠰᠢᠯᠳᠠ ᠶᠢᠨ ᠤᠷᠤᠨ ᠤ ᠲᠠᠪᠠᠭᠤᠯᠢᠭ ᠲᠤ ᠲᠦᠰᠢᠭᠯᠡᠨ᠂ ᠭᠤᠷᠪᠠᠨ ᠭᠠᠵᠠᠷ ᠬᠠᠮᠳᠤ ᠪᠠᠷ ᠬᠦᠳᠡᠯᠦᠯᠴᠡᠬᠦ ᠠᠷᠭ᠎ᠠ ᠭᠡᠯᠪᠠᠷᠢ ᠪᠠᠷ ︽ᠲᠠᠯ᠎ᠠ ᠨᠤᠳᠤᠭ ᠤᠨ ᠭᠠᠷᠮᠠᠭᠠᠢ ᠴᠢᠳᠠᠪᠤᠷᠢᠳᠠᠨ︾᠎ ᠤ ᠭᠤᠤᠯ ᠰᠡᠳᠦᠪᠳᠦ ᠠᠵᠢᠯᠯᠠᠭ᠎ᠠ᠂ ᠠᠳᠠᠯ ᠦᠢᠯᠡᠰ ᠴᠤᠭᠴᠠᠯᠠᠨ ᠠᠵᠢᠯ ᠤᠯᠬᠤ ᠠᠵᠢᠯᠯᠠᠭ᠎ᠠ᠂ ᠠᠵᠤ ᠦᠢᠯᠡᠰ ᠤᠨ ᠭᠦᠭᠵᠢᠯᠳᠠ ᠶᠢᠨ ᠶᠠᠷᠢᠶᠠᠨ ᠤ ᠲᠠᠪᠴᠠᠩ ᠤᠨ ᠠᠵᠢᠯᠯᠠᠭ᠎ᠠ᠂ ᠲᠦᠷᠦᠯ ᠵᠦᠢᠯ ᠤᠨ ᠰᠤᠯᠢᠯᠴᠠᠭ᠎ᠠ ᠵᠤᠯᠭᠠᠯᠴᠠᠭ᠎ᠠ ᠶᠢᠨ ᠠᠵᠢᠯᠯᠠᠭ᠎ᠠ᠂ ᠦᠪᠡᠷᠮᠢᠴᠨ ᠤᠨᠴᠠᠯᠢᠭ ᠪᠦᠬᠦᠢ ᠶᠠᠷᠢᠶᠠᠨ ᠤ ᠲᠠᠪᠴᠠᠩ ᠤᠨ ᠰᠤᠳᠤᠯᠤᠨ ᠶᠠᠷᠢᠯᠴᠠᠬᠤ ᠠᠵᠢᠯᠯᠠᠭ᠎ᠠ ᠵᠢᠴᠢ ᠦᠷ᠎ᠠ ᠪᠦᠳᠦᠭᠡᠯ ᠤᠨ ᠲᠠᠨᠢᠯᠴᠠᠭᠤᠯᠭ᠎ᠠ ᠶᠢᠨ ᠦᠵᠡᠬᠦᠯᠦᠯᠭᠡ ᠵᠡᠷᠭᠡ ᠵᠢᠷᠭᠤᠭᠠᠨ ᠵᠦᠢᠯ ᠤᠨ ᠠᠭᠤᠯᠭ᠎ᠠ ᠪᠠᠷ ᠶᠠᠪᠤᠭᠳᠠᠨ᠎ᠠ᠃ ᠠᠵᠢᠯᠯᠠᠭ᠎ᠠ ᠶᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭ᠎ᠠ ᠶᠢᠨ ᠲᠢᠩᠭᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠭᠢᠮ᠂ ᠰᠤᠷᠭᠠᠨ ᠬᠦᠮᠦᠵᠢᠯ ᠤᠨ ᠲᠢᠩᠭᠢᠮ᠂ ᠡᠪᠯᠡᠯ ᠤᠨ ᠬᠤᠷᠢᠶ᠎ᠠ ᠠᠴᠠ ᠭᠤᠤᠯᠯᠠᠨ ᠡᠷᠬᠢᠯᠡᠵᠦ᠂ ᠪᠤᠭᠤᠳᠤ ᠬᠤᠳᠠ ᠳᠤ ᠭᠤᠤᠯ ᠬᠤᠷᠠᠯ ᠤᠨ ᠲᠠᠯᠠᠪᠠᠢ ᠲᠤᠬᠢᠷᠠᠭᠤᠯᠵᠤ᠂ ᠬᠦᠬᠡᠬᠤᠳᠠ᠂ ᠤᠷᠳᠤᠰ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃      ᠤᠢᠢᠯᠠᠭᠠᠭᠰᠠᠨ ᠢᠶᠠᠷ᠂ ︽ᠲᠠᠯ᠎ᠠ ᠨᠤᠳᠤᠭ ᠤᠨ ᠭᠠᠷᠮᠠᠭᠠᠢ ᠴᠢᠳᠠᠪᠤᠷᠢᠳᠠᠨ︾᠎ ᠤ ᠢᠨᠵᠧᠨᠧᠷᠢᠩ ᠢ ᠭᠡᠷᠡᠭᠵᠢᠬᠦᠯᠦᠭᠰᠡᠨ ᠠᠴᠠ ᠨᠠᠰᠢ᠂ ᠮᠠᠨ ᠤ ᠤᠷᠤᠨ 1016 ︽ᠲᠠᠯ᠎ᠠ ᠨᠤᠳᠤᠭ ᠤᠨ ᠭᠠᠷᠮᠠᠭᠠᠢ ᠴᠢᠳᠠᠪᠤᠷᠢᠳᠠᠨ︾᠎ ᠢ ᠬᠦᠮᠦᠵᠢᠬᠦᠯᠦᠭᠰᠡᠨ ᠪᠤᠶᠤ ᠤᠷᠤᠭᠤᠯᠤᠨ ᠠᠪᠴᠢᠷᠠᠵᠤ᠂ ᠲᠠᠷᠢᠶᠠᠯᠠᠩ ᠮᠠᠯ ᠠᠵᠤ ᠠᠬᠤᠢ᠂ ᠡᠨᠧᠷᠬᠢ ᠵᠡᠷᠭᠡ 15 ᠲᠥᠷᠥᠯ ᠤᠨ ᠬᠦᠷᠢᠶ᠎ᠠ ᠬᠡᠪᠴᠢᠶᠡᠨ ᠳᠤ ᠦᠪᠡᠷᠳᠡᠭᠡᠨ ᠵᠠᠰᠠᠬᠤ ᠤᠷᠤᠨ ᠤ ᠲᠠᠰ ᠤᠨ ᠠᠵᠤ ᠦᠢᠯᠡᠰ ᠤᠨ ᠰᠢᠨ᠎ᠠ ᠶᠢ ᠡᠬᠦᠳᠴᠤ ᠠᠳᠠᠯ ᠦᠢᠯᠡᠰ ᠴᠤᠭᠴᠠᠯᠠᠬᠤ ᠴᠢᠳᠠᠪᠤᠷᠢᠳᠠᠨ ᠤ ᠪᠦᠯᠬᠦᠮ ᠢ 497᠂ ᠲᠡᠭᠡᠲᠦ ᠲᠡᠰ ᠲᠠᠪᠬᠤᠷᠭ᠎ᠠ ᠶᠢᠨ ᠴᠢᠳᠠᠪᠤᠷᠢᠳᠠᠨ ᠤ ᠰᠢᠨ᠎ᠠ ᠶᠢ ᠡᠬᠦᠳᠴᠤ ᠠᠳᠠᠯ ᠦᠢᠯᠡᠰ ᠴᠤᠭᠴᠠᠯᠠᠬᠤ ᠰᠠᠭᠤᠷᠢᠨ ᠢ 72 ᠪᠠᠶᠢᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号