2016 ᠤᠨ ᠤ ᠪᠤᠭᠤᠳᠤ ᠶᠢᠨ ᠠᠢ ᠹᠧᠢ ᠺᠧ ᠨᠢᠰᠬᠡᠯᠳᠠ ᠶᠢᠨ ᠨᠠᠭᠠᠳᠤᠮ ᠡᠬᠢᠯᠡᠪᠡ
ᠨᠡᠶᠢᠲᠡᠯᠡᠭᠰᠡᠨ ᠴᠠᠭ᠄
2016/8/22
      8 ᠳ᠋ᠤᠭᠠᠷ ᠰᠠᠷ᠎ᠠ ᠶᠢᠨ 19᠎ ᠤ ᠡᠳᠦᠷ᠂ 2016 ᠤᠨ ᠤ ᠪᠤᠭᠤᠲᠤ ᠶᠢᠨ ᠠᠢ ᠹᠧᠢ ᠺᠧ ᠨᠢᠰᠬᠡᠯᠳᠠ ᠶᠢᠨ ᠨᠠᠭᠠᠳᠤᠮ ᠪᠤᠭᠤᠲᠤ ᠬᠤᠳᠠ ᠶᠢᠨ ᠳ᠋ᠦᠩ ᠡᠾᠧ ᠠᠷᠠᠳ ᠤᠨ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠳᠤ ᠡᠬᠢᠯᠡᠪᠡ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠵᠦᠩ ᠡᠾᠧ ᠨᠠᠭᠠᠳᠤᠮ ᠡᠬᠢᠯᠡᠭᠰᠡᠨ ᠢ ᠲᠤᠩᠬᠠᠯᠠᠪᠠ᠃ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠡᠦ ᠲᠤᠸᠠᠨ ᠶᠢᠩ᠂ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠪᠦᠸᠧ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠳ᠋ᠦᠩ ᠡᠾᠧᠩ ᠢᠤᠢ᠂ ᠨᠢᠦ ᠭᠤᠸᠠᠩ ᠮᠢᠩ᠂ ᠲᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯᠳᠦ ᠺᠤᠮᠫᠠᠨᠢ ᠶᠢᠨ ᠲᠡᠳ᠋ ᠶᠡᠷᠦᠩᠬᠡᠢ ᠵᠠᠬᠢᠷᠤᠯ ᠯᠢ ᠪᠧᠨ ᠵᠧᠩ ᠡᠬᠢᠯᠡᠯᠳᠡ ᠶᠢᠨ ᠶᠤᠰᠤᠯᠠᠯ ᠳᠤ ᠤᠷᠤᠯᠴᠠᠵᠦ᠂ ᠸᠠᠩ ᠪᠦᠸᠧ᠂ ᠯᠢ ᠪᠧᠨ ᠵᠧᠩ ᠶᠠᠷᠢᠶ᠎ᠠ ᠲᠠᠯᠪᠢᠪᠠ᠃      ᠸᠠᠩ ᠪᠦᠸᠧ ᠶᠠᠷᠢᠶᠠᠨ ᠳᠠᠭᠠᠨ ᠬᠡᠯᠡᠭᠰᠡᠨ ᠨᠢ᠂ ᠦᠪᠡᠷᠲᠡᠭᠡᠨ ᠵᠠᠰᠠᠬᠤ ᠤᠷᠤᠨ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠦᠢᠯᠡᠰ ᠤᠨ ᠬᠦᠭᠵᠢᠯᠳᠡ ᠶᠢ ᠬᠦᠨᠳᠦᠳᠬᠡᠨ ᠦᠵᠡᠵᠦ᠂ ᠭᠤᠤᠯᠳᠠᠯᠭ᠎ᠠ ᠲᠠᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭ᠎ᠠ ᠠᠵᠤ ᠦᠢᠯᠡᠰ ᠲᠤ ᠵᠢᠬᠰᠠᠭᠠᠨ᠂ ᠲᠡᠮᠵᠢᠯᠭᠡ ᠶᠢᠨ ᠡᠷᠴᠢᠮ ᠢᠶᠠᠨ ᠲᠠᠰᠤᠷᠠᠯᠳᠠ ᠦᠭᠡᠢ ᠴᠢᠩᠭᠠᠳᠬᠠᠵᠠᠢ᠃ ᠤᠳᠤᠬᠠᠨ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠨᠡᠶᠢᠳᠡ 5 ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠵᠠᠰᠠᠬᠰᠠᠨ ᠪᠠᠶᠢᠵᠦ᠂ 2020 ᠤᠨ ᠪᠤᠯᠳᠠᠯ᠎ᠠ ᠨᠡᠶᠢᠲᠡ 37 ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠵᠠᠰᠠᠬᠤ ᠪᠠᠷ ᠲᠦᠯᠦᠪᠵᠢᠬᠦᠯᠵᠦ ᠪᠠᠶᠢᠨ᠎ᠠ᠃ ᠲᠠᠷᠠᠭᠠᠴᠢ ᠪᠠᠷ ᠮᠠᠨ ᠤ ᠤᠷᠤᠨ ᠤᠷᠤᠨ ᠤ ᠲᠤᠳᠤᠷᠠᠬᠢ ᠠᠭᠠᠷ ᠤᠨ ᠠᠶᠠᠯᠠᠯ ᠤᠨ ᠲᠤᠤᠷ ᠢ ᠲᠦᠷᠭᠡᠳᠬᠡᠨ ᠪᠠᠶᠢᠭᠤᠯᠤᠨ ᠲᠡᠭᠦᠯᠳᠡᠷᠵᠢᠬᠦᠯᠵᠦ᠂ ᠨᠡᠶᠢᠳᠡᠮ ᠤᠨ ᠬᠡᠷᠡᠭᠯᠡᠭᠡᠨ ᠤ ᠨᠢᠰᠬᠡᠯ ᠦᠢᠯᠡᠳᠬᠦ᠂ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠡᠵᠡᠩᠨᠡᠯᠲᠡ᠂ ᠠᠭᠠᠷ ᠤᠨ ᠠᠶᠠᠯᠠᠯ ᠤᠨ ᠺᠯᠦ᠋ᠹ ᠵᠡᠷᠭᠡ ᠲᠤᠬᠠᠢᠢᠯᠠᠭᠰᠠᠨ ᠠᠵᠢᠯ ᠢ ᠵᠤᠷᠢᠬᠵᠢᠭᠤᠯᠤᠨ ᠦᠷᠭᠡᠳᠬᠡᠵᠦ᠂ ᠤᠯᠤᠰ ᠤᠨ ᠲᠤᠳᠤᠭᠠᠳᠤ ᠳᠤ ᠤᠷᠦ᠋ᠢᠯᠠᠭᠰᠠᠨ ᠨᠡᠶᠢᠳᠡᠮ ᠤᠨ ᠬᠡᠷᠡᠭᠯᠡᠭᠡᠨ ᠤ ᠠᠵᠤ ᠦᠢᠯᠡᠰ ᠢ ᠴᠤᠬᠴᠠᠯᠠᠨ᠎ᠠ᠃      ᠯᠢ ᠪᠧᠨ ᠵᠧᠩ ᠶᠠᠷᠢᠶᠠᠨ ᠳᠠᠭᠠᠨ ᠬᠡᠯᠡᠭᠰᠡᠨ ᠨᠢ᠂ ᠪᠤᠭᠤᠲᠤ ᠶᠢᠨ ᠠᠢ ᠹᠧᠢ ᠺᠧ ᠨᠢᠰᠭᠡᠯᠳᠠ ᠶᠢᠨ ᠨᠠᠭᠠᠳᠤᠮ ᠤᠨ ᠡᠷᠬᠢᠯᠡᠭᠳᠡᠭᠰᠡᠨ ᠨᠢ᠂ ᠲᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯᠳᠦ ᠺᠤᠮᠫᠠᠨᠢ ᠪᠤᠯᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠢ ᠬᠦᠭᠵᠢᠬᠦᠯᠬᠦ ᠲᠡᠭᠡᠷ᠎ᠠ ᠪᠦᠬᠦ ᠲᠠᠯ᠎ᠠ ᠪᠠᠷ ᠬᠠᠮᠵᠢᠯᠴᠠᠭ᠎ᠠ ᠪᠠᠨ ᠬᠦᠨᠵᠡᠭᠡᠶᠢᠷᠡᠭᠦᠯᠦᠭᠰᠡᠨ ᠰᠢᠨ᠎ᠠ ᠬᠠᠭᠤᠳᠠᠰᠤ ᠶᠢ ᠰᠡᠭᠦᠵᠠᠢ ᠬᠡᠪᠡ᠃      2016 ᠤᠨ ᠤ ᠪᠤᠭᠤᠲᠤ ᠶᠢᠨ ᠠᠢ ᠹᠧᠢ ᠺᠧ ᠨᠢᠰᠭᠡᠯᠳᠠ ᠶᠢᠨ ᠨᠠᠭᠠᠳᠤᠮ ᠢ ᠪᠤᠭᠤᠲᠤ ᠬᠤᠳᠠ ᠶᠢᠨ ᠵᠠᠰᠠᠭ ᠤᠨ ᠤᠷᠳᠤᠨ᠂ ᠲᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯᠳᠦ ᠺᠤᠮᠫᠠᠨᠢ᠂ ᠦᠪᠦᠷ ᠮᠤᠩᠭᠤᠯ ᠤᠨ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯᠳᠦ ᠺᠤᠮᠫᠠᠨᠢ᠂ ᠦᠪᠦᠷ ᠮᠤᠩᠭᠤᠯ ᠤᠨ ᠵᠠᠮ ᠬᠠᠷᠢᠯᠴᠠᠭᠠᠨ ᠤ ᠪᠡᠯᠡ ᠤᠷᠤᠭᠤᠯᠤᠯᠳᠠ ᠶᠢᠨ ᠪᠦᠯᠦᠭᠯᠡᠯᠳᠦ ᠺᠤᠮᠫᠠᠨᠢ ᠠᠴᠠ ᠬᠠᠮᠳᠤᠷᠠᠵᠦ ᠭᠤᠤᠯᠯᠠᠨ ᠡᠷᠬᠢᠯᠡᠵᠦ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠠᠭᠤ ᠭᠠᠷᠤᠢ ᠡᠷᠦᠬᠡ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠦᠢᠯᠡᠳᠬᠦ ᠪᠤᠯᠤᠨ ᠡᠵᠡᠩᠨᠡᠯᠲᠡ ᠶᠢᠨ ᠠᠵᠦ ᠠᠬᠤᠢᠢᠯᠠᠯ ᠨᠠᠭᠠᠳᠤᠮ ᠤᠨ ᠦᠵᠡᠬᠦᠯᠦᠯᠭᠡ ᠳᠤ ᠤᠷᠤᠯᠴᠠᠵᠦ᠂ ᠠᠮᠧᠷᠢᠺᠡ᠂ ᠠᠦ᠋ᠰᠲᠷᠠᠯᠢᠶ᠎ᠠ᠂ ᠰᠧᠧᠳᠧᠨ ᠵᠡᠷᠭᠡ ᠤᠯᠤᠰ ᠤᠨ ᠲᠡᠯᠡᠭᠡᠢ ᠶᠢᠨ ᠨᠡᠷᠡᠳᠦ ᠨᠢᠰᠭᠡᠯᠴᠢᠳ ᠤᠨ ᠠᠩᠬᠢ ᠨᠠᠭᠠᠳᠤᠮ ᠳᠤ ᠤᠷᠤᠯᠴᠠᠵᠦ᠂ ᠤᠨᠴᠠ ᠨᠢᠰᠦᠯᠳᠠ ᠶᠢᠨ ᠮᠡᠷᠭᠡᠵᠢᠯ ᠤᠨ ᠤᠷ᠎ᠠ ᠮᠡᠷᠭᠡᠵᠢᠯ ᠢ ᠭᠠᠶᠢᠬᠠᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号