ᠡᠨᠡ ᠵᠢᠯ ᠠᠴᠠ ᠡᠬᠢᠯᠡᠨ ᠥᠪᠥᠷ ᠮᠣᠩᠭᠤᠯ ᠤᠨ ᠣᠨᠴᠠ ᠭᠠᠷᠤᠯᠲᠠ ᠢᠳᠡᠭᠡᠨ ᠤ ᠠᠮᠤᠷ ᠲᠦᠪᠰᠢᠨ ᠤ | ᠪᠠᠷᠢᠮᠵᠢᠶ᠎ᠠ ᠲᠠᠢ ᠪᠤᠯᠪᠠ᠃ 8 ᠳ᠋ᠤᠭᠠᠷ ᠰᠠᠷ᠎ᠠ ᠠᠴᠠ ᠡᠬᠢᠯᠡᠨ᠂ ᠥᠪᠥᠷ ᠮᠣᠩᠭᠤᠯ ᠴᠡᠭᠡ᠂ ᠢᠡᠭᠭᠡᠨ ᠤ ᠰᠦ᠂ | ᠪᠠᠺᠲ᠋ᠧᠷᠢ ᠤᠰᠠᠳᠬᠠᠬᠤ ᠢᠡᠭᠭᠡᠨ ᠤ ᠰᠦ ᠪᠤᠯᠤᠨ ᠦᠬᠡᠷ ᠬᠤᠨᠢᠨ ᠮᠢᠬ᠎ᠠ ᠲᠤᠶᠠᠵᠢᠬᠤ ᠦᠢᠯᠡᠳᠪᠦᠷᠢᠯᠡᠯ ᠤᠨ ᠡᠷᠡᠭᠦᠯ | ᠬᠠᠮᠠᠭᠠᠯᠠᠯ ᠢ ᠵᠢᠷᠤᠮᠵᠢᠭᠤᠯᠬᠤ ᠢᠳᠡᠭᠡᠨ ᠤ ᠠᠮᠤᠷ ᠲᠦᠪᠰᠢᠨ ᠤ 4 ᠣᠷᠣᠨ ᠨᠤᠲᠤᠭ ᠤᠨ ᠪᠠᠷᠢᠮᠵᠢᠶ᠎ᠠ ᠶᠢ | ᠲᠣᠭᠲᠠᠭᠠᠬᠤ ᠠᠵᠢᠯ ᠢ ᠡᠬᠢᠯᠡᠭᠦᠯᠵᠦ᠂ ᠲᠦᠷᠦᠯ ᠲᠤᠭᠲᠠᠭᠠᠪᠠ᠃ ᠡᠨᠡ ᠵᠢᠯ ᠤᠨ ᠡᠴᠦᠰ ᠠᠴᠠ ᠡᠮᠦᠨ᠎ᠡ᠂ ᠪᠠᠰᠠ | ᠴᠦᠴᠦᠬᠡᠢ᠂ ᠠᠭᠠᠷᠤᠤᠯ᠂ ᠬᠠᠭᠤᠷᠠᠢ ᠪᠤᠳᠠᠭ᠎ᠠ ᠪᠤᠯᠤᠨ ᠦᠨᠳᠦᠰᠦᠲᠡᠨ ᠤ ᠤᠨᠴᠠᠯᠢᠭᠲᠤ ᠴᠠᠭᠠᠨ ᠢᠳᠡᠭᠡᠨ ᠤ ᠡᠷᠡᠭᠦᠯ | ᠬᠠᠮᠠᠭᠠᠯᠠᠯ ᠤᠨ ᠵᠢᠷᠤᠮᠵᠢᠯ ᠵᠡᠷᠭᠡ ᠢᠳᠡᠭᠡᠨ ᠤ ᠠᠮᠤᠷ ᠲᠦᠪᠰᠢᠨ ᠤ 4 ᠣᠷᠣᠨ ᠨᠤᠲᠤᠭ ᠤᠨ ᠪᠠᠷᠢᠮᠵᠢᠶ᠎ᠠ ᠶᠢ | ᠲᠣᠭᠲᠠᠭᠠᠬᠤ ᠶᠢᠨ ᠬᠠᠮᠲᠤ ᠨᠡᠶᠢᠲᠡᠯᠡᠨ ᠬᠡᠷᠡᠭᠵᠢᠬᠦᠯᠦᠨ᠎ᠡ᠃ ᠵᠢᠯ ᠤᠨ ᠳᠣᠲᠣᠷ᠎ᠠ᠂ ᠬᠠᠮᠢᠶ᠎ᠠ ᠪᠦᠬᠦᠢ ᠰᠠᠯᠠᠭ᠎ᠠ | ᠮᠥᠴᠢᠷ ᠠᠴᠠ ᠪᠠᠰᠠ ᠬᠤᠷᠤᠳ᠂ ᠦᠷᠦᠮ᠎ᠠ ᠵᠡᠷᠭᠡ ᠶᠢᠨ ᠢᠳᠡᠭᠡᠨ ᠤ ᠠᠮᠤᠷ ᠲᠦᠪᠰᠢᠨ ᠤ 2 ᠣᠷᠣᠨ ᠨᠤᠲᠤᠭ ᠤᠨ | ᠪᠠᠷᠢᠮᠵᠢᠶ᠎ᠠ ᠳᠤ ᠵᠣᠬᠢᠶᠠᠨ ᠪᠠᠶᠢᠭᠤᠯᠤᠨ ᠵᠠᠰᠠᠪᠤᠷᠢ ᠤᠷᠤᠭᠤᠯᠵᠤ᠂ ᠬᠤᠷᠤᠳ᠂ ᠥᠷᠥᠮ᠎ᠡ ᠵᠡᠷᠭᠡ ᠢᠳᠡᠭᠡᠨ ᠤ ᠠᠮᠤᠷ | ᠲᠦᠪᠰᠢᠨ ᠤ 2 ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠬᠦᠯᠬᠦ ᠠᠵᠢᠯ ᠢ ᠪᠡᠶᠡᠯᠡᠭᠦᠯᠬᠦ ᠪᠣᠯᠤᠨ᠎ᠠ᠃ | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠠᠵᠢᠯ ᠤᠨ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ | ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠤᠨ | ᠬᠡᠷᠡᠭᠵᠢᠭᠦᠯᠬᠦ ᠲᠥᠰᠦᠯ︾ ᠢ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠢᠳᠡᠭᠡᠨ ᠤ | ᠣᠨᠴᠠᠯᠢᠭ ᠢ ᠦᠨᠳᠦᠰᠦᠯᠡᠨ᠂ 2016 ᠣᠨ᠂ 2017 ᠣᠨ ᠳᠤ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠨᠢ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ | 13 ᠣᠷᠣᠨ ᠨᠤᠲᠤᠭ ᠤᠨ ᠪᠠᠷᠢᠮᠵᠢᠶ᠎ᠠ ᠶᠢ ᠲᠤᠭᠲᠠᠭᠠᠬᠤ ᠪᠠ ᠵᠠᠰᠠᠪᠤᠷᠢ ᠣᠷᠣᠭᠤᠯᠬᠤ ᠪᠤᠯᠤᠨ᠎ᠠ᠃ |