8 ᠳ᠋ᠤᠭᠠᠷ ᠰᠠᠷ᠎ᠠ ᠶᠢᠨ 20 ᠤ ᠡᠳᠦᠷ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡ ᠶᠢᠨ ᠠᠯᠪᠠᠨ ᠭᠡᠷ ᠪᠣᠯᠣᠨ ᠮᠣᠩᠭᠤᠯ ᠣᠯᠣᠰ ᠤᠨ ᠰᠤᠷᠪᠤᠯᠵᠢᠯᠠᠭᠴᠢ ᠶᠢᠨ | ᠨᠡᠶᠢᠬᠡᠮᠯᠢᠭ ᠠᠴᠠ ᠬᠠᠮᠳᠣᠷᠠᠨ ᠡᠷᠬᠢᠯᠡᠭᠰᠡᠨ ᠲᠣᠮᠳᠠᠳᠦ ᠮᠣᠩᠭᠤᠯ ᠤᠨ ᠲᠣᠯᠣᠳᠣᠭᠠᠷ ᠬᠤᠭᠤᠴᠠᠭᠠᠨ ᠤ ᠰᠣᠨᠢᠨ | ᠮᠡᠳᠡᠬᠡᠨ ᠤ ᠶᠠᠷᠢᠶᠠᠨ ᠤ ᠲᠠᠪᠴᠠᠩ ᠮᠣᠩᠭᠤᠯ ᠣᠯᠣᠰ ᠤᠨ ᠭᠡᠨᠳᠠᠢ ᠠᠶᠢᠮᠠᠭ ᠤᠨ ᠲᠦᠪ ᠴᠢᠩᠬᠢᠰ ᠬᠤᠲᠠ ᠳᠤ | ᠶᠠᠪᠣᠭᠳᠠᠪᠠ᠃ | ᠮᠣᠩᠭᠤᠯ ᠣᠯᠣᠰ ᠤᠨ ᠶᠠᠷᠣᠩᠭᠡᠶᠢᠯᠡᠭᠴᠢ ᠡᠯᠪᠡᠭᠳᠣᠷᠵᠢ ᠡᠨᠡ ᠬᠤᠭᠤᠴᠠᠭ᠎ᠠ ᠶᠢᠨ ᠰᠤᠨᠢᠨ ᠮᠡᠳᠡᠬᠡᠨ ᠤ | ᠶᠠᠷᠢᠶᠡᠨ ᠤ ᠲᠠᠪᠴᠠᠩ ᠤᠨ ᠠᠮᠵᠢᠯᠳᠠ ᠲᠠᠢ ᠬᠤᠷᠠᠯᠳᠤᠭᠰᠠᠨ ᠳᠤ ᠵᠠᠬᠢᠳᠠᠯ ᠢᠷᠡᠬᠦᠯᠵᠤ ᠪᠠᠶᠠᠷ ᠬᠦᠷᠬᠡᠭᠰᠡᠨ ᠪᠠᠶᠢᠨ᠎ᠠ᠃ | ᠲᠡᠷᠡ ᠪᠠᠶᠠᠷ ᠤᠨ ᠵᠠᠬᠢᠳᠠᠯ ᠳᠠᠭᠠᠨ᠂ ᠬᠤᠶᠠᠷ ᠤᠯᠤᠰ ᠤᠨ ᠲᠦᠷᠦ ᠵᠠᠰᠠᠭ ᠤᠨ ᠦᠨᠳᠤᠷ ᠲᠠᠬᠡᠳᠤ ᠲᠦᠪᠰᠢᠨ ᠤ | ᠰᠢᠢᠳᠪᠤᠷᠢ ᠶᠢ ᠪᠤᠳᠠᠳᠠᠶᠢᠵᠢᠭᠤᠯᠬᠤ ᠳᠤ ᠮᠤᠩᠭᠤᠯ ᠲᠤᠮᠳᠠᠳᠤ ᠶᠢᠨ ᠰᠤᠨᠢᠨ ᠮᠡᠳᠡᠬᠡᠨ ᠤ ᠶᠠᠷᠢᠶᠡᠨ ᠤ ᠲᠠᠪᠴᠠᠩ | ᠴᠢᠬᠤᠯᠠ ᠡᠬᠦᠷᠬᠡ ᠬᠦᠢᠴᠡᠳᠬᠡᠵᠤ ᠪᠠᠶᠢᠭ᠎ᠠ ᠶᠢ ᠤᠨᠴᠠᠯᠠᠨ ᠲᠠᠮᠳᠡᠭᠯᠡᠶᠠ᠃ ᠡᠨᠡ ᠬᠤᠭᠤᠴᠠᠭ᠎ᠠ ᠶᠢᠨ ᠶᠠᠷᠢᠶᠡᠨ ᠤ | ᠲᠠᠪᠴᠠᠩ ᠨᠢ ᠲᠠ ᠪᠢᠳᠡᠨ ᠤ ᠬᠤᠪᠢ ᠳᠤ ᠬᠠᠷᠢᠯᠴᠠᠨ ᠲᠤᠷᠰᠢᠯᠭ᠎ᠠ ᠰᠤᠯᠢᠯᠴᠠᠬᠤ ᠬᠠᠮᠳᠤ ᠶᠢᠨ ᠠᠵᠢᠯᠯᠠᠭ᠎ᠠ ᠶᠢᠨ | ᠰᠢᠨ᠎ᠠ ᠪᠤᠯᠤᠮᠵᠢ ᠶᠢ ᠪᠤᠢ ᠪᠤᠯᠭᠠᠵᠤ᠂ ᠬᠤᠶᠠᠷ ᠤᠯᠤᠰ ᠤᠨ ᠠᠷᠠᠳ ᠲᠦᠮᠡᠨ ᠤ ᠨᠠᠶᠢᠷᠠᠮᠳᠠᠯ ᠢ ᠪᠠᠬᠢᠵᠢᠬᠦᠯᠬᠦ ᠳᠤ | ᠲᠦᠯᠬᠢᠴᠡ ᠦᠭᠬᠦᠭᠰᠡᠨ ᠴᠢᠬᠤᠯᠠ ᠠᠷᠭ᠎ᠠ ᠬᠡᠮᠵᠢᠶ᠎ᠠ ᠪᠤᠯᠤᠨ᠎ᠠ ᠬᠡᠳᠡᠭ ᠢ ᠢᠳᠡᠬᠡᠵᠤ ᠪᠠᠶᠢᠨ᠎ᠠ ᠬᠡᠵᠠᠢ᠃ ᠮᠣᠩᠭᠤᠯ | ᠣᠯᠣᠰ ᠤᠨ ᠤᠯᠤᠰ ᠤᠨ ᠶᠡᠭᠡ ᠬᠤᠷᠠᠯ ᠤᠨ ᠭᠡᠰᠢᠭᠦᠨ ᠴᠣᠭᠳᠦᠪᠠᠭᠠᠳᠣᠷ᠂ ᠮᠣᠩᠭᠤᠯ ᠣᠯᠣᠰ ᠤᠨ ᠭᠡᠨᠳᠠᠢ | ᠠᠶᠢᠮᠠᠭ ᠤᠨ ᠠᠶᠢᠮᠠᠭ ᠤᠨ ᠲᠠᠷᠤᠭ᠎ᠠ ᠭᠠᠩᠪᠢᠮᠪᠠ᠂ ᠮᠣᠩᠭᠤᠯ ᠣᠯᠣᠰ ᠤᠨ ᠰᠤᠷᠪᠤᠯᠵᠢᠯᠠᠭᠴᠢ ᠶᠢᠨ ᠨᠡᠶᠢᠭᠡᠮᠯᠢᠭ ᠤᠨ | ᠲᠡᠷᠢᠬᠦᠯᠡᠭᠴᠢ ᠪ᠊ · ᠭᠠᠯᠠᠷᠢᠳ᠂ ᠲᠣᠮᠳᠠᠳᠦ ᠣᠯᠣᠰ ᠤᠨ ᠡᠪ ᠬᠠᠮᠲᠦ ᠨᠠᠮ ᠤᠨ ᠲᠦᠪ ᠬᠤᠷᠢᠶᠠᠨ ᠤ ᠣᠬᠠᠭᠤᠯᠬᠤ | ᠭᠡᠯᠳᠡᠰ ᠤᠨ ᠲᠡᠳ᠋ ᠲᠠᠷᠤᠭ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠨᠢᠨ ᠮᠡᠳᠡᠬᠡᠨ ᠤ ᠠᠯᠪᠠᠨ ᠬᠡᠷ ᠤᠨ | ᠲᠡᠳ᠋ ᠡᠷᠬᠢᠯᠡᠭᠴᠢ ᠼᠦᠢ ᠢᠤᠢ ᠶᠢᠩ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠣᠬᠠᠭᠤᠯᠬᠤ ᠭᠡᠯᠳᠡᠰ ᠤᠨ ᠲᠠᠷᠤᠭ᠎ᠠ ᠣᠯᠠᠭᠠᠨ ᠡᠬᠢᠯᠡᠯᠳᠡ ᠶᠢᠨ | ᠶᠤᠰᠤᠯᠠᠯ ᠳᠤ ᠤᠷᠤᠯᠴᠠᠬᠤ ᠶᠢᠨ ᠬᠠᠮᠳᠤ ᠪᠠᠶᠠᠷ ᠤᠨ ᠦᠭᠡ ᠬᠡᠯᠡᠪᠡ᠃ | ᠪ᠊ · ᠭᠠᠯᠠᠷᠢᠳ ᠪᠠᠶᠠᠷ ᠤᠨ ᠦᠬᠡ ᠳᠡᠭᠡᠨ᠂ ᠦᠩᠭᠡᠷᠡᠭᠰᠡᠨ ᠵᠢᠷᠭᠤᠭᠠᠨ ᠬᠤᠭᠤᠴᠠᠭᠠᠨ ᠤ ᠮᠣᠩᠭᠤᠯ | ᠲᠣᠮᠳᠠᠳᠦ ᠶᠢᠨ ᠰᠣᠨᠢᠨ ᠮᠡᠳᠡᠬᠡᠨ ᠤ ᠶᠠᠷᠢᠶᠡᠨ ᠤ ᠲᠠᠪᠴᠠᠩ ᠳᠤ᠂ ᠬᠤᠷᠠᠯ ᠳᠤ ᠤᠷᠤᠯᠴᠠᠭᠰᠠᠨ ᠲᠦᠯᠦᠬᠡᠯᠡᠭᠴᠢᠳ | ᠮᠣᠩᠭᠤᠯ ᠳᠤᠮᠳᠠᠳᠣ ᠶᠢᠨ ᠬᠠᠷᠢᠯᠴᠠᠨ ᠠᠰᠢᠭᠲᠠᠢ ᠬᠠᠮᠲᠤ ᠶᠢᠨ ᠠᠵᠢᠯᠯᠠᠭ᠎ᠠ ᠶᠢ ᠠᠬᠢᠭᠤᠯᠬᠤ ᠲᠤᠮᠳᠠ | ᠵᠠᠭᠤᠴᠢᠯᠠᠭᠤᠷ ᠤᠨ ᠪᠠᠳᠠᠷᠠᠭᠤᠯᠵᠤ ᠪᠠᠶᠢᠭ᠎ᠠ ᠦᠢᠯᠡᠳᠦᠯ ᠤᠨ ᠲᠣᠬᠠᠢ ᠰᠠᠨᠠᠯ ᠪᠣᠳᠣᠯ ᠢᠶᠠᠨ ᠬᠦᠨᠵᠡᠭᠡᠢ ᠰᠣᠯᠢᠯᠴᠠᠵᠤ᠂ | ᠬᠠᠮᠢᠶ᠎ᠠ ᠪᠦᠬᠦᠢ ᠵᠠᠭᠤᠴᠢᠯᠠᠭᠤᠷ ᠤᠨ ᠬᠤᠶᠠᠷ ᠣᠯᠣᠰ ᠤᠨ ᠨᠦᠭᠦᠷᠰᠡᠭ ᠬᠠᠷᠢᠴᠠᠭ᠎ᠠ ᠶᠢ ᠬᠦᠨᠵᠡᠭᠡᠶᠢᠷᠡᠭᠦᠯᠦᠨ | ᠬᠦᠭᠵᠢᠭᠦᠯᠭᠦ ᠲᠣᠬᠠᠢ ᠣᠯᠠᠨ ᠠᠷᠪᠢᠨ ᠰᠢᠷᠢᠰ ᠮᠡᠳᠡᠭᠡᠯᠡᠯ ᠤᠳ ᠢ ᠬᠦᠷᠭᠡᠵᠦ ᠪᠠᠶᠢᠭᠰᠠᠨ᠃ ᠡᠨᠡ ᠣᠳᠠᠭᠠᠨ ᠤ ᠰᠣᠨᠢᠨ | ᠮᠡᠳᠡᠬᠡᠨ ᠤ ᠶᠠᠷᠢᠶᠡᠨ ᠤ ᠲᠠᠪᠴᠠᠩ ᠨᠢ ᠬᠤᠶᠠᠷ ᠣᠯᠣᠰ ᠤᠨ ᠵᠠᠭᠤᠴᠢᠯᠠᠭᠤᠷ ᠤᠨ ᠬᠠᠮᠵᠢᠯᠴᠠᠭ᠎ᠠ ᠶᠢ ᠰᠢᠨ᠎ᠡ | ᠲᠦᠪᠰᠢᠨ ᠳᠤ ᠬᠦᠷᠭᠡᠭᠦ ᠳᠤ ᠦᠷᠭᠦᠯᠵᠢᠯᠡᠨ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠶᠤᠮ ᠬᠡᠵᠤ ᠢᠯᠡᠳᠬᠡᠵᠠᠢ᠃ | | ᠼᠦᠢ ᠢᠣᠢ ᠶᠢᠩ ᠪᠠᠶᠠᠷ ᠤᠨ ᠦᠬᠡ ᠳᠡᠭᠡᠨ᠂ ᠲᠣᠮᠳᠠᠳᠦ ᠮᠣᠩᠭᠤᠯ ᠤᠨ ᠰᠤᠨᠢᠨ ᠮᠡᠳᠡᠬᠡᠨ ᠤ ᠶᠠᠷᠢᠶᠠᠨ ᠤ | ᠲᠠᠪᠴᠠᠩ ᠨᠢᠭᠡᠨᠳᠠ ᠵᠢᠷᠭᠤᠭᠠᠨ ᠬᠤᠭᠤᠴᠠᠭ᠎ᠠ ᠶᠠᠪᠣᠭᠳᠠᠨ ᠮᠠᠰᠢ ᠰᠠᠶᠢᠨ ᠦᠷ᠎ᠡ ᠪᠦᠳᠦᠮᠵᠢ ᠣᠯᠵᠦ᠂ ᠬᠤᠶᠠᠷ | ᠲᠠᠯ᠎ᠠ ᠶᠢᠨ ᠵᠠᠭᠤᠴᠢᠯᠠᠭᠤᠷ ᠤᠳ ᠤᠨ ᠬᠠᠷᠢᠯᠴᠠᠭ᠎ᠠ ᠬᠠᠮᠵᠢᠯᠴᠠᠭ᠎ᠠ ᠳᠤ ᠴᠢᠬᠤᠯᠠ ᠲᠠᠪᠴᠠᠩ ᠢ ᠬᠠᠩᠭᠠᠪᠠ᠃ ᠬᠤᠶᠠᠷ | ᠤᠯᠤᠰ ᠤᠨ ᠵᠠᠭᠤᠴᠢᠯᠠᠭᠤᠷ ᠤᠨ ᠬᠢᠨ ᠬᠤᠶᠠᠷ ᠲᠠᠯ᠎ᠠ ᠶᠢᠨ ᠬᠠᠷᠢᠴᠠᠭᠠᠨ ᠤ ᠭᠥᠭᠵᠢᠯᠳᠡ ᠶᠢᠨ ᠴᠢᠭᠯᠡᠯ ᠢ ᠡᠵᠡᠮᠳᠡᠵᠦ᠂ | ᠬᠤᠶᠠᠷ ᠣᠯᠣᠰ ᠤᠨ ᠬᠠᠮᠲᠤᠷᠠᠯᠴᠠᠭ᠎ᠠ ᠪᠠ ᠬᠦᠭᠵᠢᠯᠲᠡ ᠶᠢᠨ ᠭᠤᠴᠣ ᠰᠠᠶᠢᠬᠠᠨ ᠦᠯᠢᠭᠡᠷ ᠢ ᠶᠠᠷᠢᠵᠦ᠂ ᠲᠣᠮᠳᠠᠳᠦ | ᠮᠣᠩᠭᠤᠯ ᠤᠨ ᠵᠠᠭᠤᠴᠢᠯᠠᠭᠤᠷ ᠤᠳ ᠤᠨ ᠬᠤᠭᠤᠷᠤᠨᠳᠤᠬᠢ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠶᠢ | ᠬᠦᠨᠵᠡᠬᠡᠶᠢᠷᠡᠬᠦᠯᠦᠨ ᠲᠤᠮᠳᠠᠳᠤ ᠮᠤᠩᠭᠤᠯ ᠤᠨ ᠰᠤᠨᠢᠨ ᠮᠡᠳᠡᠬᠡᠨ ᠤ ᠬᠠᠮᠳᠣᠷᠠᠯᠴᠠᠭ᠎ᠠ ᠶᠢᠨ ᠲᠦᠪᠰᠢᠨ ᠢ ᠰᠢᠨ᠎ᠡ | ᠲᠡᠭᠳᠡᠷ ᠲᠤ ᠭᠠᠷᠭᠠᠬᠤ ᠶᠢ ᠬᠦᠰᠡᠵᠦ ᠪᠠᠶᠢᠨ᠎ᠠ ᠭᠡᠵᠡᠢ᠃ | ᠣᠯᠠᠭᠠᠨ ᠪᠠᠶᠠᠷ ᠤᠨ ᠦᠬᠡ ᠳᠡᠭᠡᠨ᠂ ᠲᠣᠮᠳᠠᠳᠦ ᠮᠣᠩᠭᠤᠯ ᠤᠨ ᠰᠣᠨᠢᠨ ᠮᠡᠳᠡᠬᠡᠨ ᠤ ᠶᠡᠷᠢᠶᠡᠨ ᠤ | ᠲᠠᠪᠴᠠᠩ ᠢᠶᠠᠷ ᠲᠠᠮᠵᠢᠨ ᠦᠪᠦᠷ ᠮᠣᠩᠭᠤᠯ ᠪᠣᠯᠣᠨ ᠮᠣᠩᠭᠤᠯ ᠤᠯᠤᠰ ᠤᠨ ᠵᠠᠭᠤᠴᠢᠯᠠᠭᠤᠷ ᠤᠨ ᠬᠠᠷᠢᠯᠴᠠᠭ᠎ᠠ ᠡᠳᠦᠷ | ᠢᠷᠡᠭᠦᠶ᠎ᠡ ᠣᠯᠠᠰᠢᠷᠠᠵᠦ᠂ ᠨᠢᠭᠡᠨᠳᠠ ᠣᠯᠠᠨ ᠲᠠᠪᠬᠤᠷᠭ᠎ᠠ᠂ ᠣᠯᠠᠨ ᠬᠦᠷᠢᠶ᠎ᠠ ᠴᠠᠷᠠᠭ᠎ᠠ᠂ ᠣᠯᠠᠨ ᠭᠡᠯᠪᠡᠷᠢ᠂ ᠦᠷᠭᠡᠨ | ᠬᠡᠪᠴᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠲᠤᠭᠳᠠᠴᠠ ᠶᠢ ᠪᠦᠷᠢᠯᠳᠦᠭᠦᠯᠵᠦ᠂ ᠬᠠᠮᠲᠤᠪᠡᠷ ᠬᠦᠭᠵᠢᠬᠦ ᠰᠠᠶᠢᠨ | ᠰᠠᠶᠢᠬᠠᠨ ᠪᠠᠶᠢᠳᠠᠯ ᠲᠠᠢ ᠪᠣᠯᠣᠭᠰᠠᠨ ᠪᠠᠶᠢᠨ᠎ᠠ᠃ ᠬᠤᠶᠠᠷ ᠲᠠᠯ᠎ᠠ ᠶᠢᠨ ᠵᠠᠭᠤᠴᠢᠯᠠᠭᠤᠷ ᠤᠨ ᠬᠢᠨ ᠬᠠᠮᠳᠣᠷᠠᠭᠰᠠᠨ | ᠰᠣᠷᠪᠣᠯᠵᠢᠯᠠᠭ᠎ᠠ ᠶᠢᠨ ᠠᠵᠢᠯᠯᠠᠭ᠎ᠠ ᠶᠢᠨ ᠰᠠᠭᠤᠷᠢᠨ ᠲᠡᠭᠡᠷ᠎ᠡ ︽ᠲᠣᠮᠳᠠᠳᠦ ᠮᠣᠩᠭᠤᠯ ᠣᠷᠣᠰ ᠤᠨ ᠠᠵᠦ ᠠᠬᠤᠢ ᠶᠢᠨ | ᠬᠤᠩᠬᠢᠯ︾ ᠤᠨ ᠪᠦᠳᠦᠬᠡᠨ ᠪᠠᠶᠢᠭᠤᠯᠣᠯᠳᠠ ᠵᠡᠷᠭᠡ ᠣᠯᠣᠰ ᠤᠨ ᠳᠡᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠠᠵᠦ ᠠᠬᠤᠢ᠂ ᠨᠡᠶᠢᠭᠡᠮ᠂ ᠰᠣᠶᠣᠯ᠂ ᠠᠮᠢ ᠠᠬᠤᠢ ᠵᠡᠷᠭᠡ | ᠰᠡᠳᠦᠪ ᠢᠶᠠᠷ ᠬᠦᠨᠴᠡ ᠮᠡᠳᠡᠭᠡᠯᠡᠯ ᠬᠢᠭᠦ ᠪᠠᠷ ᠲᠤᠭᠳᠠᠪᠠ᠃ ᠳᠤᠮᠳᠠᠳᠤ ᠮᠣᠩᠭᠤᠯ ᠤᠨ ᠠᠷᠠᠳ ᠤᠨ ᠬᠤᠭᠤᠷᠤᠨᠳᠤᠬᠢ | ᠰᠠᠶᠢᠨ ᠰᠡᠳᠦᠪ ᠤᠨ ᠲᠤᠭᠤᠷᠢᠨ ᠳᠤ ᠳᠤᠮᠳᠠᠳᠤ ᠮᠣᠩᠭᠤᠯ ᠤᠨ ᠨᠦᠬᠦᠷᠰᠡᠭ ᠦᠢᠯᠡ ᠠᠵᠢᠯᠯᠠᠭ᠎ᠠ ᠶᠢ ᠰᠠᠶᠢᠲᠤᠷ | ᠤᠬᠠᠭᠤᠯᠵᠦ᠂ ᠳᠤᠮᠳᠠᠳᠤ ᠮᠣᠩᠭᠤᠯ ᠤᠨ ᠨᠦᠬᠦᠷᠯᠡᠯ ᠤᠨ ᠳᠠᠭᠤᠨ ᠢ ᠰᠠᠶᠢᠲᠤᠷ ᠳᠠᠮᠵᠢᠭᠤᠯᠤᠨ ᠬᠤᠶᠠᠷ ᠤᠯᠤᠰ ᠤᠨ | ᠬᠠᠷᠢᠯᠴᠠᠨ ᠠᠰᠢᠭᠲᠠᠢ᠂ ᠬᠠᠮᠲᠤᠪᠡᠷ ᠠᠰᠢᠭ ᠬᠦᠷᠲᠡᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ | ᠲᠤᠭᠤᠷᠢᠨ ᠢ ᠪᠦᠷᠢᠯᠳᠦᠬᠦᠯᠬᠦ ᠶᠢ ᠬᠦᠰᠡᠭᠰᠡᠨ ᠪᠠᠶᠢᠨ᠎ᠠ᠃ | ᠶᠠᠷᠢᠶᠠᠨ ᠤ ᠲᠠᠪᠴᠠᠩ ᠳᠤ᠂ ᠮᠣᠩᠭᠤᠯ ᠣᠯᠣᠰ ᠤᠨ ᠤᠯᠤᠰ ᠤᠨ ᠶᠡᠭᠡ ᠬᠤᠷᠠᠯ ᠤᠨ ᠭᠡᠰᠢᠭᠦᠨ | ᠴᠣᠭᠳᠦᠪᠠᠭᠠᠳᠣᠷ ᠪᠣᠯᠣᠨ ᠦᠪᠦᠷ ᠮᠣᠩᠭᠤᠯ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ | ᠬᠠᠷᠢᠭᠤᠴᠠᠯᠭᠠᠲᠠᠨ ᠠᠴᠠ ᠲᠣᠰᠬᠠᠢ ᠰᠡᠳᠦᠪᠳᠦ ᠢᠯᠡᠳᠭᠡᠯ ᠬᠢᠵᠠᠢ᠃ ᠲᠣᠮᠳᠠᠳᠦ ᠮᠣᠩᠭᠤᠯ ᠬᠤᠶᠠᠷ ᠣᠯᠣᠰ ᠤᠨ 30 | ᠭᠠᠷᠣᠢ ᠵᠠᠭᠤᠴᠢᠯᠠᠭᠤᠷ ᠤᠨ 90 ᠭᠠᠷᠣᠢ ᠲᠦᠯᠦᠭᠡᠯᠡᠭᠴᠢᠳ ᠰᠣᠨᠢᠨ ᠮᠡᠳᠡᠬᠡᠨ ᠤ ᠶᠠᠷᠢᠶᠠᠨ ᠤ ᠲᠠᠪᠴᠠᠩ ᠳᠤ | ᠣᠷᠣᠯᠴᠠᠪᠠ᠃ ᠠᠷᠠᠳ ᠤᠨ ᠡᠳᠦᠷ ᠤᠨ ᠰᠣᠨᠢᠨ᠂ ᠰᠢᠨᠬᠤᠸᠠ ᠬᠤᠷᠢᠶ᠎ᠠ᠂ ᠦᠪᠦᠷ ᠮᠣᠩᠭᠤᠯ ᠤᠨ ᠷᠠᠳᠢᠣ᠋ ᠲᠧᠯᠸᠢᠰ | ᠬᠤᠷᠢᠶ᠎ᠠ᠂ ᠮᠣᠩᠭᠤᠯ ᠤᠯᠤᠰ ᠤᠨ ᠴᠢᠮᠡᠭᠡᠯᠡᠯ ᠤᠨ ᠬᠤᠷᠢᠶ᠎ᠠ᠂ ᠮᠣᠩᠭᠤᠯ ᠣᠯᠣᠰ ᠤᠨ ᠦᠨᠳᠦᠰᠦᠲᠡᠨ ᠤ ᠣᠯᠠᠨ | ᠨᠡᠶᠢᠳᠠ ᠶᠢᠨ ᠷᠠᠳᠢᠣ᠋ ᠲᠧᠯᠸᠢᠰ ᠬᠤᠷᠢᠶ᠎ᠠ ᠵᠡᠷᠭᠡ ᠬᠤᠶᠠᠷ ᠣᠯᠣᠰ ᠤᠨ ᠭᠤᠣᠯ ᠵᠠᠭᠤᠴᠢᠯᠠᠭᠤᠷ ᠤᠨ | ᠲᠦᠯᠦᠭᠡᠯᠡᠭᠴᠢᠳ ᠠᠴᠠ ︽ᠵᠠᠭᠤᠴᠢᠯᠠᠭᠤᠷ ᠤᠨ ᠬᠠᠮᠳᠣᠷᠠᠯᠴᠠᠭ᠎ᠠ ᠶᠢ ᠬᠦᠨᠵᠡᠭᠡᠶᠢᠷᠡᠭᠦᠯᠵᠦ ᠰᠠᠶᠢᠨ ᠰᠠᠶᠢᠬᠠᠨ | ᠢᠷᠡᠭᠡᠳᠦᠢ ᠪᠠᠨ ᠬᠠᠮᠲᠤᠪᠡᠷ ᠴᠣᠭᠴᠠᠯᠠᠶ᠎ᠠ︾ ᠭᠡᠰᠡᠨ ᠭᠤᠣᠯ ᠰᠡᠳᠦᠪ ᠤᠨ ᠲᠣᠭᠤᠷᠢᠨ ᠳᠤ ᠶᠠᠷᠢᠶ᠎ᠠ ᠢᠯᠡᠳᠭᠡᠯ ᠬᠢᠭᠰᠡᠨ | ᠪᠠᠶᠢᠨ᠎ᠠ᠃ ᠬᠤᠶᠠᠷ ᠣᠯᠣᠰ ᠤᠨ ᠵᠠᠭᠤᠴᠢᠯᠠᠭᠤᠷ ᠤᠨ ᠲᠦᠯᠦᠭᠡᠯᠡᠭᠴᠢᠳ ᠠᠴᠠ᠂ ᠲᠤᠰ ᠤᠳᠠᠭ᠎ᠠ ᠶᠢᠨ ᠰᠣᠨᠢᠨ | ᠮᠡᠳᠡᠬᠡᠨ ᠤ ᠶᠠᠷᠢᠶᠠᠨ ᠤ ᠲᠠᠪᠴᠠᠩ ᠨᠢ ᠰᠢ ᠶᠢᠨ ᠫᠢᠩ ᠲᠡᠷᠢᠭᠦᠯᠡᠭᠴᠢ ᠶᠢᠨ ᠮᠣᠩᠭᠤᠯ ᠤᠯᠤᠰ ᠲᠠᠬᠢ ᠲᠦᠷᠦ ᠶᠢᠨ | ᠠᠶᠢᠯᠴᠢᠯᠠᠯᠲᠠ ᠶᠢᠨ ᠬᠤᠶᠠᠷ ᠵᠢᠯ ᠤᠨ ᠣᠢ ᠶᠢᠨ ᠬᠤᠭᠤᠴᠠᠭᠠᠨ ᠳᠤ ᠶᠠᠪᠣᠭᠳᠠᠵᠦ᠂ ᠬᠤᠶᠠᠷ ᠣᠯᠣᠰ ᠤᠨ ᠨᠦᠭᠦᠷᠰᠡᠭ | ᠬᠠᠷᠢᠯᠴᠠᠭ᠎ᠠ ᠲᠡᠣᠭᠡᠨ ᠤ ᠬᠠᠮᠤᠭ ᠰᠠᠶᠢᠨ ᠦᠶ᠎ᠡ ᠳᠤ ᠣᠷᠤᠭᠰᠠᠨ ᠪᠠᠶᠢᠨ᠎ᠠ ᠭᠡᠵᠦ ᠰᠠᠨᠠᠯ ᠨᠢᠭᠡᠲᠡᠢ ᠦᠵᠡᠵᠡᠬᠡᠯᠠ᠃ | ᠲᠣᠮᠳᠠᠳᠦ ᠮᠣᠩᠭᠤᠯ ᠤᠨ ᠰᠣᠨᠢᠨ ᠮᠡᠳᠡᠬᠡᠨ ᠤ ᠶᠡᠷᠢᠶᠡᠨ ᠤ ᠲᠠᠪᠴᠠᠩ ᠪᠣᠯ ᠳᠤᠮᠳᠠᠳᠤ ᠮᠣᠩᠭᠤᠯ ᠬᠤᠶᠠᠷ | ᠤᠯᠤᠰ ᠤᠨ ᠰᠣᠨᠢᠨ ᠮᠡᠳᠡᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠴᠢᠬᠤᠯᠠ ᠲᠠᠪᠴᠠᠩ ᠪᠤᠯᠤᠨ᠎ᠠ᠃ 2010 | ᠤᠨ ᠳᠤ ᠡᠬᠢᠯᠡᠨ ᠡᠷᠬᠢᠯᠡᠭᠰᠡᠨ ᠠᠴᠠ ᠨᠠᠰᠢ ᠬᠤᠶᠠᠷ ᠤᠯᠤᠰ ᠤᠨ ᠨᠦᠬᠦᠷᠯᠡᠯ ᠢ ᠵᠤᠵᠠᠭᠠᠳᠬᠠᠨ᠂ ᠬᠤᠶᠠᠷ ᠤᠯᠤᠰ ᠤᠨ | ᠠᠷᠠᠳ ᠲᠦᠮᠡᠨ ᠤ ᠣᠶᠢᠯᠠᠭᠠᠯᠴᠠᠭ᠎ᠠ ᠶᠢ ᠠᠬᠢᠭᠤᠯᠬᠤ ᠬᠦᠭᠦᠷᠭᠡ ᠬᠤᠯᠪᠣᠭᠠᠰᠦ ᠪᠣᠯᠣᠭᠰᠠᠨ ᠶᠤᠮ᠃ ᠵᠢᠷᠭᠤᠭᠠᠨ | ᠵᠢᠯ ᠤᠨ ᠲᠤᠷᠰᠢ᠂ ᠬᠤᠶᠠᠷ ᠲᠠᠯ᠎ᠠ ᠶᠢᠨ ᠵᠠᠭᠤᠴᠢᠯᠠᠭᠤᠷ ᠤᠨ ᠬᠢᠨ ᠦᠷᠭᠡᠨ ᠲᠠᠯᠬᠡᠷ ᠬᠦᠨ ᠬᠦᠨᠵᠡᠭᠡᠢ ᠰᠣᠯᠢᠯᠴᠠᠭ᠎ᠠ | ᠦᠷᠨᠢᠬᠦᠯᠵᠦ᠂ ᠨᠢᠭᠡ ᠪᠦᠯᠦᠭ ᠦᠨᠡᠨ ᠪᠣᠲᠠᠲᠠᠢ᠂ ᠬᠠᠷᠢᠯᠴᠠᠨ ᠠᠰᠢᠭᠲᠠᠢ ᠬᠠᠮᠳᠣᠷᠠᠯᠴᠠᠭᠠᠨ ᠤ ᠲᠦᠷᠦᠯ ᠵᠦᠢᠯ ᠢ | ᠭᠡᠷᠡᠭᠵᠢᠭᠦᠯᠵᠦ᠂ ᠬᠠᠮᠳᠤᠷᠠᠯᠴᠠᠭᠠᠨ ᠤ ᠳᠡᠰ ᠳᠠᠪᠬᠤᠷᠭ᠎ᠠ ᠪᠠ ᠬᠦᠷᠢᠶ᠎ᠡ ᠬᠡᠪᠴᠢᠶ᠎ᠡ ᠡᠭᠠᠵᠢᠮ ᠢᠶᠠᠷ ᠲᠠᠬᠡᠭᠰᠢᠯᠡᠨ | ᠦᠷᠭᠡᠳᠴᠦ᠂ ᠣᠯᠠᠨ ᠲᠡᠰ ᠲᠠᠪᠬᠤᠷᠭ᠎ᠠ ᠶᠢᠨ᠂ ᠬᠦᠷᠢᠶ᠎ᠠ ᠴᠠᠷᠠᠭ᠎ᠠ ᠠᠯᠤᠰᠯᠠᠭᠰᠠᠨ ᠣᠯᠠᠨ ᠬᠠᠷᠠᠭᠠᠰᠦ ᠶᠢᠨ | ᠬᠠᠮᠳᠣᠷᠠᠨ ᠠᠵᠢᠯᠯᠠᠬᠤ ᠲᠤᠭᠳᠠᠴᠠ ᠶᠢ ᠠᠭᠠᠵᠢᠮ ᠢᠶᠠᠷ ᠪᠤᠢ ᠪᠤᠯᠭᠠᠭᠰᠠᠨ ᠪᠠᠶᠢᠨ᠎ᠠ᠃ | | |