ᠥᠪᠥᠷ ᠮᠣᠩᠭᠤᠯ ᠲᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯᠳᠦ ᠺᠤᠮᠫᠠᠨᠢ ᠲᠠᠢ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠵᠦᠪᠳᠡᠯᠴᠡᠭᠡᠷ ᠲᠤᠬᠳᠠᠵᠠᠢ
ᠨᠡᠶᠢᠲᠡᠯᠡᠭᠰᠡᠨ ᠴᠠᠭ᠄
2016/8/22
     8 ᠳ᠋ᠤᠭᠠᠷ ᠰᠠᠷ᠎ᠠ ᠶᠢᠨ 19᠎ ᠤ ᠡᠳᠦᠷ᠂ ᠪᠤᠭᠤᠲᠤ ᠶᠢᠨ ᠠᠢ ᠹᠧᠢ ᠺᠧ ᠨᠢᠰᠭᠡᠯᠳᠠ ᠶᠢᠨ ᠨᠠᠭᠠᠳᠤᠮ ᠤᠨ ᠬᠤᠭᠤᠴᠠᠭᠠᠨ ᠳᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠲᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯᠳᠦ ᠺᠤᠮᠫᠠᠨᠢ ᠲᠠᠢ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠎ ᠤᠨ ᠠᠵᠦ ᠦᠢᠯᠡᠰ ᠤᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠦᠪᠳᠡᠯᠴᠡᠭᠡᠷ ᠲᠤᠬᠳᠠᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠵᠦᠩ ᠡᠾᠧ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠡᠦ ᠲᠤᠸᠠᠨ ᠶᠢᠩ᠂ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠪᠦᠸᠧ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠳ᠋ᠦᠩ ᠡᠾᠧᠩ ᠢᠤᠢ᠂ ᠲᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯᠳᠦ ᠺᠤᠮᠫᠠᠨᠢ ᠶᠢᠨ ᠲᠡᠳ᠋ ᠶᠡᠷᠦᠩᠬᠡᠢ ᠵᠠᠬᠢᠷᠤᠯ ᠯᠢ ᠪᠧᠨ ᠵᠧᠩ ᠵᠦᠪᠳᠡᠯᠴᠡᠭᠡᠷ ᠲᠤᠬᠳᠠᠬᠤ ᠶᠤᠰᠤᠯᠠᠯ ᠳᠤ ᠤᠷᠤᠯᠴᠠᠪᠠ᠃      ᠵᠦᠪᠳᠡᠯᠴᠡᠭᠡᠷ ᠲᠤ᠂ ᠬᠤᠶᠠᠷ ᠲᠠᠯ᠎ᠠ ᠪᠠᠷ ᠢᠶᠠᠨ ᠬᠤᠪᠢ ᠬᠤᠪᠢᠨ ᠤ ᠲᠠᠪᠠᠭᠤᠯᠢᠭ ᠢᠶᠠᠨ ᠠᠰᠢᠬᠯᠠᠨ᠂ ᠨᠡᠶᠢᠳᠡᠮ ᠎ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠦᠢᠯᠡᠰ ᠢ ᠭᠦᠭᠵᠢᠬᠦᠯᠬᠦ ᠲᠠᠯ᠎ᠠ ᠪᠠᠷ ᠬᠦᠨᠵᠡᠭᠡᠢ ᠬᠠᠮᠵᠢᠯᠴᠠᠨ᠎ᠠ᠃ ᠡᠭᠦᠨ ᠳᠤ᠂ ᠦᠪᠡᠷᠳᠡᠭᠡᠨ ᠵᠠᠰᠠᠬᠤ ᠤᠷᠤᠨ ᠤ ᠲᠤᠳᠤᠷ᠎ᠠ ᠨᠡᠶᠢᠳᠡᠮ ᠤᠨ ᠬᠡᠷᠡᠭᠯᠡᠭᠡᠨ ᠤ ᠠᠵᠤ ᠦᠢᠯᠡᠰ ᠤᠨ ᠲᠦᠪᠯᠡᠷᠡᠭᠰᠡᠨ ᠵᠢᠱᠢᠶ᠎ᠠ ᠦᠵᠡᠬᠦᠯᠬᠦ ᠲᠤᠭᠤᠷᠢᠭ ᠢ ᠪᠠᠶᠢᠭᠤᠯᠵᠦ᠂ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠎ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠦᠷᠭᠡᠳᠬᠡᠨ᠂ ᠬᠤᠶᠠᠷ ᠲᠠᠯ᠎ᠠ ᠶᠢᠨ ᠨᠡᠶᠢᠳᠡᠮ ᠤᠨ ᠬᠡᠷᠡᠭᠯᠡᠭᠡᠨ ᠤ ᠠᠭᠠᠷ ᠎ ᠤᠨ ᠠᠶᠠᠯᠠᠯ ᠤᠨ ᠠᠵᠤ ᠦᠢᠯᠡᠰ ᠤᠨ ᠲᠦᠢᠷᠭᠡᠨ ᠬᠦᠭᠵᠢᠯᠳᠡ ᠶᠢ ᠠᠬᠢᠭᠤᠯᠬᠤ ᠪᠠᠷ ᠴᠢᠷᠮᠠᠶᠢᠨ᠎ᠠ᠃ ᠲᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠦᠯᠦᠭᠯᠡᠯᠳᠦ ᠺᠤᠮᠫᠠᠨᠢ ᠬᠤᠪᠢ ᠪᠡᠶ᠎ᠠ ᠶᠢᠨ ᠠᠵᠤ ᠦᠢᠯᠡᠰ ᠤᠨ ᠲᠠᠪᠠᠭᠤᠯᠢᠭ ᠢᠶᠠᠨ ᠠᠰᠢᠬᠯᠠᠨ᠂ ᠠᠵᠤ ᠦᠢᠯᠡᠰ ᠤᠨ ᠲᠦᠯᠦᠪᠵᠢᠬᠦᠯᠭᠡ᠂ ᠨᠢᠰᠭᠡᠯᠴᠢᠳ ᠵᠡᠷᠭᠡ ᠤᠨᠴᠠᠭᠠᠢ ᠠᠵᠢᠯ ᠲᠦᠷᠤᠯ ᠤᠨ ᠬᠦᠮᠦᠰ ᠢ ᠲᠤᠮᠢᠯᠠᠬᠤ᠂ ᠰᠡᠯᠪᠢᠨ ᠵᠠᠰᠠᠬᠤ ᠪᠤᠯᠤᠨ ᠦᠢᠯᠡᠳᠬᠦ ᠦᠢᠯᠡᠰ ᠤᠨ ᠪᠠᠶᠢᠷᠢᠯᠠᠭᠤᠯᠤᠯᠳᠠ ᠵᠡᠷᠭᠡ ᠲᠠᠯ᠎ᠠ ᠪᠠᠷ ᠮᠠᠨ ᠤ ᠤᠷᠤᠨ ᠳᠤ ᠲᠡᠮᠵᠢᠯᠭᠡ ᠦᠵᠡᠬᠦᠯᠵᠦ᠂ ᠦᠪᠡᠷᠳᠡᠭᠡᠨ ᠵᠠᠰᠠᠬᠤ ᠤᠷᠤᠨ ᠎ ᠤ ᠨᠡᠶᠢᠳᠡᠮ ᠤᠨ ᠬᠡᠷᠡᠭᠯᠡᠭᠡᠨ ᠤ ᠠᠵᠤ ᠦᠢᠯᠡᠰ ᠤᠨ ᠭᠦᠭᠵᠢᠯᠳᠡ ᠶᠢ ᠠᠬᠢᠭᠤᠯᠬᠤ ᠪᠤᠯᠤᠨ᠎ᠠ᠃ ᠡᠭᠦᠨ ᠠᠴᠠ ᠭᠠᠳᠠᠨ᠎ᠠ᠂ ᠬᠤᠶᠠᠷ ᠲᠠᠯ᠎ᠠ ᠪᠠᠷ ᠢᠶᠠᠨ ᠪᠠᠰᠠ ᠤᠬᠤᠷ ᠵᠠᠮ ᠤᠨ ᠵᠦᠭᠡᠭᠡᠪᠦᠷᠢ ᠶᠢᠨ ᠠᠭᠠᠷ ᠤᠨ ᠱᠤᠭᠤᠮ ᠤᠨ ᠪᠠᠶᠢᠭᠤᠯᠤᠯᠳᠠ᠂ ᠨᠢᠰᠬᠡᠯᠴᠢᠳ ᠤᠨ ᠪᠤᠯᠪᠠᠰᠤᠷᠠᠯ ᠤᠨ ᠰᠠᠭᠤᠷᠢᠨ ᠤ ᠪᠠᠶᠢᠭᠤᠯᠤᠯᠳᠠ ᠵᠡᠷᠭᠡ ᠲᠠᠯ᠎ᠠ ᠪᠠᠷ ᠬᠠᠮᠵᠢᠯᠴᠠᠭ᠎ᠠ ᠦᠷᠨᠢᠬᠦᠯᠬᠦ ᠪᠠᠷ ᠲᠤᠬᠳᠠᠵᠡᠢ᠃      ᠵᠦᠪᠳᠡᠯᠴᠡᠭᠡᠷ ᠤᠨ ᠬᠤᠷᠠᠯ ᠲᠡᠭᠡᠷ᠎ᠠ᠂ ᠪᠤᠭᠤᠲᠤ ᠬᠤᠳᠠ ᠶᠢᠨ ᠵᠠᠰᠠᠭ ᠤᠨ ᠤᠷᠳᠤᠨ ᠦᠪᠦᠷ ᠮᠤᠩᠭᠤᠯ ᠤᠨ ᠵᠠᠮ ᠬᠠᠷᠢᠯᠴᠠᠭᠠᠨ ᠤ ᠪᠡᠯᠡ ᠤᠷᠤᠭᠤᠯᠤᠯᠳᠠ ᠶᠢᠨ ᠪᠦᠯᠦᠭᠯᠡᠯᠳᠦ ᠺᠤᠮᠫᠠᠨᠢ ᠪᠤᠯᠤᠨ ᠲᠤᠮᠳᠠᠳᠤ ᠤᠯᠤᠰ ᠤᠨ ᠨᠡᠶᠢᠳᠡᠮ ᠎ ᠤᠨ ᠬᠡᠷᠡᠭᠯᠡᠭᠡᠨ ᠤ ᠨᠢᠰᠬᠡᠯ ᠤᠨ ᠪᠦᠷᠢᠨ ᠪᠤᠰᠤ ᠬᠢᠵᠠᠭᠠᠷᠲᠦ ᠺᠤᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠵᠦᠪᠳᠡᠯᠴᠡᠭᠡᠷ ᠲᠤᠬᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号