ᠠᠷᠪᠠᠨ ᠭᠤᠷᠪᠠᠳᠤᠭᠠᠷ ᠲᠠᠪᠤᠨ ᠵᠢᠯ᠄ ᠥᠪᠥᠷ ᠮᠣᠩᠭᠤᠯ ᠤᠨ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠲᠤᠭ᠎ᠠ ᠶᠢ 37 ᠬᠦᠷᠦᠭᠦᠯᠬᠦ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2016/8/22
     ︽13·5︾᠎ ᠤᠨ ᠬᠤᠭᠤᠴᠠᠭᠠᠨ ᠳᠤ ᠥᠪᠥᠷ ᠮᠣᠩᠭᠤᠯ ᠨᠡᠶᠢᠳᠡᠮ ᠬᠡᠷᠡᠭᠯᠡᠭᠡᠨ ᠤ ᠠᠭᠠᠷ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ 2020 ᠣᠨ ᠪᠣᠯᠬᠤ ᠳᠤ ᠪᠦᠬᠦ ᠣᠷᠣᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠲᠤᠭ᠎ᠠ ᠶᠢ 37 ᠬᠦᠷᠭᠡᠵᠦ᠂ ᠳᠠᠩᠰᠠᠯᠠᠭᠤᠯᠤᠭᠰᠠᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠠᠬᠤᠶᠢᠯᠠᠯ ᠳᠤ 100 ᠤᠷᠴᠢᠮ ᠨᠢᠰᠬᠡᠯ ᠲᠠᠢ ᠪᠤᠯᠭᠠᠬᠤ ᠪᠠᠷ ᠴᠢᠷᠮᠠᠶᠢᠨ᠎ᠠ᠃ ᠥᠪᠥᠷ ᠮᠣᠩᠭᠤᠯ ᠤᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠳᠡᠭᠡᠷ᠎ᠡ᠂ ᠤᠯᠤᠰ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ ᠤ ᠲᠣᠨᠣᠭᠯᠠᠯ ᠤᠨ ᠵᠤᠷᠭᠠᠨ ᠤ ᠳᠡᠳ᠋ ᠳᠠᠷᠤᠭ᠎ᠠ ᠶᠠᠩ ᠱᠤᠸᠠᠨ ᠴᠠᠩ ᠤᠨ ᠦᠵᠡᠬᠦ ᠪᠠᠷ᠂ ᠥᠪᠥᠷ ᠮᠣᠩᠭᠤᠯ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ ᠪᠠ ᠵᠡᠭᠦᠨ ᠬᠤᠶᠢᠲᠤ ᠣᠷᠣᠨ ᠭᠤᠷᠪᠠᠨ ᠤᠷᠤᠨ ᠢ ᠰᠤᠨᠳᠠᠯᠠᠵᠤ᠂ 8 ᠮᠤᠵᠢ ᠣᠷᠣᠨ ᠲᠠᠢ ᠬᠦᠷᠰᠢᠯᠡᠵᠦ᠂ ᠪᠡᠭᠡᠵᠢᠩ ᠲᠢᠶᠠᠨᠵᠢᠨ ᠪᠣᠯᠤᠨ ᠪᠦᠸᠧᠬᠠᠢ ᠲᠠᠩᠭᠢᠰ ᠢ ᠲᠣᠭᠤᠷᠢᠭᠰᠠᠨ ᠭᠠᠵᠠᠷ ᠣᠷᠣᠨ ᠤ ᠬᠡᠪᠡᠯᠢ ᠭᠠᠵᠠᠷ ᠪᠤᠯᠬᠤ ᠮᠦᠷᠲᠡᠭᠡᠨ ᠪᠠᠰᠠ ᠤᠮᠠᠷᠠᠲᠤ ᠣᠷᠣᠨ ᠪᠠᠷᠠᠭᠤᠨ ᠬᠤᠶᠢᠲᠤ ᠣᠷᠣᠨ ᠢ ᠬᠤᠯᠪᠤᠵᠤ ᠪᠠᠶᠢᠬᠤ ᠠᠵᠤ ᠠᠬᠤᠶ ᠶᠢᠨ ᠵᠠᠮ ᠪᠤᠯᠤᠨ᠎ᠠ᠃ ᠰᠢᠭᠤᠳ ᠲᠡᠭᠡᠭᠡᠪᠦᠷᠢᠯᠡᠬᠦ ᠠᠭᠠᠷ ᠤᠨ ᠠᠶᠠᠯᠠᠯ ᠤᠨ ᠲᠡᠭᠡᠭᠡᠪᠦᠷᠢ ᠨᠢ ︽ᠠᠶᠠᠯᠠᠯ ᠤᠨ ᠵᠠᠮ ᠨᠢ ᠨᠠᠷᠢᠨ᠂ ᠮᠠᠰᠢᠨ ᠤ ᠬᠡᠯᠪᠡᠷᠢ ᠨᠢ ᠵᠢᠵᠢᠭ᠂ ᠨᠢᠰᠬᠡᠯ ᠤᠨ ᠪᠠᠭᠤᠳᠠᠯ ᠨᠢ ᠵᠢᠵᠢᠭ᠂ ᠪᠠᠷᠢᠮᠵᠢᠶ᠎ᠠ ᠨᠢ ᠳᠤᠤᠷ᠎ᠠ ᠪᠦᠭᠡᠳ ᠵᠤᠬᠢᠶᠠᠨ ᠪᠠᠶᠢᠭᠤᠯᠬᠤ ᠳᠤ ᠠᠮᠢᠳᠤᠯᠢᠭ ᠪᠠᠶᠢᠳᠠᠭ︾ ᠣᠨᠴᠠᠯᠢᠭ ᠲᠠᠢ ᠪᠠᠶᠢᠵᠤ᠂ ᠥᠪᠥᠷ ᠮᠣᠩᠭᠤᠯ ᠤᠨ ᠤᠷᠤᠨ ᠪᠦᠰᠡ᠂ ᠪᠠᠶᠢᠭᠠᠯᠢ ᠶᠢᠨ ᠪᠤᠯᠤᠨ ᠦᠢᠯᠡᠳᠪᠦᠷᠢᠯᠡᠯ ᠠᠮᠢᠳᠤᠷᠠᠯ ᠤᠨ ᠪᠤᠲᠠᠲᠤ ᠪᠠᠶᠢᠳᠠᠯ ᠳᠤ ᠶᠡᠭᠡ ᠰᠠᠶᠢᠨ ᠨᠡᠶᠢᠴᠡᠬᠦ ᠲᠤᠯᠠ᠂ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠬᠤ ᠨᠢ ᠯᠠᠪᠲᠠᠶ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号