ᠥᠪᠥᠷ ᠵᠠᠰᠠᠭ ᠲᠠᠷᠬᠠᠭᠠᠭᠰᠠᠨ ﹇2016﹈ 24 ᠳ᠋ᠤᠭᠡᠷ ᠲᠤᠭᠠᠳᠤ | 2 ᠳ᠋ᠤᠭᠠᠷ ᠰᠠᠷ᠎ᠠ ᠶᠢᠨ 5 ᠤ ᠡᠳᠥᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠥᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ | ᠠᠷᠠᠯᠵᠢᠶ᠎ᠠ ᠶᠢ ᠲᠦᠷᠭᠡᠳᠭᠡᠨ ᠬᠥᠭᠵᠢᠭᠦᠯᠬᠦ ᠶᠢᠨ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠪᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠦᠭᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢ | ᠲᠦᠷᠭᠡᠳᠭᠡᠨ ᠬᠥᠭᠵᠢᠭᠦᠯᠬᠦ ᠶᠢᠨ ᠬᠡᠷᠡᠭᠵᠢᠭᠦᠯᠬᠦ ᠲᠥᠰᠥᠯ | | ︽ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢ ᠲᠦᠷᠭᠡᠳᠭᠡᠨ ᠬᠦᠭᠵᠢᠭᠦᠯᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2014﹈ 13 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠣᠷᠣᠨ ᠤ ᠭᠠᠳᠠᠭᠠᠳᠤ ᠳᠤ | ᠬᠠᠨᠳᠤᠭᠤᠯᠤᠬᠰᠠᠨ ᠰᠤᠶᠣᠯ ᠤᠨ ᠠᠷᠠᠯᠵᠢᠶ᠎ᠠ ᠶᠢᠨ ᠬᠦᠭᠵᠢᠯᠲᠡ ᠶᠢ ᠠᠬᠢᠭᠤᠯᠬᠤ ᠶᠢᠨ ᠲᠤᠰᠠᠳᠠ᠂ ᠲᠤᠰ ᠲᠥᠰᠥᠯ ᠢ | ᠲᠤᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢ ᠲᠦᠷᠭᠡᠳᠭᠡᠨ ᠬᠦᠭᠵᠢᠭᠦᠯᠬᠦ ᠲᠤᠬᠠᠢ | ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠣᠱᠯᠠᠭᠤᠯᠤᠨ | ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠰᠢᠨᠠᠴᠢᠯᠡᠯᠲᠡ ᠪᠠᠷ ᠬᠦᠳᠡᠯᠭᠡᠬᠦ ᠬᠦᠴᠦᠨ ᠪᠣᠯᠭᠠᠨ᠂ ᠭᠠᠳᠠᠭᠠᠳᠤ ᠳᠤ | ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠬᠦᠭᠵᠢᠯᠲᠡ ᠶᠢᠨ ᠣᠷᠴᠢᠨ ᠠᠬᠤᠢ ᠶᠢ ᠲᠡᠭᠦᠯᠳᠡᠷᠵᠢᠭᠦᠯᠬᠦ ᠪᠠᠷ | ᠪᠠᠲᠤᠯᠠᠭ᠎ᠠ ᠪᠣᠯᠭᠠᠵᠤ᠂ ᠨᠢᠭᠡᠳᠦᠯᠲᠡᠢ ᠲᠦᠯᠦᠪᠯᠡᠨ ᠬᠦᠭᠵᠢᠭᠦᠯᠬᠦ᠂ ᠲᠥᠷᠥ ᠶᠢᠨ ᠪᠣᠳᠣᠯᠭ᠎ᠠ ᠪᠠᠷ ᠬᠦᠳᠦᠯᠦᠨ | ᠵᠢᠯᠤᠭᠤᠳᠬᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ | ᠵᠠᠷᠴᠢᠮ ᠢ ᠪᠠᠷᠢᠮᠲᠠᠯᠠᠵᠤ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠪᠦᠳᠦᠴᠡ ᠶᠢ | ᠰᠢᠯᠢᠳᠡᠭᠵᠢᠭᠦᠯᠦᠨ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠬᠦᠭᠵᠢᠯᠲᠡ ᠶᠢᠨ | ᠵᠠᠭᠪᠤᠷ ᠤᠨ ᠰᠢᠨ᠎ᠡ ᠶᠢ ᠡᠭᠦᠳᠴᠦ᠂ ᠥᠪᠥᠷ ᠮᠣᠩᠭᠤᠯ ᠤᠨ ᠰᠣᠶᠣᠯ ᠤᠨ ︽ᠭᠠᠷᠴᠤ ᠶᠠᠪᠤᠬᠤ︾ ᠶᠢ | ᠠᠬᠢᠭᠤᠯᠬᠤ ᠳᠤ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠵᠦ᠂ ᠰᠣᠶᠣᠯ ᠤᠨ ᠪᠦᠲᠦᠭᠡᠭᠳᠡᠬᠦᠨ ᠪᠠ | ᠦᠢᠯᠡᠴᠢᠯᠡᠭᠡᠨ ᠢ ᠭᠠᠳᠠᠭᠠᠳᠤ ᠳᠤ ᠭᠠᠷᠭᠠᠬᠤ ᠪᠠᠨ ᠥᠷᠭᠡᠳᠭᠡᠵᠦ᠂ ᠮᠠᠨ ᠤ ᠣᠷᠣᠨ ᠤ ᠭᠠᠳᠠᠭᠠᠳᠤ ᠳᠤ | ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠳᠡᠯᠡᠬᠡᠢ ᠳᠠᠬᠢ ᠨᠥᠯᠥᠭᠡᠯᠡᠬᠦ ᠬᠦᠴᠦᠨ ᠢᠶᠠᠨ ᠳᠡᠭᠡᠭᠰᠢᠯᠡᠭᠦᠯᠵᠦ᠂ | ᠦᠨᠳᠦᠰᠦᠲᠡᠨ ᠤ ᠰᠣᠶᠣᠯ ᠤᠨ ᠴᠡᠴᠡᠭᠯᠡᠨ ᠬᠦᠭᠵᠢᠬᠦ ᠶᠢ ᠠᠬᠢᠭᠤᠯᠵᠤ᠂ ᠮᠠᠨ ᠤ ᠣᠷᠣᠨ ᠢᠶᠠᠨ ᠦᠨᠳᠦᠰᠦᠲᠡᠨ ᠤ | ᠰᠣᠶᠣᠯ ᠤᠨ ᠲᠣᠮᠤ ᠣᠷᠣᠨ ᠠᠴᠠ ᠦᠨᠳᠦᠰᠦᠲᠡᠨ ᠤ ᠰᠣᠶᠣᠯ ᠤᠨ ᠠᠷᠠᠯᠵᠢᠶ᠎ᠠ ᠶᠢᠨ ᠬᠦᠴᠦᠷᠬᠡᠭ ᠣᠷᠣᠨ ᠲᠡᠰᠢ | ᠬᠦᠭᠵᠢᠨ ᠳᠠᠪᠠᠭ᠋ᠤ ᠶᠢ ᠪᠡᠶᠡᠯᠡᠭᠦᠯᠬᠦ ᠬᠡᠷᠡᠭᠲᠡᠢ᠃ | ᠬᠤᠶᠠᠷ᠂ ᠬᠦᠭᠵᠢᠯᠲᠡ ᠶᠢᠨ ᠬᠠᠷᠠᠯᠲᠠ | 2020 ᠣᠨ ᠪᠣᠯᠲᠠᠯ᠎ᠠ᠂ ᠨᠢᠭᠡ ᠪᠦᠯᠦᠭ ᠳᠡᠯᠡᠬᠡᠢ ᠶᠢᠨ ᠨᠦᠯᠦᠭᠡᠯᠡᠬᠦ ᠬᠦᠴᠦᠨ ᠲᠠᠢ ᠭᠠᠳᠠᠭᠠᠳᠤ ᠳᠤ | ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠠᠵᠤ ᠠᠬᠤᠶᠢᠯᠠᠯ ᠤᠳ ᠢ ᠪᠤᠶᠢᠵᠢᠭᠤᠯᠵᠤ᠂ ᠨᠢᠭᠡ ᠪᠦᠯᠦᠭ | ᠦᠨᠳᠦᠰᠦᠲᠡᠨ ᠤ ᠰᠣᠶᠣᠯ ᠤᠨ ᠣᠨᠴᠠᠯᠢᠭ ᠪᠦᠬᠦᠢ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ | ᠭᠤᠣᠯᠳᠠᠯᠭ᠎ᠠ ᠲᠠᠢ ᠲᠦᠷᠦᠯ ᠵᠦᠢᠯ ᠢ ᠲᠡᠳᠭᠦᠵᠦ᠂ ᠮᠠᠨ ᠤ ᠣᠷᠣᠨ ᠤ ᠦᠨᠳᠦᠰᠦᠲᠡᠨ ᠤ ᠰᠣᠶᠣᠯ ᠤᠨ | ᠬᠦᠭᠵᠢᠯᠲᠡ ᠳᠤ ᠠᠰᠢᠭᠲᠠᠢ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠡᠳᠦᠢ ᠳᠡᠳᠦᠢ | ᠲᠠᠪᠴᠠᠩ ᠪᠠᠶᠢᠭᠤᠯᠵᠤ᠂ ᠨᠢᠭᠡ ᠪᠦᠯᠦᠭ ᠮᠠᠨ ᠤ ᠣᠷᠣᠨ ᠤ ᠦᠨᠳᠦᠰᠦᠲᠡᠨ ᠤ ᠰᠣᠶᠣᠯ ᠤᠨ ᠪᠦᠲᠦᠭᠡᠭᠳᠡᠬᠦᠨ ᠪᠠ | ᠰᠣᠶᠣᠯ ᠤᠨ ᠦᠢᠯᠡᠴᠢᠯᠡᠭᠡᠨ ᠢ ᠭᠠᠳᠠᠭᠠᠳᠤ ᠳᠤ ᠭᠠᠷᠭᠠᠬᠤ ᠱᠠᠭᠠᠷᠳᠠᠯᠭ᠎ᠠ ᠳᠤ ᠵᠣᠬᠢᠴᠠᠭᠰᠠᠨ ᠭᠠᠳᠠᠭᠠᠳᠤ ᠳᠤ | ᠡᠵᠡᠩᠨᠡᠨ ᠪᠣᠷᠤᠯᠠᠭᠤᠯᠬᠤ ᠲᠣᠣᠷ ᠰᠦᠯᠵᠢᠶ᠎ᠡ ᠪᠠᠶᠢᠭᠤᠯᠵᠤ᠂ ᠨᠢᠭᠡ ᠪᠦᠯᠦᠭ ᠳᠡᠭᠡᠲᠥ ᠮᠡᠳᠡᠯᠭᠡ ᠪᠣᠯᠪᠠᠰᠤᠷᠠᠯ ᠲᠠᠢ | ᠭᠠᠳᠠᠭᠠᠳᠤ ᠲᠠᠢ ᠬᠤᠯᠪᠣᠭᠳᠠᠬᠤ ᠰᠣᠶᠣᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠭᠦᠯᠵᠦ᠂ ᠨᠢᠭᠡ | ᠪᠦᠯᠦᠭ ᠭᠤᠣᠯᠯᠠᠬᠤ ᠦᠷᠢᠰᠦᠯᠳᠦᠬᠦ ᠬᠦᠴᠦᠨ ᠲᠠᠢ ᠦᠨᠳᠦᠰᠦᠲᠡᠨ ᠤ ᠰᠣᠶᠣᠯ ᠤᠨ ᠪᠦᠲᠦᠭᠡᠭᠳᠡᠬᠦᠨ ᠢ ᠪᠤᠢ | ᠪᠣᠯᠭᠠᠵᠤ᠂ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠢᠨ ᠶᠡᠷᠦᠩᠬᠡᠢ ᠲᠤᠭ᠎ᠠ ᠶᠢᠨ ᠬᠤᠪᠢ ᠶᠢᠨ ᠵᠢᠩ ᠳᠠᠬᠢ | ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ | ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠦᠷᠭᠡᠨ ᠬᠦᠭᠵᠢᠯᠲᠡ ᠶᠢ | ᠠᠬᠢᠭᠤᠯᠬᠤ ᠪᠠᠷ ᠴᠢᠷᠮᠠᠶᠢᠬᠤ ᠬᠡᠷᠡᠭᠲᠡᠢ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠭᠤᠣᠯ ᠴᠣᠭᠴᠠ ᠶᠢ | ᠪᠤᠶᠢᠵᠢᠭᠤᠯᠬᠤ ᠬᠡᠷᠡᠭᠲᠡᠢ᠃ ᠤᠯᠤᠰ ᠤᠨ ᠦᠮᠴᠢᠯᠠᠯᠳᠤ᠂ ᠠᠷᠠᠳ ᠠᠴᠠ ᠡᠵᠡᠩᠨᠡᠭᠰᠡᠨ ᠪᠠ ᠭᠠᠳᠠᠭᠠᠳᠤ ᠪᠡᠯᠡ ᠶᠢᠨ | ᠵᠡᠷᠭᠡ ᠡᠯ᠎ᠡ ᠵᠦᠢᠯ ᠤᠨ ᠦᠮᠴᠢᠯᠠᠯ ᠤᠨ ᠳᠦᠷᠢᠮᠲᠦ ᠰᠣᠶᠣᠯ ᠤᠨ ᠠᠵᠤ ᠠᠬᠤᠶᠢᠯᠠᠯ ᠤᠳ ᠤᠯᠤᠰ ᠤᠨ ᠬᠠᠤᠯᠢ | ᠴᠠᠭᠠᠵᠠ ᠬᠠᠤᠯᠢ ᠲᠣᠭᠲᠠᠭᠠᠯ ᠳᠤ ᠡᠵᠡᠩᠨᠡᠬᠦ ᠶᠢ ᠵᠦᠪᠰᠢᠶᠡᠷᠡᠭᠰᠡᠨ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ | ᠠᠷᠠᠯᠵᠢᠶ᠎ᠠ ᠶᠢᠨ ᠲᠤᠬᠠᠶᠢᠯᠠᠭᠰᠠᠨ ᠠᠵᠢᠯ ᠢ ᠡᠷᠬᠢᠯᠡᠨ ᠬᠢᠬᠦ ᠶᠢ ᠵᠣᠷᠢᠬᠵᠢᠭᠤᠯᠤᠨ ᠳᠡᠮᠵᠢᠬᠦ ᠶᠢᠨ ᠬᠠᠮᠲᠤ ᠠᠳᠠᠯᠢ | ᠬᠠᠷᠠᠭᠠᠯᠵᠠᠯ ᠬᠦᠷᠲᠡᠭᠡᠬᠦ ᠬᠡᠷᠡᠭᠲᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠠᠷᠪᠠᠨ ᠰᠠᠯᠠᠭ᠎ᠠ ᠮᠦᠴᠢᠷ ᠤᠨ | ᠬᠠᠮᠳᠤᠷᠠᠨ ᠨᠡᠶᠢᠲᠡᠯᠡᠭᠰᠡᠨ ︽ᠰᠣᠶᠣᠯ ᠤᠨ ᠪᠦᠲᠦᠭᠡᠭᠳᠡᠬᠦᠨ ᠪᠠ ᠥᠢᠯᠡᠴᠢᠯᠡᠭᠡᠨ ᠢ ᠭᠠᠳᠠᠭᠠᠳᠤ ᠳᠤ ᠭᠠᠷᠭᠠᠬᠤ | ᠵᠢᠯᠤᠭᠤᠳᠬᠤ ᠭᠠᠷᠴᠠᠭ︾ ᠢ ᠥᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠤᠨ ᠭᠠᠳᠠᠭᠠᠳᠤ ᠳᠤ ᠭᠠᠷᠭᠠᠬᠤ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ | ᠵᠦᠢᠯ ᠤᠨ ᠭᠠᠷᠴᠠᠭ︾ ᠢ ᠲᠣᠭᠲᠠᠭᠠᠵᠤ᠂ ᠰᠤᠩᠭᠤᠭᠳᠠᠭᠰᠠᠨ ᠰᠣᠶᠣᠯ ᠤᠨ ᠠᠵᠤ ᠠᠬᠤᠶᠢᠯᠠᠯ ᠤᠳ ᠢ | ᠭᠤᠣᠯᠳᠠᠯᠭ᠎ᠠ ᠲᠠᠢ ᠳᠡᠳᠭᠦᠬᠦ ᠬᠡᠷᠡᠭᠲᠡᠢ᠃ ᠨᠣᠮ ᠪᠢᠴᠢᠭ᠂ ᠰᠣᠨᠢᠨ᠂ ᠰᠡᠳᠭᠦᠯ᠂ ᠳᠠᠭᠤ ᠲᠦᠷᠰᠦ | ᠰᠢᠩᠭᠡᠭᠡᠯᠲᠡ ᠶᠢᠨ ᠪᠥᠲᠦᠭᠡᠭᠳᠡᠬᠦᠨ ᠢ ᠬᠢᠯᠢ ᠶᠢᠨ ᠭᠠᠳᠠᠨ᠎ᠠ ᠬᠡᠪᠯᠡᠨ ᠨᠡᠶᠢᠲᠡᠯᠡᠬᠦ᠂ ᠢᠯᠠᠩᠭᠤᠶ᠎ᠠ ᠮᠣᠩᠭᠤᠯ ᠨᠣᠮ | ᠪᠢᠴᠢᠭ᠂ ᠰᠣᠨᠢᠨ᠂ ᠰᠡᠳᠭᠦᠯ᠂ ᠲᠠᠭᠤ ᠲᠦᠷᠰᠦ ᠰᠢᠩᠭᠡᠭᠡᠯᠲᠡ ᠶᠢᠨ ᠪᠥᠲᠦᠭᠡᠭᠳᠡᠬᠦᠨ ᠢ ᠬᠢᠯᠢ ᠶᠢᠨ ᠭᠠᠳᠠᠨ᠎ᠠ ᠬᠡᠪᠯᠡᠨ | ᠨᠡᠶᠢᠲᠡᠯᠡᠬᠦ᠂ ᠮᠣᠩᠭᠤᠯ ᠬᠡᠯᠡᠨ ᠤ ᠷᠠᠳᠢᠣ᠋ ᠲᠧᠯᠸᠢᠰ᠂ ᠺᠢᠨᠣ᠋ ᠶᠢᠨ ᠦᠢᠯᠡᠴᠢᠯᠡᠭᠡ ᠶᠢ ᠬᠢᠯᠢ ᠶᠢᠨ ᠭᠠᠳᠠᠨ᠎ᠠ | ᠨᠡᠪᠲᠡᠷᠡᠭᠦᠯᠬᠦ ᠶᠢ ᠳᠡᠮᠵᠢᠬᠦ ᠬᠡᠷᠡᠭᠲᠡᠢ᠃ ᠰᠣᠶᠣᠯ ᠤᠨ ᠪᠦᠳᠦᠭᠡᠯᠴᠢ ᠲᠦᠰᠦᠪᠯᠡᠯ ᠤᠨ ᠵᠢᠷᠤᠭ ᠲᠦᠯᠦᠪᠯᠡᠭᠡᠨ ᠤ | ᠦᠢᠯᠡᠴᠢᠯᠡᠭᠡ ᠶᠢ ᠬᠦᠮᠦᠵᠢᠭᠦᠯᠦᠨ ᠬᠦᠭᠵᠢᠭᠦᠯᠵᠦ᠂ ᠰᠣᠶᠣᠯ ᠤᠨ ᠪᠦᠳᠦᠭᠡᠯᠴᠢ ᠲᠦᠰᠦᠪᠯᠡᠯ᠂ ᠲᠤᠭᠠᠴᠢᠳᠤ ᠬᠡᠪᠯᠡᠯ᠂ | ᠺᠠᠷᠲ᠋ᠤᠨ ᠵᠢᠷᠤᠭᠳᠤ ᠲᠤᠬᠯᠠᠭᠠᠮ ᠤᠨ ᠵᠦᠭᠡᠯᠡᠨ ᠲᠣᠨᠤᠭ ᠵᠡᠷᠭᠡ ᠰᠢᠨ᠎ᠡ ᠮᠠᠶ᠋ᠢᠭ ᠤᠨ ᠰᠣᠶᠣᠯ ᠢ ᠭᠠᠳᠠᠭᠠᠳᠤ ᠳᠤ | ᠭᠠᠷᠭᠠᠬᠤ ᠶᠢ ᠳᠡᠮᠵᠢᠬᠦ ᠪᠠ ᠬᠦᠳᠦᠯᠦᠨ ᠵᠢᠯᠣᠭᠤᠳᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠲᠢᠣ᠋ | ᠲᠧᠯᠸᠢᠰ ᠤᠨ ᠲᠣᠪᠴᠢᠶ᠎ᠠ᠂ ᠬᠦᠬᠡᠬᠤᠲᠠ ᠪᠣᠭᠤᠮᠲᠠ ᠠᠴᠠ ᠬᠠᠷᠢᠭᠤᠴᠠᠨ᠎ᠠ᠃ ᠣᠨᠴᠠᠭᠠᠶᠢᠯᠠᠨ | ᠲᠣᠳᠣᠷᠬᠠᠶᠢᠯᠠᠭᠰᠠᠨ ᠠᠴᠠ ᠪᠣᠰᠣᠳ᠂ ᠲᠡᠷᠢᠭᠦᠨ ᠪᠠᠶᠢᠷᠢᠨ ᠳᠤ ᠵᠢᠭᠰᠠᠭᠠᠭᠰᠠᠨ ᠨᠢᠭᠡᠴᠡ ᠪᠠᠷ ᠲᠣᠯᠤᠭᠠᠶᠢᠯᠠᠬᠤ | ᠨᠢᠭᠡᠴᠡ ᠪᠣᠯᠭᠠᠵᠤ᠂ ᠪᠣᠰᠣᠳ ᠨᠢ ᠣᠷᠤᠯᠴᠠᠬᠤ ᠨᠢᠭᠡᠴᠡ ᠪᠣᠯᠣᠨ᠎ᠠ᠂ ᠳᠣᠷᠤᠭᠰᠢ ᠠᠳᠠᠯᠢ︶ | ︵ᠬᠤᠶᠠᠷ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠰᠠᠭᠤᠷᠢᠨ ᠭᠠᠵᠠᠷ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠮᠠᠨ ᠤ ᠣᠷᠣᠨ ᠤ ᠣᠳᠣ ᠶᠢᠨ ᠪᠠᠶᠢᠭ᠎ᠠ ᠡᠯ᠎ᠡ ᠰᠣᠶᠣᠯ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠦᠰᠢᠭᠯᠡᠵᠦ᠂ ᠨᠢᠭᠡ ᠪᠦᠯᠦᠭ ᠵᠣᠬᠢᠬᠤ ᠬᠡᠮᠵᠢᠶᠡᠨ ᠤ | ᠭᠠᠳᠠᠭᠠᠳᠤ ᠳᠤ ᠭᠠᠷᠭᠠᠬᠤ ᠬᠡᠪᠴᠢᠶ᠎ᠡ ᠲᠠᠢ᠂ ᠭᠠᠳᠠᠭᠠᠳᠤ ᠳᠤ ᠭᠠᠷᠭᠠᠬᠤ ᠲᠥᠬᠦᠷ ᠨᠥᠬᠦᠴᠡᠯ ᠢᠶᠠᠷ ᠨᠡᠯᠢᠶᠡᠳ ᠰᠠᠶᠢᠨ | ᠪᠣᠯᠬᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠦᠪᠯᠡᠷᠡᠯ ᠤᠨ ᠣᠷᠣᠨ ᠢ ᠪᠤᠢ ᠪᠤᠯᠭᠠᠵᠦ᠂ | ᠳᠡᠯᠡᠬᠡᠢ ᠳᠤ ᠵᠣᠬᠢᠬᠤ ᠬᠡᠮᠵᠢᠶᠡᠨ ᠤ ᠨᠦᠯᠦᠭᠡ ᠲᠠᠢ᠂ ᠠᠵᠢᠯ ᠲᠦᠷᠦᠯ ᠤᠨ ᠲᠠᠶᠢᠴᠢᠯᠠᠬᠤ ᠬᠦᠴᠦᠨ ᠢᠶᠠᠷ ᠴᠢᠩᠭ᠎ᠠ | ᠪᠣᠯᠬᠤ ᠭᠠᠳᠠᠭᠰᠢᠯ ᠰᠣᠶᠣᠯ ᠤᠨ ᠠᠵᠤ ᠠᠬᠤᠶᠢᠯᠠᠯ ᠪᠣᠯᠣᠨ ᠪᠠᠶᠢᠭᠤᠯᠤᠮᠵᠢ ᠨᠤᠭᠤᠳ ᠣᠷᠣᠵᠤ ᠰᠠᠭᠤᠬᠤ ᠶᠢ | ᠵᠣᠷᠢᠬᠵᠢᠭᠤᠯᠬᠤ ᠪᠠ ᠬᠦᠳᠦᠯᠦᠨ ᠵᠢᠯᠣᠭᠤᠳᠴᠤ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ | ᠬᠡᠪᠴᠢᠶ᠎ᠡ ᠪᠠ ᠶᠡᠷᠦᠩᠬᠡᠢ ᠬᠡᠮᠵᠢᠶ᠎ᠡ ᠪᠠᠨ ᠤᠯᠠᠮ ᠨᠢᠭᠡ ᠠᠯᠬᠤᠮ ᠶᠡᠬᠡᠳᠭᠡᠵᠦ᠂ ᠭᠠᠳᠠᠭᠠᠳᠤ ᠳᠤ ᠬᠠᠨᠳᠤᠭᠤᠯᠤᠭᠰᠠᠨ | ᠰᠣᠶᠣᠯ ᠤᠨ ᠠᠷᠠᠯᠵᠢᠶ᠎ᠠ ᠶᠢᠨ ᠬᠡᠪᠴᠢᠶᠡᠵᠢᠭᠦᠯᠬᠦ᠂ ᠡᠷᠴᠢᠮᠵᠢᠭᠦᠯᠬᠦ ᠪᠠ ᠲᠤᠰᠬᠠᠶᠢᠵᠢᠭᠤᠯᠬᠤ ᠬᠦᠭᠵᠢᠯᠲᠡ ᠶᠢᠨ ᠬᠢᠷᠢ | ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠰᠣᠶᠣᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠨᠢᠨ | ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠬᠦᠬᠡᠬᠤᠲᠠ ᠪᠣᠭᠤᠮᠲᠠ ᠠᠴᠠ ᠬᠠᠷᠢᠭᠤᠴᠠᠨ᠎ᠠ︶ | ︵ᠭᠤᠷᠪᠠ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠠᠪᠴᠠᠩ ᠢ ᠡᠭᠦᠳᠦᠨ | ᠪᠠᠶᠢᠭᠤᠯᠬᠤ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠤᠳ ᠳᠤᠮᠳᠠᠲᠤ ᠤᠯᠤᠰ — ᠮᠣᠩᠭᠤᠯ ᠤᠯᠤᠰ ᠤᠨ | ᠦᠵᠡᠰᠬᠦᠯᠡᠩ ᠵᠡᠷᠭᠡ ᠬᠢᠯᠢ ᠶᠢᠨ ᠲᠣᠲᠣᠷ᠎ᠠ ᠭᠠᠳᠠᠨᠠᠬᠢ ᠴᠢᠬᠤᠯᠠ ᠪᠤᠯᠬᠤ ᠣᠯᠠᠨ ᠤᠯᠤᠰ ᠤᠨ ᠴᠢᠨᠠᠷᠲᠠᠢ | ᠦᠵᠡᠰᠭᠦᠯᠡᠩ ᠳᠤ ᠣᠷᠣᠯᠴᠠᠬᠤ ᠶᠢ ᠳᠡᠮᠵᠢᠵᠤ᠂ ᠡᠯ᠎ᠡ ᠵᠦᠢᠯ ᠤᠨ ᠣᠯᠠᠨ ᠤᠯᠤᠰ ᠤᠨ ᠴᠢᠨᠠᠷᠲᠠᠢ ᠦᠵᠡᠰᠬᠦᠯᠡᠩ ᠢ | ᠠᠰᠢᠭᠯᠠᠵᠤ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠠᠨᠢᠯᠴᠠᠭᠤᠯᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠢᠯᠢ ᠶᠢᠨ ᠭᠠᠳᠠᠨᠠᠬᠢ ᠺᠢᠨᠣ᠋ ᠲᠧᠯᠸᠢᠰ ᠳᠠᠭᠤ ᠳᠦᠷᠰᠦ ᠰᠢᠩᠭᠡᠭᠡᠯᠲᠡ᠂ | ᠰᠦᠯᠵᠢᠶ᠎ᠡ ᠶᠢᠨ ᠺᠠᠷᠲ᠋ᠣᠨ ᠵᠢᠷᠤᠭ᠂ ᠬᠡᠪᠯᠡᠭᠳᠡᠬᠦᠨ᠂ ᠤᠷᠠᠨ ᠰᠠᠶᠢᠬᠠᠨ ᠤ ᠲᠣᠭᠯᠠᠯᠲᠠ ᠵᠡᠷᠭᠡ ᠤᠯᠠᠨ ᠤᠯᠤᠰ ᠤᠨ | ᠡᠵᠡᠩᠨᠡᠨ ᠪᠣᠷᠤᠯᠠᠭᠤᠯᠬᠤ ᠲᠣᠣᠷ ᠰᠦᠯᠵᠢᠶ᠎ᠡ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠶᠢᠨ | ᠭᠠᠳᠠᠨᠠᠬᠢ ᠰᠢᠯᠢᠳᠡᠭ ᠰᠣᠶᠣᠯ ᠤᠨ ᠡᠳ᠋ ᠬᠦᠷᠦᠩᠭᠡ ᠶᠢᠨ ᠬᠡᠪᠴᠢᠶ᠎ᠡ ᠪᠠᠨ ᠦᠷᠭᠡᠳᠭᠡᠨ᠂ ᠭᠠᠳᠠᠭᠠᠳᠤ ᠶᠢᠨ ᠣᠯᠠᠨ | ᠲᠦᠮᠡᠨ ᠲᠤᠷᠠᠲᠠᠶᠢᠶ᠎ᠠ ᠬᠦᠯᠢᠶᠡᠬᠦ ᠰᠣᠶᠣᠯ ᠤᠨ ᠪᠦᠲᠦᠭᠡᠭᠳᠡᠬᠦᠨ ᠪᠣᠯᠣᠨ ᠦᠢᠯᠡᠴᠢᠯᠡᠭᠡ ᠶᠢ ᠨᠡᠬᠡᠭᠡᠨ ᠬᠦᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠣᠶᠣᠯ ᠤᠨ ᠤᠯᠠᠮᠵᠢᠯᠠᠨ ᠳᠡᠯᠭᠡᠷᠡᠭᠦᠯᠬᠦ ᠪᠠ ᠨᠦᠯᠦᠭᠡᠯᠡᠬᠦ | ᠬᠦᠴᠦᠨ ᠢ ᠠᠬᠢᠭᠤᠯᠤᠨ ᠦᠷᠭᠡᠳᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠣᠶᠣᠯ ᠤᠨ ᠲᠢᠩᠬᠢᠮ᠂ ᠰᠣᠨᠢᠨ ᠮᠡᠳᠡᠭᠡ | ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠷᠢᠭᠤᠴᠠᠨ᠎ᠠ︶ | ︵ᠲᠥᠷᠪᠡ︶ ᠰᠣᠶᠣᠯ ᠤᠨ ᠠᠵᠤ ᠠᠬᠤᠶᠢᠯᠠᠯ ᠤᠨ ︽ᠭᠠᠷᠴᠤ ᠶᠠᠪᠤᠬᠤ︾ ᠶᠢ ᠠᠬᠢᠭᠤᠯᠬᠤ ᠬᠡᠷᠡᠭᠲᠡᠢ᠃ | ᠡᠯ᠎ᠡ ᠲᠥᠷᠥᠯ ᠤᠨ ᠠᠵᠤ ᠠᠬᠤᠶᠢᠯᠠᠯ ᠤᠳ ᠰᠢᠨ᠎ᠡ ᠪᠠᠷ ᠪᠠᠶᠢᠭᠤᠯᠬᠤ᠂ ᠬᠤᠳᠠᠯᠳᠤᠨ ᠠᠪᠬᠤ ᠪᠠ ᠬᠠᠮᠳᠤᠷᠠᠯᠴᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠵᠤ᠂ ᠬᠢᠯᠢ ᠶᠢᠨ ᠭᠠᠳᠠᠨᠠᠬᠢ ᠰᠣᠶᠣᠯ ᠤᠨ ᠬᠦᠷᠢᠶ᠎ᠡ ᠬᠡᠪᠴᠢᠶ᠎ᠡ ᠳᠤ ᠪᠡᠯᠡ | ᠣᠷᠤᠭᠤᠯᠤᠨ ᠬᠠᠮᠳᠤᠷᠠᠯᠴᠠᠬᠤ ᠶᠢ ᠵᠣᠷᠢᠬᠵᠢᠭᠤᠯᠬᠤ ᠬᠡᠷᠡᠭᠲᠡᠢ᠃ ᠣᠷᠣᠰ ᠮᠣᠩᠭᠤᠯ ᠵᠡᠷᠭᠡ ᠬᠥᠷᠰᠢ ᠵᠡᠷᠭᠡᠯᠡᠳᠡᠭᠡ | ᠤᠯᠤᠰ ᠯᠤᠭ᠎ᠠ ᠶᠢᠨ ᠰᠣᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠂ ᠰᠣᠶᠣᠯ ᠤᠨ ᠠᠵᠤ ᠠᠬᠤᠶᠢᠯᠠᠯ ᠤᠳ ᠢ | ᠳᠡᠮᠵᠢᠵᠦ ᠪᠠᠶᠢᠭᠠᠳ ᠣᠷᠣᠰ ᠮᠣᠩᠭᠤᠯ ᠬᠤᠶᠠᠷ ᠤᠯᠤᠰ ᠤᠨ ᠰᠣᠶᠣᠯ ᠤᠨ ᠵᠠᠬ᠎ᠠ ᠳᠡᠯᠭᠡᠭᠦᠷ ᠢ ᠢᠳᠡᠪᠬᠢᠲᠡᠢ ᠪᠠᠷ | ᠨᠡᠬᠡᠭᠡᠯᠭᠡᠵᠦ᠂ ᠥᠪᠥᠷ ᠮᠣᠩᠭᠤᠯ ᠤᠨ ︽ᠲᠣᠷᠭᠠᠨ ᠵᠠᠮ ᠤᠨ ᠠᠵᠤ ᠠᠬᠤᠢ ᠶᠢᠨ ᠪᠦᠰᠡ︾ ᠶᠢᠨ ᠴᠢᠬᠤᠯᠠ | ᠵᠠᠩᠭᠢᠯᠠᠭ᠎ᠠ ᠪᠠ ᠮᠣᠩᠭᠤᠯ ᠲᠠᠢ ᠬᠠᠮᠳᠤᠷᠠᠯᠴᠠᠬᠤ ᠬᠦᠭᠦᠷᠭᠡ ᠶᠢᠨ ᠦᠢᠯᠡᠳᠦᠯ ᠢᠶᠠᠨ ᠪᠠᠳᠠᠷᠠᠭᠤᠯᠵᠤ᠂ ᠳᠡᠯᠡᠭᠡᠢ ᠳᠤ | ᠨᠦᠯᠦᠭᠡᠯᠡᠬᠦ ᠬᠦᠴᠦᠨ ᠲᠠᠢ ᠰᠣᠶᠣᠯ ᠤᠨ ᠨᠡᠷᠡᠲᠦ ᠲᠦᠷᠦᠯ ᠲᠡᠮᠳᠡᠭᠲᠦ ᠶᠢ ᠪᠤᠢ ᠪᠤᠯᠭᠠᠬᠤ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠷᠢᠭᠤᠴᠠᠨ᠎ᠠ︶ | ︵ᠲᠠᠪᠤ︶ ᠰᠣᠶᠣᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠤᠯᠴᠠᠨ ᠬᠦᠭᠵᠢᠬᠦ ᠶᠢ ᠳᠡᠮᠵᠢᠬᠦ | ᠬᠡᠷᠡᠭᠲᠡᠢ᠃ ᠰᠣᠶᠣᠯ ᠤᠨ ᠠᠵᠤ ᠠᠬᠤᠶᠢᠯᠠᠯ ᠢ ᠵᠣᠷᠢᠬᠵᠢᠭᠤᠯᠤᠨ ᠮᠡᠷᠭᠡᠵᠢᠯ ᠤᠨ ᠰᠢᠨ᠎ᠡ ᠡᠭᠦᠳᠦᠯᠲᠡ ᠶᠢ ᠦᠷᠨᠢᠭᠦᠯᠵᠦ᠂ | ᠭᠠᠳᠠᠭᠠᠳᠤ ᠳᠤ ᠭᠠᠷᠭᠠᠬᠤ ᠰᠣᠶᠣᠯ ᠤᠨ ᠪᠦᠲᠦᠭᠡᠭᠳᠡᠬᠦᠨ ᠪᠣᠯᠣᠨ ᠦᠢᠯᠡᠴᠢᠯᠡᠭᠡᠨ ᠢ ᠰᠣᠳᠤᠯᠤᠨ ᠬᠦᠭᠵᠢᠭᠦᠯᠬᠦ | ᠣᠷᠤᠭᠤᠯᠤᠯᠲᠠ ᠪᠠᠨ ᠨᠡᠮᠡᠭᠳᠡᠭᠦᠯᠵᠦ᠂ ᠮᠡᠳᠡᠯᠭᠡ ᠶᠢᠨ ᠪᠦᠳᠦᠭᠡᠭᠳᠡᠬᠦᠨ ᠤ ᠡᠵᠡᠨ ᠮᠡᠳᠡᠭᠰᠡᠨ ᠦᠮᠴᠢᠯᠡᠬᠦ ᠡᠷᠬᠡ ᠶᠢᠨ | ᠵᠠᠩᠭᠢᠯᠠᠭ᠎ᠠ ᠶᠢᠨ ᠮᠡᠷᠭᠡᠵᠢᠯ ᠪᠣᠯᠣᠨ ᠭᠤᠤᠯᠯᠠᠬᠤ ᠮᠡᠷᠭᠡᠵᠢᠯ ᠢ ᠨᠡᠭᠡᠭᠡᠨ ᠬᠦᠭᠵᠢᠭᠦᠯᠬᠦ ᠬᠡᠷᠡᠭᠲᠡᠢ᠃ ᠰᠣᠶᠣᠯ ᠤᠨ ᠠᠵᠤ | ᠠᠬᠤᠶᠢᠯᠠᠯ ᠤᠳ ᠤᠨ ᠦᠨᠳᠦᠰᠦᠲᠡᠨ ᠤ ᠰᠣᠶᠣᠯ ᠤᠨ ᠣᠨᠴᠠᠯᠢᠭᠲᠤ ᠡᠬᠢ ᠪᠠᠶᠠᠯᠢᠭ ᠢ ᠭᠦᠨᠵᠡᠭᠡᠢ ᠢᠯᠡᠷᠡᠭᠦᠯᠦᠨ | ᠭᠠᠷᠭᠠᠬᠤ ᠶᠢ ᠳᠡᠮᠵᠢᠵᠤ᠂ ᠳᠡᠭᠡᠲᠥ ᠰᠢᠨ᠎ᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠮᠠᠨ ᠤ ᠣᠷᠣᠨ ᠤ | ᠰᠣᠶᠣᠯ ᠤᠨ ᠭᠠᠳᠠᠭᠠᠳᠤ ᠳᠤ ᠭᠠᠷᠭᠠᠬᠤ ᠪᠦᠲᠦᠭᠡᠭᠳᠡᠬᠦᠨ ᠤ ᠢᠯᠡᠷᠡᠬᠦᠯᠬᠦ ᠬᠡᠯᠪᠡᠷᠢ ᠮᠠᠶ᠋ᠢᠭ ᠲᠤ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠤᠳ ᠤᠨ | ᠰᠣᠶᠣᠯ ᠤᠨ ᠪᠦᠲᠦᠭᠡᠭᠳᠡᠬᠦᠨ ᠪᠣᠯᠣᠨ ᠦᠢᠯᠡᠴᠢᠯᠡᠭᠡ ᠶᠢᠨ ᠰᠢᠨ᠎ᠠ ᠶᠢ ᠡᠬᠦᠳᠬᠦ ᠳᠤ ᠬᠡᠷᠡᠭᠯᠡᠬᠦ ᠳᠡᠷᠢᠭᠦᠨ ᠤ ᠮᠡᠷᠭᠡᠵᠢᠯ | ᠬᠢᠭᠡᠳ ᠲᠦᠬᠦᠭᠡᠷᠦᠮᠵᠢ ᠣᠷᠤᠭᠤᠯᠬᠤ ᠶᠢ ᠳᠡᠮᠵᠢᠵᠦ᠂ ᠰᠢᠩᠭᠡᠬᠦ᠂ ᠬᠡᠷᠡᠭᠯᠡᠬᠦ ᠪᠠ ᠳᠠᠬᠢᠨ ᠰᠢᠨ᠎ᠡ ᠶᠢ ᠡᠭᠦᠳᠬᠦ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠰᠣᠶᠣᠯ ᠤᠨ ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ | ᠶᠠᠪᠤᠳᠠᠯ ᠵᠡᠷᠭᠡ ᠰᠢᠨ᠎ᠡ ᠮᠠᠶ᠋ᠢᠭ ᠤᠨ ᠬᠡᠪ ᠵᠠᠭᠪᠤᠷ ᠢ ᠠᠰᠢᠭᠯᠠᠵᠤ ᠣᠯᠠᠨ ᠤᠯᠤᠰ ᠤᠨ ᠲᠤᠬᠠᠶᠢᠯᠠᠭᠰᠠᠨ ᠠᠵᠢᠯ ᠢᠶᠠᠨ | ᠨᠡᠭᠡᠭᠡᠨ ᠦᠷᠭᠡᠳᠭᠡᠬᠦ ᠶᠢ ᠵᠣᠷᠢᠬᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠷᠢᠭᠤᠴᠠᠨ᠎ᠠ︶ | ︵ᠵᠢᠷᠭᠤᠭ᠎ᠠ︶ ᠰᠣᠶᠣᠯ ᠮᠥᠩᠭᠦᠨ ᠭᠥᠢᠯᠭᠡᠭᠡᠨ ᠤ ᠬᠠᠮᠳᠤᠷᠠᠯᠴᠠᠭ᠎ᠠ ᠶᠢ ᠠᠬᠢᠭᠤᠯᠬᠤ ᠬᠡᠷᠡᠭᠲᠡᠢ᠃ | ᠤᠯᠤᠰ ᠤᠨ ᠰᠣᠶᠣᠯ ᠮᠥᠩᠭᠦᠨ ᠭᠦᠢᠯᠭᠡᠭᠡᠨ ᠤ ᠬᠠᠮᠳᠤᠷᠠᠯᠴᠠᠭ᠎ᠠ ᠶᠢ ᠭᠥᠨᠵᠡᠭᠡᠢ ᠠᠬᠢᠭᠤᠯᠬᠤ ᠲᠦᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠤᠨ ᠵᠢᠯᠤᠭᠤᠳᠴᠤ ᠰᠣᠶᠣᠯ ᠤᠨ ᠠᠵᠤ ᠠᠬᠤᠶᠢᠯᠠᠯ ᠳᠤ ᠦᠵᠡᠭᠦᠯᠬᠦ | ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠨᠡᠷᠡᠳᠬᠦᠨ ᠢ ᠰᠢᠨ᠎ᠡ ᠪᠠᠷ ᠡᠭᠦᠳᠴᠦ᠂ ᠢᠲᠡᠭᠡᠮᠵᠢᠲᠦ ᠵᠢᠭᠡᠯᠡᠯᠭᠡ ᠣᠯᠭᠤᠬᠤ ᠲᠤᠭ᠎ᠠ ᠬᠡᠮᠵᠢᠶ᠎ᠡ᠂ | ᠵᠢᠭᠡᠯᠡᠯᠭᠡ ᠶᠢᠨ ᠨᠥᠬᠦᠴᠡᠯ᠂ ᠬᠢᠨᠠᠨ ᠵᠥᠪᠰᠢᠶᠡᠷᠡᠬᠦ ᠶᠠᠪᠤᠴᠠ᠂ ᠪᠠᠷᠢᠴᠠᠭᠠᠯᠠᠵᠤ ᠳᠠᠨᠵᠢᠯᠠᠬᠤ ᠪᠠ ᠭᠠᠳᠠᠭᠰᠢ | ᠳᠠᠭᠠᠭᠠᠯᠲᠠ ᠬᠢᠬᠦ᠂ ᠡᠳ᠋ ᠤᠨ ᠶᠠᠪᠤᠳᠠᠯ ᠢ ᠵᠦᠪᠯᠡᠬᠦ ᠵᠡᠷᠭᠡ ᠲᠠᠯ᠎ᠠ ᠪᠠᠷ ᠰᠣᠶᠣᠯ ᠤᠨ ᠠᠵᠤ ᠠᠬᠤᠶᠢᠯᠠᠯ ᠪᠠ ᠲᠥᠷᠥᠯ | ᠵᠦᠢᠯ ᠳᠤ ᠬᠠᠷᠠᠭᠠᠯᠵᠠᠯ ᠪᠤᠯᠤᠨ ᠳᠡᠮᠵᠢᠯᠭᠡ ᠦᠵᠡᠬᠦᠯᠬᠦ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠰᠣᠶᠣᠯ ᠤᠨ ᠠᠵᠤ | ᠠᠬᠤᠶᠢᠯᠠᠯ ᠤᠳ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ᠂ ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ᠂ | ᠳᠤᠮᠳᠠ ᠵᠢᠵᠢᠭ ᠠᠵᠤ ᠠᠬᠤᠶᠢᠯᠠᠯ ᠤᠨ ᠬᠤᠪᠢ ᠪᠠᠷ ᠢᠶᠠᠨ ᠴᠤᠭᠯᠠᠭᠤᠯᠬᠤ ᠵᠢᠭᠡᠯᠡᠯᠭᠡ ᠶᠢᠨ ᠲᠡᠮᠳᠡᠭᠲᠦ᠂ ᠣᠬᠤᠷ | ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ᠂ ᠤᠷᠳᠤᠪᠳᠤᠷ ᠬᠤᠭᠤᠴᠠᠭᠠᠨ ᠤ ᠫᠢᠶᠣᠣ ᠪᠠᠷᠢᠮᠲᠠ | ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠵᠤ ᠰᠢᠭᠤᠳ ᠪᠡᠯᠡ ᠲᠣᠬᠢᠷᠠᠭᠤᠯᠭ᠎ᠠ ᠬᠢᠬᠦ ᠶᠢ ᠳᠡᠮᠵᠢᠬᠦ ᠬᠡᠷᠡᠭᠲᠡᠢ᠃ | ᠮᠥᠩᠭᠦᠨ ᠭᠥᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ ᠤᠳ ᠢ ᠵᠤᠷᠢᠬᠵᠢᠭᠤᠯᠵᠦ ᠲᠥᠭᠰᠢᠭᠦᠷᠢ ᠶᠢ | ᠡᠵᠡᠮᠳᠡᠵᠦ ᠴᠢᠳᠠᠬᠤ᠂ ᠬᠤᠳᠠᠯᠳᠤᠭ᠎ᠠ ᠶᠢ ᠦᠷᠭᠦᠯᠵᠢᠯᠡᠭᠦᠯᠬᠦ ᠵᠠᠷᠴᠢᠮ ᠤᠨ ᠶᠣᠰᠤᠭᠠᠷ ᠭᠠᠳᠠᠭᠠᠳᠤ ᠳᠤ | ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠣᠨᠴᠠᠯᠢᠭ ᠲᠤ ᠲᠣᠬᠢᠷᠠᠬᠤ ᠢᠲᠡᠭᠡᠮᠵᠢᠲᠦ ᠵᠢᠭᠡᠯᠡᠯᠭᠡ ᠶᠢᠨ | ᠨᠡᠷᠡᠳᠬᠦᠨ ᠪᠣᠯᠣᠨ ᠵᠢᠭᠡᠯᠡᠯᠭᠡ ᠶᠢᠨ ᠬᠡᠪ ᠵᠠᠭᠪᠤᠷ ᠢ ᠰᠦᠪᠡᠭᠴᠢᠯᠡᠵᠤ᠂ ᠬᠠᠩᠭᠠᠯᠭ᠎ᠠ ᠶᠢᠨ ᠬᠡᠯᠬᠢᠶᠡᠲᠦ ᠪᠡᠯᠡ | ᠲᠣᠬᠢᠷᠠᠭᠤᠯᠭ᠎ᠠ᠂ ᠭᠠᠳᠠᠭᠠᠳᠤ ᠳᠤ ᠨᠡᠶᠢᠯᠡᠭᠦᠯᠦᠨ ᠬᠤᠳᠠᠯᠳᠤᠨ ᠠᠪᠬᠤ ᠪᠡᠯᠡ ᠲᠣᠬᠢᠷᠠᠭᠤᠯᠭ᠎ᠠ᠂ ᠬᠤᠷᠢᠶᠠᠬᠤ | ᠴᠢᠬᠤᠯᠠᠲᠠᠢ ᠳᠠᠩᠰᠠᠨ ᠵᠣᠭᠤᠰᠤᠨ ᠤ ᠳᠠᠨᠵᠢᠯᠠᠭ᠎ᠠ ᠶᠢᠨ ᠵᠢᠭᠡᠯᠡᠯᠭᠡ᠂ ᠰᠠᠩ ᠬᠦᠮᠦᠷᠭᠡ ᠶᠢᠨ ᠳᠠᠩᠰᠠ ᠶᠢᠨ | ᠳᠠᠨᠵᠢᠯᠠᠭ᠎ᠠ ᠶᠢᠨ ᠵᠢᠭᠡᠯᠡᠯᠭᠡ᠂ ᠪᠡᠯᠡ ᠲᠣᠬᠢᠷᠠᠭᠤᠯᠭ᠎ᠠ ᠪᠠᠷ ᠲᠥᠷᠢᠶᠡᠰᠥᠯᠡᠬᠦ᠂ ᠪᠠᠩᠬᠢ ᠶᠢᠨ ᠪᠦᠯᠦᠭᠯᠡᠯ ᠤᠨ ᠵᠢᠭᠡᠯᠡᠯᠭᠡ᠂ | ᠬᠠᠮᠳᠤᠷᠠᠨ ᠳᠠᠭᠠᠭᠠᠯᠲᠠ ᠬᠢᠬᠦ ᠵᠢᠭᠡᠯᠡᠯᠭᠡ ᠵᠡᠷᠭᠡ ᠲᠤᠬᠠᠶᠢᠯᠠᠭᠰᠠᠨ ᠠᠵᠢᠯ ᠢ ᠦᠷᠨᠢᠭᠦᠯᠬᠦ ᠬᠡᠷᠡᠭᠲᠡᠢ᠃ ︵ᠥᠪᠡᠷᠲᠡᠭᠡᠨ | ᠵᠠᠰᠠᠬᠤ ᠣᠷᠣᠨ ᠤ ᠮᠥᠩᠭᠦᠨ ᠭᠥᠢᠯᠭᠡᠭᠡᠨ ᠤ ᠠᠯᠪᠠᠨ ᠭᠡᠷ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠡᠳ᠋ ᠤᠨ ᠵᠠᠰᠠᠭ ᠤᠨ ᠲᠢᠩᠬᠢᠮ᠂ ᠰᠣᠶᠣᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠨᠢᠨ | ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠦᠬᠡᠬᠤᠲᠠ ᠲᠥᠪ ᠰᠠᠯᠪᠤᠷᠢ | ᠪᠠᠩᠬᠢ ᠠᠴᠠ ᠬᠠᠷᠢᠭᠤᠴᠠᠨ᠎ᠠ︶ | ︵ᠲᠣᠯᠤᠭ᠎ᠠ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠮᠡᠳᠡᠯᠭᠡ ᠶᠢᠨ | ᠪᠦᠳᠦᠭᠡᠭᠳᠡᠬᠦᠨ ᠤ ᠦᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠰᠣᠶᠣᠯ ᠤᠨ ᠠᠵᠤ | ᠠᠬᠤᠶᠢᠯᠠᠯ ᠳᠤ ᠭᠠᠳᠠᠭᠠᠳᠤ ᠶᠢᠨ ᠮᠡᠳᠡᠯᠭᠡ ᠶᠢᠨ ᠪᠥᠳᠥᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ | ᠯᠠᠪᠯᠠᠯᠭ᠎ᠠ ᠶᠢ ᠢᠳᠡᠪᠬᠢᠲᠡᠢ ᠬᠠᠩᠭᠠᠵᠤ᠂ ᠠᠵᠤ ᠠᠬᠤᠶᠢᠯᠠᠯ ᠤᠳ ᠲᠤᠰᠬᠠᠢ ᠠᠰᠢᠭ ᠤᠨ ᠳᠥᠷᠢᠮ ᠢ ᠬᠡᠷᠡᠭᠯᠡᠵᠦ | ᠰᠣᠶᠣᠯ ᠤᠨ ᠪᠥᠳᠥᠭᠡᠯᠴᠢ ᠲᠥᠰᠥᠪᠯᠡᠯ ᠤᠨ ᠦᠢᠯᠡᠳᠬᠦᠨ ᠵᠢᠴᠢ ᠦᠢᠯᠡᠳᠬᠦ ᠠᠷᠭ᠎ᠠ᠂ ᠤᠷᠠᠯᠠᠯ ᠳᠤ ᠬᠠᠮᠠᠭᠠᠯᠠᠯᠲᠠ | ᠬᠢᠬᠦ ᠶᠢ ᠵᠢᠯᠣᠭᠤᠳᠤᠨ ᠳᠡᠮᠵᠢᠵᠤ᠂ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠮᠡᠳᠡᠯᠭᠡ ᠶᠢᠨ | ᠪᠥᠳᠥᠭᠡᠭᠳᠡᠬᠦᠨ ᠤ ᠥᠮᠴᠢᠯᠡᠬᠦ ᠡᠷᠬᠡ ᠶᠢᠨ ᠵᠦᠪᠯᠡᠨ ᠲᠣᠭᠲᠠᠭᠠᠬᠤ ᠠᠵᠢᠯ ᠢ ᠴᠢᠩᠭᠠᠳᠬᠠᠵᠤ᠂ ᠠᠵᠤ | ᠠᠬᠤᠶᠢᠯᠠᠯ ᠤᠳ ᠤᠨ ᠭᠠᠳᠠᠭᠠᠳᠤ ᠳᠤ ᠬᠤᠯᠪᠣᠭᠳᠠᠭᠰᠠᠨ ᠮᠡᠳᠡᠯᠭᠡ ᠶᠢᠨ ᠪᠥᠳᠥᠭᠡᠭᠳᠡᠬᠦᠨ ᠤ ᠥᠮᠴᠢᠯᠡᠬᠦ ᠡᠷᠬᠡ ᠶᠢᠨ | ᠡᠷᠬᠡ ᠠᠰᠢᠭ ᠢᠶᠠᠨ ᠬᠠᠮᠠᠭᠠᠯᠠᠬᠤ ᠠᠵᠢᠯ ᠢ ᠦᠷᠨᠢᠭᠦᠯᠬᠦ ᠶᠢ ᠳᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠰᠣᠶᠣᠯ ᠤᠨ ᠲᠢᠩᠬᠢᠮ᠂ ᠮᠡᠳᠡᠯᠭᠡ ᠶᠢᠨ | ᠪᠥᠳᠥᠭᠡᠭᠳᠡᠬᠦᠨ ᠤ ᠦᠮᠴᠢᠯᠡᠬᠦ ᠡᠷᠬᠡ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠠᠴᠠ | ᠬᠠᠷᠢᠭᠤᠴᠠᠨ᠎ᠠ︶ | ︵ᠨᠠᠢᠮᠠ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠴᠢᠳᠠᠪᠤᠷᠢᠲᠠᠨ ᠢ | ᠬᠦᠮᠦᠵᠢᠭᠦᠯᠬᠦ ᠪᠠ ᠲᠠᠲᠠᠨ ᠣᠷᠤᠭᠤᠯᠬᠤ ᠬᠡᠷᠡᠭᠲᠡᠢ᠃ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ | ᠠᠷᠠᠯᠵᠢᠶ᠎ᠠ ᠶᠢᠨ ᠴᠢᠳᠠᠪᠤᠷᠢᠲᠠᠨ ᠢ ᠬᠦᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠣᠷᠣᠨ ᠤ ᠳᠡᠭᠡᠲᠦ | ᠰᠤᠷᠭᠠᠭᠤᠯᠢ ᠶᠢ ᠵᠣᠷᠢᠬᠵᠢᠭᠤᠯᠵᠤ ᠪᠠᠶᠢᠭᠠᠳ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠯᠤᠭ᠎ᠠ | ᠬᠤᠯᠪᠣᠭᠳᠠᠬᠤ ᠭᠤᠣᠯᠳᠠᠯᠭ᠎ᠠ ᠲᠠᠢ ᠲᠣᠰᠬᠠᠢ ᠮᠡᠷᠭᠡᠵᠢᠯ ᠪᠠ ᠬᠢᠴᠢᠶᠡᠯ ᠲᠥᠷᠥᠯ ᠪᠠᠶᠢᠭᠤᠯᠵᠤ᠂ ᠬᠡᠰᠡᠭ ᠳᠡᠭᠡᠲᠥ | ᠰᠤᠷᠭᠠᠭᠤᠯᠢ ᠨᠤᠭᠤᠳ ᠢ ᠰᠤᠩᠭᠤᠵᠤ ᠰᠣᠶᠣᠯ ᠤᠨ ᠭᠠᠳᠠᠭᠠᠳᠤ ᠳᠤ ᠭᠠᠷᠭᠠᠬᠤ ᠲᠤᠰᠬᠠᠢ ᠴᠢᠳᠠᠪᠤᠷᠢᠲᠠᠨ ᠢ | ᠬᠦᠮᠦᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠣᠯᠭᠠᠵᠤ᠂ ᠨᠢᠭᠡ ᠪᠦᠯᠦᠭ ᠳᠡᠭᠡᠲᠦ ᠳᠠᠪᠬᠤᠷᠠᠭ᠎ᠠ ᠶᠢᠨ ᠲᠤᠰᠬᠠᠢ | ᠮᠡᠷᠭᠡᠵᠢᠯ ᠤᠨ ᠬᠠᠮ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠦᠨ ᠪᠤᠶᠢᠵᠢᠭᠤᠯᠬᠤ ᠬᠡᠷᠡᠭᠲᠡᠢ᠃ ᠭᠠᠳᠠᠭᠠᠳᠤ ᠳᠤ | ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠴᠢᠳᠠᠪᠤᠷᠢᠲᠠᠨ ᠢ ᠲᠠᠲᠠᠨ ᠣᠷᠤᠭᠤᠯᠬᠤ ᠡᠷᠴᠢᠮ ᠢᠶᠠᠨ | ᠴᠢᠩᠭᠠᠷᠠᠭᠤᠯᠵᠦ᠂ ᠰᠣᠶᠣᠯ ᠤᠨ ᠪᠦᠲᠦᠭᠡᠯᠴᠢ ᠲᠦᠰᠦᠪᠯᠡᠯ ᠢ ᠤᠬᠠᠭᠠᠯᠠᠨ ᠰᠡᠲᠥᠬᠦ᠂ ᠵᠢᠷᠤᠭᠯᠠᠨ ᠲᠦᠯᠦᠪᠯᠡᠬᠦ᠂ | ᠰᠣᠶᠣᠯ ᠤᠨ ᠠᠵᠤ ᠦᠢᠯᠡᠰ ᠤᠨ ᠡᠵᠡᠩᠨᠡᠨ ᠬᠠᠮᠢᠶᠠᠷᠬᠤ ᠵᠡᠷᠭᠡ ᠴᠢᠳᠠᠪᠤᠷᠢᠲᠠᠳ ᠮᠠᠨ ᠤ ᠣᠷᠣᠨ ᠳᠤ ᠢᠷᠡᠵᠦ ᠪᠡᠯᠡ | ᠣᠷᠤᠭᠤᠯᠤᠨ ᠠᠳᠠᠯ ᠦᠢᠯᠡᠰ ᠴᠣᠭᠴᠠᠯᠠᠬᠤ ᠶᠢ ᠵᠣᠷᠢᠬᠵᠢᠭᠤᠯᠬᠤ ᠬᠡᠷᠡᠭᠲᠡᠢ᠃ ᠮᠠᠨ ᠤ ᠣᠷᠣᠨ ᠳᠤ ᠢᠷᠡᠵᠦ | ᠭᠠᠳᠠᠭᠠᠳᠣ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠠᠵᠢᠯ ᠢ ᠡᠷᠬᠢᠯᠡᠭᠰᠡᠳ ᠲᠤ᠂ ᠥᠪᠡᠷᠲᠡᠭᠡᠨ | ᠵᠠᠰᠠᠬᠤ ᠣᠷᠣᠨ ᠤ ᠴᠢᠳᠠᠪᠤᠷᠢᠲᠠᠨ ᠢ ᠲᠠᠲᠠᠨ ᠣᠷᠤᠭᠤᠯᠬᠤ ᠬᠠᠮᠢᠶ᠎ᠠ ᠪᠦᠬᠦᠢ ᠲᠣᠭᠲᠠᠭᠠᠯ ᠶᠣᠰᠤᠭᠠᠷ ᠬᠤᠯᠪᠣᠭᠳᠠᠯ | ᠪᠦᠬᠦᠢ ᠬᠠᠷᠠᠭᠠᠯᠵᠠᠯ ᠢ ᠬᠦᠷᠲᠡᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ᠂ | ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠤᠯᠠᠭ᠎ᠠ ᠶᠢᠨ ᠲᠢᠩᠬᠢᠮ᠂ ᠰᠣᠶᠣᠯ ᠤᠨ ᠲᠢᠩᠬᠢᠮ᠂ ᠰᠣᠨᠢᠨ | ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠷᠢᠭᠤᠴᠠᠨ᠎ᠠ︶ | ︵ᠶᠢᠰᠥ︶ ᠲᠤᠮᠳᠠᠲᠤ ᠣᠷᠣᠰ ᠮᠣᠩᠭᠤᠯ ᠤᠨ ᠭᠠᠳᠠᠭᠠᠳᠤ ᠳᠤ ᠬᠠᠨᠳᠤᠭᠤᠯᠤᠬᠰᠠᠨ ᠰᠣᠶᠣᠯ ᠤᠨ | ᠠᠷᠠᠯᠵᠢᠶ᠎ᠠ ᠶᠢᠨ ᠬᠠᠮᠳᠤᠷᠠᠯᠴᠠᠭ᠎ᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠮᠠᠨ ᠤ ᠣᠷᠣᠨ ᠤ ᠬᠥᠷᠰᠢ | ᠵᠡᠷᠭᠡᠯᠡᠳᠡᠭᠡ ᠣᠷᠣᠰ ᠮᠣᠩᠭᠤᠯ ᠬᠤᠶᠠᠷ ᠤᠯᠤᠰ ᠤᠨ ᠳᠠᠪᠠᠭᠤᠯᠢᠭ ᠢ ᠪᠠᠳᠠᠷᠠᠭᠤᠯᠵᠤ᠂ ᠮᠠᠨ ᠤ ᠣᠷᠣᠨ ᠤ ᠭᠤᠣᠯ | ᠵᠠᠭᠤᠴᠢᠯᠠᠭᠤᠷ ᠨᠢ ᠣᠷᠣᠰ ᠤᠨ ᠵᠡᠭᠦᠨ ᠰᠢᠪᠧᠷᠢᠶ᠎ᠠ᠂ ᠠᠯᠤᠰ ᠲᠣᠷᠤᠨᠠᠲᠤ ᠶᠢᠨ ᠭᠠᠵᠠᠷ ᠣᠷᠣᠨ ᠪᠠ ᠮᠣᠩᠭᠤᠯ | ᠤᠯᠤᠰ ᠢ ᠬᠠᠮᠤᠷᠴᠤ ᠪᠦᠷᠬᠦᠬᠦᠯᠬᠦ ᠶᠢ ᠳᠡᠮᠵᠢᠬᠦ ᠬᠡᠷᠡᠭᠲᠡᠢ᠃ ᠳᠠᠭᠠᠭᠤᠯᠢ ᠣᠳᠣᠨ ᠤ ᠳᠠᠪᠲᠠᠮᠵᠢ ᠪᠠᠷ ᠨᠡᠪᠲᠡᠷᠡᠭᠦᠯᠬᠦ᠂ | ᠰᠣᠶᠣᠯ ᠤᠨ ᠰᠣᠯᠢᠯᠴᠠᠭ᠎ᠠ ᠬᠢᠬᠦ᠂ ᠬᠠᠮᠲᠤ ᠪᠠᠷ ᠰᠣᠶᠣᠯ ᠤᠨ ᠠᠷᠠᠯᠵᠢᠶ᠎ᠠ ᠶᠢᠨ ᠦᠵᠡᠭᠦᠯᠦᠯᠭᠡ ᠬᠢᠬᠦ ᠵᠡᠷᠭᠡ ᠬᠡᠯᠪᠡᠷᠢ | ᠮᠠᠶ᠋ᠢᠭ ᠢᠶᠠᠷ ᠳᠠᠮᠵᠢᠵᠤ᠂ ᠮᠠᠨ ᠤ ᠣᠷᠣᠨ ᠪᠣᠯᠣᠨ ᠣᠷᠣᠰ ᠮᠣᠩᠭᠤᠯ ᠬᠤᠶᠠᠷ ᠤᠯᠤᠰ ᠯᠤᠭ᠎ᠠ ᠶᠢᠨ ᠭᠠᠳᠠᠭᠠᠳᠤ ᠳᠤ | ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠬᠠᠮᠳᠤᠷᠠᠯᠴᠠᠭ᠎ᠠ ᠶᠢ ᠠᠬᠢᠭᠤᠯᠵᠤ᠂ ᠭᠠᠳᠠᠭᠠᠳᠤ ᠳᠤ ᠬᠠᠨᠳᠤᠭᠤᠯᠤᠭᠰᠠᠨ | ᠰᠣᠶᠣᠯ ᠤᠨ ᠠᠷᠠᠯᠵᠢᠶ᠎ᠠ ᠶᠢᠨ ᠡᠬᠢ ᠪᠠᠶᠠᠯᠢᠭ ᠢ ᠬᠠᠮᠳᠤᠪᠠᠷ ᠡᠳ᠋ᠯᠡᠬᠦ ᠶᠢ ᠠᠬᠢᠭᠤᠯᠵᠤ᠂ ᠳᠤᠮᠳᠠᠳᠤ ᠣᠷᠣᠰ | ᠮᠣᠩᠭᠤᠯ ᠤᠨ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠬᠠᠮᠳᠤᠷᠠᠯᠴᠠᠭ᠎ᠠ ᠶᠢᠨ ᠬᠢᠷᠢ | ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠭᠠᠳᠠᠭᠠᠳᠤ | ᠶᠠᠪᠤᠳᠠᠯ ᠤᠨ ᠠᠯᠪᠠᠨ ᠭᠡᠷ ᠠᠴᠠ ᠬᠠᠷᠢᠭᠤᠴᠠᠨ᠎ᠠ︶ | ︵ᠠᠷᠪᠠ︶ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠰᠢᠨ᠎ᠡ ᠡᠭᠦᠳᠦᠯᠲᠡ ᠶᠢ | ᠳᠡᠮᠵᠢᠬᠦ ᠬᠡᠷᠡᠭᠲᠡᠢ᠃ ᠲᠥᠷᠥ ᠲᠠᠷᠬᠠᠭᠠᠭᠰᠠᠨ ﹇2014﹈ 13 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ | ᠲᠤᠷᠠᠳᠤᠭᠰᠠᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢᠨ | ᠱᠠᠭᠠᠷᠳᠠᠯᠭ᠎ᠠ ᠶᠢᠨ ᠶᠣᠰᠣᠭᠠᠷ᠂ ᠲᠥᠷᠥ ᠶᠢᠨ ᠬᠤᠯᠪᠣᠭᠳᠠᠯ ᠪᠦᠬᠦᠢ ᠰᠠᠯᠠᠭ᠎ᠠ ᠮᠦᠴᠢᠷ ᠯᠤᠭ᠎ᠠ ᠶᠢᠨ ᠨᠡᠪᠲᠡᠷᠡᠭᠦᠯᠦᠨ | ᠵᠤᠬᠢᠴᠠᠭᠤᠯᠬᠤ ᠪᠠᠨ ᠴᠢᠩᠭᠠᠳᠬᠠᠵᠤ᠂ ᠲᠥᠬᠦᠷ ᠬᠡᠷᠡᠭᠵᠢᠭᠦᠯᠬᠦ ᠨᠠᠷᠢᠨ ᠳᠦᠷᠢᠮ ᠨᠡᠶᠢᠳᠡᠯᠡᠬᠦ ᠶᠢ ᠠᠬᠢᠭᠤᠯᠬᠤ ᠶᠢᠨ | ᠬᠠᠮᠳᠤ ᠮᠠᠨ ᠤ ᠣᠷᠣᠨ ᠳᠠᠭᠠᠨ ᠤᠷᠢᠳᠠᠪᠠᠷ ᠲᠤᠷᠰᠢᠨ ᠬᠡᠷᠡᠭᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠣᠶᠣᠯ ᠤᠨ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ | ᠬᠦᠬᠡᠬᠤᠲᠠ ᠪᠣᠭᠤᠮᠲᠠ ᠠᠴᠠ ᠬᠠᠷᠢᠭᠤᠴᠠᠨ᠎ᠠ︶ | ᠲᠥᠷᠪᠡ᠂ ᠪᠠᠳᠤᠯᠠᠭ᠎ᠠ ᠶᠢᠨ ᠠᠷᠭ᠎ᠠ ᠬᠡᠮᠵᠢᠶ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ | ᠬᠤᠳᠠᠯᠳᠤᠭᠠᠨ ᠤ ᠶᠠᠪᠤᠳᠠᠯ᠂ ᠤᠬᠠᠭᠤᠯᠬᠤ᠂ ᠰᠣᠶᠣᠯ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ᠂ ᠭᠠᠳᠠᠭᠠᠳᠤ | ᠶᠠᠪᠤᠳᠠᠯ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠮᠥᠩᠭᠦᠨ ᠭᠥᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ᠂ | ᠪᠣᠭᠤᠮᠲᠠ᠂ ᠲᠤᠭ᠎ᠠ ᠪᠥᠷᠢᠳᠭᠡᠯ᠂ ᠭᠠᠳᠠᠭᠠᠳᠤ ᠭᠤᠪᠢᠭᠤᠯᠭ᠎ᠠ ᠵᠡᠷᠭᠡ ᠰᠠᠯᠠᠭ᠎ᠠ ᠮᠦᠴᠢᠷ ᠤᠳ ᠢᠶᠠᠷ ᠪᠥᠷᠢᠯᠳᠥᠭᠰᠡᠨ | ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠠᠵᠢᠯ ᠤᠨ ᠬᠠᠷᠢᠯᠴᠠᠬᠤ ᠲᠣᠭᠲᠠᠴᠠ ᠶᠢ | ᠪᠠᠶᠢᠭᠤᠯᠤᠨ ᠪᠥᠷᠢᠨᠰᠢᠭᠦᠯᠵᠦ᠂ ᠨᠢᠭᠡᠳᠦᠯᠲᠡᠢ ᠲᠦᠯᠦᠪᠵᠢᠭᠦᠯᠦᠨ ᠵᠣᠬᠢᠴᠠᠭᠤᠯᠵᠤ᠂ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠬᠠᠮᠢᠶ᠎ᠠ ᠪᠦᠬᠦᠢ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ | ᠬᠦᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠲᠡᠯ ᠢ ᠵᠣᠬᠢᠴᠠᠭᠤᠯᠤᠨ ᠰᠶᠢᠳᠪᠦᠷᠢᠯᠡᠬᠦ | ᠬᠡᠷᠡᠭᠲᠡᠢ᠃ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠤᠭ᠎ᠠ ᠪᠦᠷᠢᠳᠭᠡᠯ ᠤᠨ ᠠᠵᠢᠯ ᠢ | ᠴᠢᠩᠭᠠᠳᠬᠠᠵᠤ᠂ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠲᠤᠭ᠎ᠠ | ᠪᠦᠷᠢᠳᠭᠡᠯ ᠤᠨ ᠰᠢᠰᠲ᠋ᠧᠮᠵᠢ ᠶᠢ ᠪᠠᠶᠢᠭᠤᠯᠤᠨ ᠪᠥᠷᠢᠨᠰᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠡᠯ᠎ᠡ ᠬᠤᠯᠪᠣᠭᠳᠠᠯ ᠪᠥᠬᠦᠢ ᠰᠠᠯᠠᠭ᠎ᠠ ᠮᠦᠴᠢᠷ᠂ ᠨᠢᠭᠡᠴᠡ ᠲᠠᠢ | ᠬᠠᠮᠳᠤᠷᠠᠨ ᠬᠠᠷᠢᠭᠤᠴᠠᠨ᠎ᠠ︶ | ︵ᠬᠤᠶᠠᠷ︶ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ᠃ ᠮᠠᠨ ᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠳᠠᠬᠢ ᠰᠣᠶᠣᠯ ᠤᠨ | ᠠᠵᠤ ᠦᠢᠯᠡᠰ ᠤᠨ ᠬᠦᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠪᠠ ᠭᠠᠳᠠᠭᠠᠳᠤ ᠠᠵᠤ ᠠᠬᠤᠢ | ᠠᠷᠠᠯᠵᠢᠶ᠎ᠠ ᠶᠢᠨ ᠬᠦᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠵᠤ᠂ ᠰᠣᠶᠣᠯ ᠤᠨ ᠪᠦᠳᠦᠭᠡᠭᠳᠡᠬᠦᠨ ᠪᠠ ᠦᠢᠯᠡᠴᠢᠯᠡᠭᠡᠨ ᠢ ᠭᠠᠳᠠᠭᠠᠳᠤ ᠳᠤ ᠭᠠᠷᠭᠠᠬᠤ᠂ ᠬᠢᠯᠢ ᠶᠢᠨ | ᠭᠠᠳᠠᠨ᠎ᠠ ᠪᠡᠯᠡ ᠣᠷᠤᠭᠤᠯᠬᠤ᠂ ᠵᠠᠬ᠎ᠠ ᠳᠡᠯᠭᠡᠭᠦᠷ ᠨᠡᠭᠡᠭᠡᠬᠦ᠂ ᠡᠵᠡᠩᠨᠡᠨ ᠪᠣᠷᠤᠯᠠᠭᠤᠯᠬᠤ ᠵᠠᠮ ᠮᠦᠷ᠂ ᠭᠠᠳᠠᠭᠠᠳᠤ ᠳᠤ | ᠬᠠᠨᠳᠤᠭᠤᠯᠤᠭᠰᠠᠨ ᠰᠣᠶᠣᠯ ᠤᠨ ᠠᠷᠠᠯᠵᠢᠶ᠎ᠠ ᠶᠢᠨ ᠴᠢᠳᠠᠪᠤᠷᠢᠲᠠᠨ ᠬᠦᠮᠦᠵᠢᠭᠦᠯᠬᠦ ᠵᠡᠷᠭᠡ ᠲᠠᠯ᠎ᠠ ᠪᠠᠷ ᠳᠡᠮᠵᠢᠬᠦ ᠬᠡᠷᠡᠭᠲᠡᠢ᠃ | ᠰᠣᠶᠣᠯ ᠤᠨ ᠠᠵᠤ ᠠᠬᠤᠶᠢᠯᠠᠯ ᠤᠳ ᠬᠢᠯᠢ ᠠᠴᠠ ᠭᠠᠷᠴᠤ ᠥᠵᠡᠭᠦᠯᠦᠯᠭᠡ ᠳᠤ ᠣᠷᠣᠯᠴᠠᠬᠤ᠂ ᠬᠤᠳᠠᠯᠳᠤᠭᠠᠨ ᠤ | ᠲᠣᠭᠯᠠᠯᠲᠠ ᠥᠷᠨᠢᠭᠦᠯᠬᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠵᠢᠴᠢ ᠰᠣᠶᠣᠯ ᠤᠨ | ᠪᠦᠳᠦᠭᠡᠭᠳᠡᠬᠦᠨ ᠪᠠ ᠦᠢᠯᠡᠴᠢᠯᠡᠭᠡᠨ ᠢ ᠰᠣᠳᠤᠯᠤᠨ ᠬᠦᠭᠵᠢᠭᠦᠯᠵᠦ ᠰᠢᠨ᠎ᠡ ᠶᠢ ᠡᠭᠦᠳᠬᠦ ᠵᠡᠷᠭᠡ ᠶᠢ ᠦᠷᠨᠢᠭᠦᠯᠬᠦ ᠶᠢ ᠨᠢ | ᠳᠡᠮᠵᠢᠬᠦ ᠬᠡᠷᠡᠭᠲᠡᠢ︔ ᠰᠣᠶᠣᠯ ᠤᠨ ᠠᠵᠤ ᠠᠬᠤᠶᠢᠯᠠᠯ ᠤᠳ ᠣᠯᠠᠨ ᠤᠯᠤᠰ ᠤᠨ ᠬᠠᠮᠢᠶᠠᠷᠤᠯᠲᠠ ᠶᠢᠨ ᠰᠢᠰᠲ᠋ᠧᠮᠵᠢ | ᠶᠢᠨ ᠭᠡᠷᠡᠴᠢᠯᠡᠭᠡ ᠬᠢᠬᠦ᠂ ᠪᠥᠳᠥᠭᠡᠭᠳᠡᠬᠦᠨ ᠤ ᠭᠡᠷᠡᠴᠢᠯᠡᠭᠡ ᠬᠢᠬᠦ᠂ ᠬᠢᠯᠢ ᠶᠢᠨ ᠭᠠᠳᠠᠨᠠᠬᠢ ᠲᠤᠰᠬᠠᠢ ᠠᠰᠢᠭ | ᠭᠤᠶᠤᠴᠢᠯᠠᠬᠤ᠂ ᠬᠢᠯᠢ ᠶᠢᠨ ᠭᠠᠳᠠᠨ᠎ᠠ ᠵᠠᠷ ᠮᠡᠳᠡᠭᠡ ᠶᠢᠨ ᠤᠬᠠᠭᠤᠯᠭ᠎ᠠ ᠬᠢᠬᠦ ᠪᠠ ᠲᠠᠸᠠᠷ ᠤᠨ ᠲᠡᠮᠳᠡᠭ ᠢᠶᠠᠨ | ᠳᠠᠩᠰᠠᠯᠠᠬᠤ᠂ ᠬᠢᠯᠢ ᠶᠢᠨ ᠭᠠᠳᠠᠨ᠎ᠠ ᠮᠡᠷᠭᠡᠵᠢᠯ ᠬᠤᠳᠠᠯᠳᠤᠨ ᠠᠪᠬᠤ ᠵᠡᠷᠭᠡ ᠶᠢ ᠦᠷᠨᠢᠭᠦᠯᠬᠦ ᠳᠤ ᠲᠡᠳᠬᠦᠬᠦ ᠬᠡᠷᠡᠭᠲᠡᠢ᠃ | ᠰᠣᠶᠣᠯ ᠤᠨ ᠠᠵᠤ ᠠᠬᠤᠶᠢᠯᠠᠯ ᠤᠳ ᠤᠯᠤᠰ ᠤᠨ ᠵᠣᠷᠢᠬᠵᠢᠭᠤᠯᠤᠨ ᠬᠦᠭᠵᠢᠭᠦᠯᠬᠦ ᠰᠣᠶᠣᠯ ᠤᠨ ᠲᠥᠷᠥᠯ ᠵᠦᠢᠯ ᠢ | ᠡᠷᠬᠢᠯᠡᠨ ᠬᠢᠵᠦ᠂ ᠥᠪᠡᠷ ᠢᠶᠠᠨ ᠬᠡᠷᠡᠭᠯᠡᠬᠦ ᠪᠦᠭᠡᠳ ᠤᠯᠤᠰ ᠤᠨ ᠳᠣᠲᠣᠭᠠᠳᠤ ᠳᠤ ᠦᠢᠯᠡᠳᠪᠦᠷᠢᠯᠡᠵᠦ ᠲᠡᠶᠢᠯᠬᠦ ᠦᠭᠡᠢ | ᠲᠥᠬᠦᠭᠡᠷᠦᠮᠵᠢ ᠶᠢ ᠭᠠᠳᠠᠭᠠᠳᠤ ᠠᠴᠠ ᠣᠷᠤᠭᠤᠯᠬᠤ᠂ ᠵᠢᠴᠢ ᠭᠡᠷ᠎ᠡ ᠶᠢᠨ ᠲᠣᠭᠲᠠᠭᠠᠯ ᠶᠣᠰᠤᠭᠠᠷ ᠲᠥᠬᠦᠭᠡᠷᠦᠮᠵᠢ ᠳᠤ | ᠳᠠᠭᠠᠯᠳᠤᠭᠤᠯᠤᠨ ᠣᠷᠤᠭᠤᠯᠤᠭᠰᠠᠨ ᠮᠡᠷᠭᠡᠵᠢᠯ ᠵᠢᠴᠢ ᠲᠥᠬᠦᠷ ᠲᠣᠨᠤᠭ᠂ ᠪᠡᠯᠡᠳᠭᠡᠯ ᠲᠣᠨᠤᠭ ᠤᠳ ᠲᠤ ᠲᠥᠷᠥ ᠶᠢᠨ | ᠪᠣᠳᠣᠯᠭ᠎ᠠ ᠶᠢᠨ ᠲᠣᠭᠲᠠᠭᠠᠭᠰᠠᠨ ᠬᠦᠷᠢᠶ᠎ᠡ ᠬᠡᠪᠴᠢᠶᠡᠨ ᠤ ᠳᠣᠲᠣᠷ᠎ᠠ ᠭᠠᠳᠠᠭᠠᠳᠤ ᠠᠴᠠ ᠣᠷᠤᠭᠤᠯᠬᠤ ᠪᠣᠭᠤᠮᠲᠠ ᠶᠢᠨ | ᠭᠠᠶᠢᠯᠢ ᠲᠠᠲᠠᠪᠤᠷᠢᠯᠠᠬᠤ ᠦᠭᠡᠢ᠃ ᠣᠯᠠᠨ ᠤᠯᠤᠰ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢᠨ | ᠦᠷᠲᠡᠭ ᠨᠡᠮᠡᠭᠳᠡᠯ ᠤᠨ ᠭᠠᠶᠢᠯᠢ ᠶᠢᠨ ᠲᠡᠭ ᠭᠠᠶᠢᠯᠢ ᠶᠢᠨ ᠨᠣᠷᠮ᠎ᠠ ᠪᠠ ᠭᠠᠶᠢᠯᠢ ᠠᠴᠠ ᠬᠡᠯᠲᠦᠷᠢᠭᠦᠯᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠳᠡᠰ ᠤᠨ | ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢᠨ ᠵᠢᠱᠢᠶ᠎ᠠ ᠦᠵᠡᠭᠦᠯᠬᠦ ᠬᠤᠲᠠ ᠶᠢᠨ ᠬᠦᠷᠢᠶ᠎ᠠ ᠬᠡᠪᠴᠢᠶᠡᠨ ᠳᠤ | ᠣᠷᠤᠭᠰᠠᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠢ ᠬᠤᠲᠠ ᠨᠤᠭᠤᠳ ᠤᠨ ᠦᠢᠯᠡᠴᠢᠯᠡᠭᠡ ᠶᠢ ᠭᠠᠳᠠᠭᠰᠢ | ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠡᠷᠬᠢᠯᠡᠵᠦ ᠪᠠᠶᠢᠭ᠎ᠠ ᠰᠣᠶᠣᠯ ᠤᠨ ᠠᠵᠤ ᠠᠬᠤᠶᠢᠯᠠᠯ ᠤᠳ ᠨᠢ | ᠲᠡᠷᠢᠭᠦᠨ ᠤ ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠨᠥᠬᠦᠴᠡᠯ ᠳᠤ ᠨᠡᠶᠢᠴᠡᠭᠰᠡᠨ ᠪᠣᠯ᠂ ᠲᠣᠭᠲᠠᠭᠠᠯ | ᠶᠣᠰᠤᠭᠠᠷ ᠬᠠᠮᠢᠶ᠎ᠠ ᠪᠥᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ ᠣᠷᠣᠨ ᠨᠣᠳᠤᠭ ᠤᠨ | ᠭᠠᠶᠢᠯᠢ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ | ᠤᠯᠤᠰ ᠤᠨ ᠭᠠᠶᠢᠯᠢ ᠶᠢᠨ ᠲᠣᠪᠴᠢᠶ᠎ᠠ ᠠᠴᠠ ᠬᠠᠷᠢᠭᠤᠴᠠᠨ᠎ᠠ︶ | ︵ᠭᠤᠷᠪᠠ︶ ᠬᠢᠨᠠᠨ ᠵᠥᠪᠰᠢᠶᠡᠷᠡᠬᠦ ᠭᠠᠷᠳᠠᠮ ᠢ ᠲᠦᠬᠦᠮᠴᠢᠯᠡᠬᠦ ᠬᠡᠷᠡᠭᠲᠡᠢ᠃ ᠲᠥᠪ ᠤᠨ ᠪᠠ ᠮᠠᠨ ᠤ | ᠣᠷᠣᠨ ᠤ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ︶ ᠭᠠᠷᠬᠤ ᠬᠠᠮᠢᠶᠠᠷᠤᠯᠲᠠ ᠶᠢᠨ ᠲᠤᠬᠠᠢ ᠲᠣᠭᠲᠠᠭᠠᠯ ᠢ | ᠦᠨᠳᠦᠰᠦᠯᠡᠨ᠂ ᠰᠣᠶᠣᠯ ᠤᠨ ᠭᠠᠳᠠᠭᠠᠳᠤ ᠠᠷᠠᠯᠵᠢᠶ᠎ᠠ ᠶᠢ ᠡᠷᠬᠢᠯᠡᠵᠦ ᠪᠠᠶᠢᠭ᠎ᠠ ᠨᠠᠶᠢᠷᠠᠭᠤᠯᠤᠨ ᠵᠣᠬᠢᠶᠠᠬᠤ᠂ | ᠲᠣᠭᠯᠠᠯᠲᠠ ᠭᠠᠷᠭᠠᠬᠤ ᠠᠵᠢᠯᠲᠠᠨ᠂ ᠡᠵᠡᠩᠨᠡᠨ ᠪᠣᠷᠤᠯᠠᠭᠤᠯᠬᠤ ᠬᠦᠮᠦᠰ ᠵᠡᠷᠭᠡ ᠶᠢᠨ ᠠᠯᠪᠠᠨ ᠶᠠᠪᠤᠳᠠᠯ ᠢᠶᠠᠷ | ᠭᠠᠳᠠᠭᠠᠳᠤ ᠳᠤ ︵ᠬᠢᠯᠢ︶ ᠭᠠᠷᠬᠤ ᠶᠢ ᠬᠢᠨᠠᠨ ᠵᠦᠪᠰᠢᠶᠡᠷᠡᠬᠦ ᠭᠠᠷᠳᠠᠮ ᠢ ᠲᠦᠬᠦᠮᠴᠢᠯᠡᠵᠦ᠂ ᠬᠢᠨᠠᠨ ᠵᠦᠪᠰᠢᠶᠡᠷᠡᠬᠦ | ᠬᠤᠷᠳᠤᠴᠠ ᠪᠠᠨ ᠲᠦᠷᠭᠡᠳᠭᠡᠬᠦ ᠬᠡᠷᠡᠭᠲᠡᠢ᠃ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠲᠤ ᠬᠠᠨᠳᠤᠭᠤᠯᠤᠭᠰᠠᠨ | ᠭᠠᠳᠠᠭᠠᠳᠤ ᠬᠡᠯᠡᠨ ᠤ ᠬᠡᠪᠯᠡᠭᠳᠡᠬᠦᠨ ᠢ ᠦᠢᠯᠡᠳᠪᠦᠷᠢᠯᠡᠨ ᠪᠣᠷᠤᠯᠠᠭᠤᠯᠬᠤ ᠠᠷᠠᠳ ᠠᠴᠠ ᠡᠵᠡᠩᠨᠡᠭᠰᠡᠨ ᠰᠣᠶᠣᠯ ᠤᠨ | ᠠᠵᠤ ᠠᠬᠤᠶᠢᠯᠠᠯ ᠤᠳ ᠲᠤ ᠵᠦᠪᠰᠢᠶᠡᠷᠡᠯ ᠢᠶᠠᠷ ᠳᠠᠮᠵᠢᠨ ᠲᠤᠰᠬᠠᠢ ᠵᠦᠢᠯ ᠤᠨ ᠬᠡᠪᠯᠡᠯ ᠤᠨ ᠡᠷᠬᠡ ᠣᠯᠭᠤᠵᠤ | ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠂ ᠲᠠᠶᠢᠸᠠᠨ ᠤ ᠠᠵᠢᠯ ᠤᠨ | ᠠᠯᠪᠠᠨ ᠭᠡᠷ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠲᠤᠰ ᠲᠤᠰ ᠬᠠᠷᠢᠭᠤᠴᠠᠨ᠎ᠠ︶ | ︵ᠲᠥᠷᠪᠡ︶ ᠪᠣᠭᠤᠮᠲᠠ ᠪᠠᠷ ᠥᠩᠭᠡᠷᠡᠬᠦ ᠶᠢ ᠳᠦᠭᠦᠮ ᠲᠦᠲᠡ ᠪᠣᠯᠭᠠᠬᠤ ᠠᠷᠭ᠎ᠠ ᠬᠡᠮᠵᠢᠶ᠎ᠡ ᠪᠠᠨ | ᠲᠡᠭᠦᠯᠳᠡᠷᠵᠢᠭᠦᠯᠬᠦ ᠬᠡᠷᠡᠭᠲᠡᠢ᠃ ᠰᠣᠶᠣᠯ ᠤᠨ ᠪᠦᠳᠦᠭᠡᠭᠳᠡᠬᠦᠨ ᠪᠠ ᠦᠢᠯᠡᠴᠢᠯᠡᠭᠡᠨ ᠤ ᠭᠠᠳᠠᠭᠠᠳᠤ ᠭᠠᠷᠭᠠᠯᠳᠠ ᠶᠢᠨ | ᠪᠣᠭᠤᠮᠲᠠ ᠪᠠᠷ ᠥᠩᠭᠡᠷᠡᠬᠦ ᠶᠢ ᠲᠦᠭᠦᠮᠴᠢᠯᠡᠬᠦ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠪᠣᠭᠤᠮᠲᠠ ᠪᠠᠷ ᠥᠩᠭᠡᠷᠡᠬᠦ | ᠦᠷ᠎ᠡ ᠪᠥᠲᠥᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠨᠣᠮ ᠪᠢᠴᠢᠭ᠂ ᠰᠣᠨᠢᠨ᠂ ᠰᠡᠳᠭᠦᠯ ᠵᠡᠷᠭᠡ ᠲᠥᠷᠥᠯ | ᠵᠦᠢᠯ ᠢᠶᠠᠷ ᠣᠯᠠᠨ᠂ ᠬᠤᠭᠤᠴᠠᠭᠠᠲᠤ ᠴᠢᠨᠠᠷ ᠢᠶᠠᠷ ᠴᠢᠩᠭ᠎ᠠ᠂ ᠭᠠᠳᠠᠭᠠᠳᠤ ᠳᠤ ᠣᠯᠠᠨ ᠭᠠᠷᠭᠠᠬᠤ ᠰᠣᠶᠣᠯ ᠤᠨ | ᠪᠦᠳᠦᠭᠡᠭᠳᠡᠬᠦᠨ ᠢ ᠪᠣᠯ ᠪᠣᠭᠤᠮᠲᠠ ᠪᠠᠷ ᠵᠥᠪᠰᠢᠶᠡᠷᠡᠭᠦᠯᠦᠭᠡᠳ ᠲᠦᠪᠯᠡᠷᠡᠭᠦᠯᠦᠨ ᠭᠤᠶᠤᠴᠢᠯᠠᠨ ᠮᠡᠳᠡᠭᠦᠯᠵᠦ | ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ᠃ ᠰᠣᠶᠣᠯ ᠤᠨ ᠪᠦᠳᠦᠭᠡᠭᠳᠡᠬᠦᠨ ᠳᠤ 24 ᠴᠠᠭ ᠤᠨ ᠪᠣᠭᠤᠮᠲᠠ ᠪᠠᠷ | ᠥᠩᠭᠡᠷᠡᠬᠦ ᠪᠣᠯᠵᠣᠯ ᠦᠢᠯᠡᠴᠢᠯᠡᠭᠡ ᠵᠡᠷᠭᠡ ᠲᠥᠭᠦᠮ ᠦᠵᠡᠭᠦᠯᠬᠦ ᠠᠷᠭ᠎ᠠ ᠬᠡᠮᠵᠢᠶ᠎ᠡ ᠬᠠᠩᠭᠠᠬᠤ ᠬᠡᠷᠡᠭᠲᠡᠢ᠃ | ᠰᠣᠶᠣᠯ ᠤᠨ ᠠᠵᠤ ᠠᠬᠤᠶᠢᠯᠠᠯ ᠤᠨ ᠬᠢᠯᠢ ᠠᠴᠠ ᠭᠠᠷᠴᠤ ᠲᠣᠭᠯᠠᠯᠲᠠ ᠭᠠᠷᠭᠠᠬᠤ᠂ ᠦᠵᠡᠭᠦᠯᠦᠯᠭᠡ ᠬᠢᠬᠦ᠂ ᠺᠢᠨᠣ᠋ | ᠲᠧᠯᠸᠢᠰ ᠤᠨ ᠫᠷᠦᠭᠷᠡᠮ ᠦᠢᠯᠡᠳᠬᠦ ᠪᠠ ᠰᠡᠭᠦᠯᠴᠢ ᠶᠢᠨ ᠬᠤᠭᠤᠴᠠᠭᠠᠨ ᠤ ᠦᠢᠯᠡᠳᠬᠦ ᠵᠡᠷᠭᠡ ᠬᠡᠷᠡᠭᠴᠡᠭᠡ ᠠᠴᠠ ᠲᠦᠷ | ᠴᠠᠭ ᠬᠢᠯᠢ ᠪᠠᠷ ᠣᠷᠤᠭᠤᠯᠵᠤ ᠭᠠᠷᠭᠠᠬᠤ ᠡᠳ᠋ ᠪᠠᠷᠠᠭ᠎ᠠ ᠶᠢ ᠲᠣᠭᠲᠠᠭᠠᠯ ᠶᠣᠰᠤᠭᠠᠷ ᠲᠥᠷᠭᠡᠨ ᠰᠢᠯᠭᠠᠨ ᠪᠠᠶᠢᠴᠠᠭᠠᠵᠤ | ᠶᠠᠪᠤᠭᠤᠯᠬᠤ ᠬᠡᠷᠡᠭᠲᠡᠢ᠃ ᠲᠦᠷ ᠴᠠᠭ ᠬᠢᠯᠢ ᠪᠠᠷ ᠭᠠᠷᠬᠤ ᠡᠳ᠋ ᠪᠠᠷᠠᠭ᠎ᠠ ᠳᠤ ᠭᠠᠶᠢᠯᠢ ᠠᠴᠠ ᠬᠡᠯᠳᠦᠷᠢᠭᠦᠯᠬᠦ ᠶᠢ ᠲᠦᠷ | ᠵᠦᠪᠰᠢᠶᠡᠷᠡᠭᠰᠡᠨ ᠭᠠᠳᠠᠭᠠᠳᠤ ᠠᠴᠠ ᠣᠷᠤᠭᠤᠯᠬᠤ ᠬᠠᠭᠤᠳᠠᠰᠤᠳᠤ ᠬᠡᠷᠡᠴᠢᠯᠡᠭᠡ ᠶᠢᠨ ᠪᠢᠴᠢᠭ ︵ATA | ᠬᠠᠭᠤᠳᠠᠰᠤᠳᠤ ᠬᠡᠷᠡᠴᠢᠯᠡᠭᠡ ᠶᠢᠨ ᠪᠢᠴᠢᠭ︶ ᠢ ᠬᠡᠷᠡᠭᠯᠡᠵᠦ ᠪᠣᠭᠤᠮᠲᠠ ᠳᠤ ᠭᠤᠶᠤᠴᠢᠯᠠᠨ ᠮᠡᠳᠡᠭᠦᠯᠦᠭᠰᠡᠨ ᠪᠣᠯ | ᠪᠣᠭᠤᠮᠲᠠ ᠳᠤ ᠪᠣᠰᠣᠳ ᠲᠠᠯ᠎ᠠ ᠶᠢᠨ ᠳᠠᠭᠠᠭᠠᠯᠲᠠ ᠬᠠᠩᠭᠠᠬᠤ ᠠᠴᠠ ᠬᠡᠯᠳᠦᠷᠢᠭᠦᠯᠬᠦ ᠬᠡᠷᠡᠭᠲᠡᠢ᠃ ︵ᠬᠥᠬᠡᠬᠤᠲᠠ | ᠪᠣᠭᠤᠮᠲᠠ᠂ ᠮᠠᠨᠵᠤᠤᠷ ᠪᠣᠭᠤᠮᠲᠠ ᠠᠴᠠ ᠬᠠᠷᠢᠭᠤᠴᠠᠨ᠎ᠠ︶ | ︵ᠲᠠᠪᠤ︶ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢ ᠳᠦᠭᠦᠮ ᠲᠦᠲᠡ ᠪᠣᠯᠭᠠᠬᠤ ᠶᠢ ᠠᠬᠢᠭᠤᠯᠬᠤ | ᠬᠡᠷᠡᠭᠲᠡᠢ᠃ ᠰᠣᠶᠣᠯ ᠤᠨ ᠠᠷᠠᠯᠵᠢᠶ᠎ᠠ ᠶᠢᠨ ᠪᠡᠯᠡ ᠣᠷᠤᠭᠤᠯᠤᠯᠲᠠ ᠳᠠᠬᠢ ᠭᠠᠳᠠᠭᠠᠳᠤ ᠭᠤᠪᠢᠭᠤᠯᠭ᠎ᠠ ᠶᠢᠨ | ᠬᠠᠮᠢᠶᠠᠷᠤᠯᠲᠠ ᠶᠢ ᠳᠥᠭᠦᠮ ᠲᠥᠲᠡ ᠪᠣᠯᠭᠠᠬᠤ ᠶᠢ ᠠᠬᠢᠭᠤᠯᠵᠤ᠂ ᠰᠣᠶᠣᠯ ᠤᠨ ᠭᠠᠳᠠᠭᠠᠳᠤ ᠳᠤ ᠭᠠᠷᠭᠠᠬᠤ ᠬᠢᠯᠢ | ᠠᠯᠤᠰᠯᠠᠨ ᠥᠭᠴᠦ ᠠᠪᠬᠤ ᠪᠠ ᠭᠤᠪᠢᠭᠤᠯᠭ᠎ᠠ ᠶᠢᠨ ᠰᠠᠭᠠᠳ ᠦᠭᠡᠢ ᠪᠠᠶᠢᠬᠤ ᠶᠢ ᠦᠨᠡᠨᠬᠦ ᠪᠠᠳᠤᠯᠠᠵᠤ᠂ ᠰᠣᠶᠣᠯ ᠤᠨ | ᠠᠵᠤ ᠠᠬᠤᠶᠢᠯᠠᠯ ᠤᠨ ᠭᠠᠳᠠᠭᠠᠳᠤ ᠠᠴᠠ ᠣᠷᠤᠭᠤᠯᠬᠤ ᠭᠠᠳᠠᠭᠠᠳᠤ ᠳᠤ ᠭᠠᠷᠭᠠᠬᠤ ᠪᠠ ᠬᠢᠯᠢ ᠠᠯᠤᠰᠯᠠᠭᠰᠠᠨ ᠪᠡᠯᠡ | ᠣᠷᠤᠭᠤᠯᠤᠯᠲᠠ ᠳᠤ ᠬᠡᠷᠡᠭᠯᠡᠬᠦ ᠭᠤᠪᠢᠭᠤᠯᠭ᠎ᠠ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠰᠣᠶᠣᠯ ᠤᠨ ᠠᠵᠤ | ᠠᠬᠤᠶᠢᠯᠠᠯ ᠤᠳ ᠭᠠᠳᠠᠭᠠᠳᠤ ᠳᠤ ᠭᠠᠷᠭᠠᠭᠰᠠᠨ ᠣᠷᠣᠯᠭ᠎ᠠ ᠪᠠᠨ ᠬᠢᠯᠢ ᠶᠢᠨ ᠭᠠᠳᠠᠨ᠎ᠠ ᠬᠠᠳᠠᠭᠠᠯᠠᠨ ᠲᠠᠯᠪᠢᠬᠤ ᠵᠡᠷᠭᠡ | ᠠᠷᠭ᠎ᠠ ᠮᠠᠶ᠋ᠢᠭ ᠢ ᠠᠪᠴᠤ ᠭᠠᠳᠠᠭᠠᠳᠤ ᠭᠤᠪᠢᠭᠤᠯᠭ᠎ᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠪᠥᠳᠥᠮᠵᠢ ᠪᠠᠨ ᠳᠡᠭᠡᠭᠰᠢᠯᠡᠭᠦᠯᠬᠦ ᠶᠢ ᠳᠡᠮᠵᠢᠬᠦ ᠬᠡᠷᠡᠭᠲᠡᠢ᠃ ᠬᠢᠯᠢ ᠠᠯᠤᠰᠯᠠᠭᠰᠠᠨ ᠠᠷᠠᠳ ᠤᠨ ᠵᠣᠭᠤᠰ ᠤᠨ ᠳ᠋ᠦᠩᠨᠡᠨ | ᠪᠣᠳᠣᠬᠤ ᠲᠤᠬᠠᠶᠢᠯᠠᠭᠰᠠᠨ ᠠᠵᠢᠯ ᠤᠨ ᠶᠠᠪᠤᠴᠠ ᠶᠢ ᠲᠦᠬᠦᠮᠴᠢᠯᠡᠵᠦ᠂ ᠳ᠋ᠦᠩᠨᠡᠨ ᠪᠣᠳᠣᠬᠤ ᠳᠤ ᠳᠥᠭᠦᠮ | ᠦᠵᠡᠭᠦᠯᠵᠤ᠂ ᠭᠤᠪᠢᠭᠤᠯᠤᠮᠵᠢ ᠶᠢᠨ ᠲᠦᠭᠰᠢᠭᠦᠷᠢ ᠶᠢ ᠪᠠᠭᠤᠷᠠᠭᠤᠯᠬᠤ ᠬᠡᠷᠡᠭᠲᠡᠢ᠃ ᠬᠢᠯᠢ ᠶᠢᠨ ᠳᠣᠲᠤᠷᠠᠬᠢ ᠮᠥᠩᠭᠦᠨ | ᠭᠥᠢᠯᠭᠡᠭᠡᠨ ᠤ ᠪᠠᠶᠢᠭᠤᠯᠤᠮᠵᠢ ᠨᠤᠭᠤᠳ ᠬᠢᠯᠢ ᠶᠢᠨ ᠭᠠᠳᠠᠨᠠᠬᠢ ᠲᠦᠷᠦᠯ ᠵᠦᠢᠯ ᠤᠨ ᠠᠷᠠᠳ ᠤᠨ ᠵᠣᠭᠤᠰ ᠤᠨ | ᠵᠢᠭᠡᠯᠡᠯᠭᠡ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠬᠵᠢᠭᠤᠯᠵᠤ᠂ ᠨᠥᠬᠦᠴᠡᠯ ᠳᠤ ᠵᠣᠬᠢᠴᠠᠭᠰᠠᠨ | ᠰᠣᠶᠣᠯ ᠤᠨ ᠠᠵᠤ ᠠᠬᠤᠶᠢᠯᠠᠯ ᠤᠳ ᠬᠢᠯᠢ ᠶᠢᠨ ᠭᠠᠳᠠᠨ᠎ᠠ ᠪᠡᠯᠡ ᠣᠷᠤᠭᠤᠯᠬᠤ ᠠᠵᠢᠯ ᠢ ᠡᠷᠬᠢᠯᠡᠨ ᠬᠢᠬᠦ ᠪᠠ | ᠬᠢᠯᠢ ᠶᠢᠨ ᠭᠠᠳᠠᠨ᠎ᠠ ᠵᠣᠭᠤᠰ ᠵᠢᠭᠡᠯᠡᠭᠦᠯᠬᠦ ᠲᠤᠬᠠᠶᠢᠯᠠᠭᠰᠠᠨ ᠠᠵᠢᠯ ᠦᠷᠨᠢᠭᠦᠯᠬᠦ ᠶᠢ ᠳᠡᠮᠵᠢᠬᠦ ᠬᠡᠷᠡᠭᠲᠡᠢ᠃ ︵ᠥᠪᠥᠷ | ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶ | ︵ᠵᠢᠷᠭᠤᠭ᠎ᠠ︶ ᠢᠲᠡᠭᠡᠮᠵᠢ ᠶᠢᠨ ᠳᠠᠭᠠᠭᠠᠯᠲᠠᠳᠤ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ | ᠳᠠᠭᠠᠳᠬᠠᠯ ᠤᠨ ᠪᠠᠶᠢᠭᠤᠯᠤᠮᠵᠢ ᠶᠢᠨ ᠳᠠᠭᠠᠳᠬᠠᠯ ᠤᠨ ᠲᠥᠷᠥᠯ ᠵᠦᠢᠯ ᠪᠠ ᠲᠤᠬᠠᠶᠢᠯᠠᠭᠰᠠᠨ ᠠᠵᠢᠯ ᠳᠤ ᠰᠢᠨ᠎ᠡ ᠶᠢ | ᠡᠭᠦᠳᠴᠦ᠂ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ ᠶᠢᠨ ᠡᠷᠬᠡ ᠳᠤ ᠬᠠᠯᠳᠠᠭᠰᠠᠨ ᠳᠠᠭᠠᠳᠬᠠᠯ᠂ ᠤᠷᠠᠨ | ᠲᠣᠭᠯᠠᠯᠲᠠ᠂ ᠦᠵᠡᠭᠦᠯᠦᠯᠭᠡ᠂ ᠺᠠᠷᠲ᠋ᠤᠨ ᠵᠢᠷᠤᠭ ᠤᠨ ᠲᠣᠭᠯᠠᠭᠠᠮ᠂ ᠬᠡᠪᠯᠡᠭᠳᠡᠬᠦᠨ ᠤ ᠳᠠᠷᠤᠮᠠᠯᠯᠠᠵᠤ ᠳᠠᠬᠢᠨ | ᠪᠠᠭᠤᠯᠭᠠᠨ ᠲᠠᠷᠬᠠᠭᠠᠬᠤ ᠪᠠ ᠷᠠᠳᠢᠣ᠋ ᠺᠢᠨᠣ᠋ ᠲᠧᠯᠸᠢᠰ ᠤᠨ ᠪᠦᠳᠦᠭᠡᠭᠳᠡᠬᠦᠨ ᠤ ᠪᠡᠶᠡᠯᠡᠭᠦᠯᠦᠭᠰᠡᠨ ᠳᠠᠭᠠᠳᠬᠠᠯ ᠪᠠ | ᠬᠤᠬᠢᠷᠠᠯ ᠤᠨ ᠳᠠᠭᠠᠳᠬᠠᠯ᠂ ᠪᠥᠯᠬᠦᠮ ᠤᠨ ᠰᠠᠨᠠᠭᠠᠨ ᠳᠤ ᠦᠭᠡᠢ ᠰᠢᠷᠬᠠᠳᠤᠯ ᠤᠨ ᠳᠠᠭᠠᠳᠬᠠᠯ᠂ ᠣᠨᠴᠠ | ᠲᠣᠭᠲᠠᠭᠰᠠᠨ ᠲᠣᠭᠯᠠᠭᠴᠢᠳ ᠤᠨ ᠬᠦᠮᠦᠨ ᠤ ᠪᠡᠶ᠎ᠡ ᠮᠠᠬᠠᠪᠣᠳ ᠤᠨ ᠰᠠᠨᠠᠭᠠᠨ ᠳᠤ ᠦᠭᠡᠢ ᠰᠢᠷᠬᠠᠳᠤᠯ ᠤᠨ | ᠳᠠᠭᠠᠳᠬᠠᠯ ᠵᠡᠷᠭᠡ ᠰᠢᠨ᠎ᠡ ᠮᠠᠶ᠋ᠢᠭ ᠤᠨ ᠳᠠᠭᠠᠳᠬᠠᠯ ᠤᠨ ᠲᠥᠷᠥᠯ ᠪᠣᠯᠣᠨ ᠲᠤᠬᠠᠶᠢᠯᠠᠭᠰᠠᠨ ᠠᠵᠢᠯ ᠤᠳ ᠢ ᠡᠷᠬᠢᠯᠡᠨ | ᠬᠢᠬᠦ ᠶᠢ ᠵᠣᠷᠢᠬᠵᠢᠭᠤᠯᠵᠤ᠂ ᠰᠣᠶᠣᠯ ᠤᠨ ᠠᠵᠤ ᠠᠬᠤᠶᠢᠯᠠᠯ ᠪᠠ ᠲᠥᠷᠥᠯ ᠵᠦᠢᠯ ᠳᠤ ᠭᠠᠳᠠᠭᠠᠳᠤ ᠭᠠᠷᠭᠠᠯᠳᠠ ᠶᠢᠨ | ᠢᠳᠡᠬᠡᠮᠵᠢᠳᠤ ᠳᠠᠭᠠᠳᠬᠠᠯ ᠤᠨ ᠦᠢᠯᠡᠴᠢᠯᠡᠭᠡ᠂ ᠳᠠᠭᠠᠳᠬᠠᠯ ᠤᠨ ᠬᠠᠭᠤᠳᠠᠰᠤ ᠶᠢᠨ ᠪᠡᠯᠡ ᠲᠣᠬᠢᠷᠠᠭᠤᠯᠭ᠎ᠠ ᠶᠢᠨ | ᠦᠢᠯᠡᠴᠢᠯᠡᠭᠡ ᠵᠡᠷᠭᠡ ᠶᠢ ᠬᠠᠩᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ | ᠲᠣᠪᠴᠢᠶ᠎ᠠ᠂ ᠥᠪᠥᠷ ᠮᠣᠩᠭᠤᠯ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠳᠠᠭᠠᠳᠤ ᠳᠤ | ᠭᠠᠷᠭᠠᠬᠤ ᠢᠲᠡᠭᠡᠮᠵᠢᠲᠦ ᠳᠠᠭᠠᠳᠬᠠᠯ ᠤᠨ ᠥᠪᠥᠷ ᠮᠣᠩᠭᠤᠯ ᠤᠨ ᠲᠤᠰᠬᠠᠢ ᠠᠵᠢᠯ ᠤᠨ ᠠᠯᠪᠠᠨ ᠭᠡᠷ ᠠᠴᠠ | ᠬᠠᠷᠢᠭᠤᠴᠠᠨ᠎ᠠ︶ | |