ᠭᠤᠷᠪᠠᠳᠤᠭᠠᠷ ᠬᠤᠭᠤᠴᠠᠭᠠᠨ ᠤ ᠣᠷᠳᠣᠰ ᠤᠨ ᠣᠯᠠᠨ ᠣᠯᠣᠰ ᠤᠨ ᠨᠠᠭᠠᠳᠤᠮ ᠵᠢᠴᠢ ᠠᠩᠬᠠᠳᠤᠭᠠᠷ ᠬᠤᠭᠤᠴᠠᠭᠠᠨ ᠤ ᠣᠷᠳᠣᠰ ᠤᠨ ᠣᠯᠠᠨ ᠣᠯᠣᠰ ᠤᠨ ᠪᠥᠲᠦᠭᠡᠯᠴᠢ ᠰᠣᠶᠣᠯ ᠤᠨ ᠴᠣᠭᠯᠠᠭᠠᠨ ᠤ ᠲᠥᠪᠯᠡᠷᠡᠭᠰᠡᠨ ᠠᠵᠢᠯᠯᠠᠭ᠎ᠠ ᠥᠪᠡᠲᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2016/8/23
     8 ᠳ᠋ᠤᠭᠠᠷ ᠰᠠᠷ᠎ᠠ ᠶᠢᠨ 22᠎ ᠤᠨ ᠤᠷᠤᠢ᠂ ᠭᠤᠷᠪᠠᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠠᠭᠠᠳᠤᠮ ᠵᠢᠴᠢ ᠠᠩᠬᠠᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠪᠦᠳᠦᠭᠡᠯᠴᠢ ᠰᠤᠶᠤᠯ ᠤᠨ ᠴᠤᠭᠯᠠᠭᠠᠨ ᠤ ᠲᠦᠪᠯᠡᠷᠡᠭᠰᠡᠨ ᠠᠵᠢᠯᠯᠠᠭ᠎ᠠ ᠤᠷᠳᠤᠰ ᠬᠤᠳᠠ ᠶᠢᠨ ᠪᠠᠶ᠎ᠠ ᠶᠢᠨ ᠳᠠᠮᠢᠷ ᠤᠨ ᠲᠦᠪ ᠲᠤ ᠦᠪᠡᠳᠡᠭᠰᠢ ᠶᠡᠬᠡᠪᠡᠷ ᠡᠬᠢᠯᠡᠪᠡ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠤᠷᠴᠠ᠂ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠯᠢᠦ ᠰᠢᠨ ᠯᠧ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠳᠡᠷᠢᠭᠦᠯᠡᠭᠴᠢ ᠯᠦᠸᠧ ᡁᠢ ᠬᠤ᠋ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠲᠤᠰᠬᠠᠢ ᠲᠤᠰᠢᠶᠠᠯᠳᠤ ᠬᠡᠰᠢᠭᠦᠨ ᠭᠤᠸᠠᠨ ᠫᠸᠢ ᠵᠢᠶᠥ᠋ᠨ ᠲᠦᠪᠯᠡᠷᠡᠭᠰᠡᠨ ᠠᠵᠢᠯᠯᠠᠭ᠎ᠠ ᠡᠬᠢᠯᠡᠭᠰᠡᠨ ᠢ ᠵᠠᠷᠯᠠᠵᠠᠢ᠃      ᠭᠤᠷᠪᠠᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠠᠭᠠᠳᠤᠮ ᠵᠢᠴᠢ ᠠᠩᠬᠠᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠪᠦᠳᠦᠭᠡᠯᠴᠢ ᠰᠤᠶᠤᠯ ᠤᠨ ᠴᠤᠭᠯᠠᠭᠠᠨ ᠤ ᠲᠦᠪᠯᠡᠷᠡᠭᠰᠡᠨ ᠠᠵᠢᠯᠯᠠᠭ᠎ᠠ ᠶᠢ ᠤᠯᠤᠰ ᠤᠨ ᠪᠠᠶ᠎ᠠ ᠶᠢᠨ ᠲᠠᠮᠢᠷ ᠤᠨ ᠶᠡᠷᠦᠩᠬᠡᠢ ᠲᠤᠪᠴᠢᠶ᠎ᠠ᠂ ᠰᠤᠶᠤᠯ ᠤᠨ ᠶᠠᠮᠤᠨ᠂ ᠤᠯᠤᠰ ᠤᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠪᠡ᠃      ᠭᠤᠷᠪᠠᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠠᠭᠠᠳᠤᠮ ᠨᠢ ︽ᠲᠦᠷᠪᠡᠨ ᠤᠯᠠᠷᠢᠯ ᠤᠨ ᠪᠠᠶᠠᠰᠬᠤᠯᠠᠩᠳᠤ ᠨᠠᠭᠠᠳᠤᠮ︾᠎ ᠢᠶᠠᠷ ᠭᠤᠤᠯ ᠰᠡᠳᠦᠪ ᠢᠶᠠᠨ ᠪᠤᠯᠭᠠᠵᠤ᠂ ᠪᠦᠬᠡ ᠪᠠᠷᠢᠯᠳᠤᠬᠤ᠂ ᠮᠤᠷᠢ ᠤᠷᠤᠯᠳᠤᠬᠤ᠂ ᠰᠤᠷ ᠬᠠᠷᠪᠤᠬᠤ ᠵᠡᠷᠭᠡ ᠡᠷ᠎ᠡ ᠶᠢᠨ ᠭᠤᠷᠪᠠᠨ ᠨᠠᠭᠠᠳᠤᠮ ᠠᠴᠠ ᠭᠠᠳᠠᠨ᠎ᠠ ᠰᠢᠳᠠᠷ᠎ᠠ ᠤᠷᠤᠯᠳᠤᠬᠤ᠂ ᠡᠯᠡᠰᠦᠨ ᠳᠤ ᠬᠦᠯ ᠪᠦᠮᠪᠦᠭᠡ ᠤᠷᠤᠯᠳᠤᠬᠤ ᠵᠡᠷᠭᠡ ᠤᠨᠴᠠᠯᠢᠭᠳᠤ ᠤᠷᠤᠯᠳᠤᠭᠠᠨ ᠢ ᠲᠤᠬᠢᠷᠠᠭᠤᠯᠤᠨ᠂ ᠤᠷᠤᠰ᠂ ᠠᠮᠧᠷᠢᠺᠠ᠂ ᠶᠠᠫᠤᠨ ᠵᠡᠷᠭᠡ ᠤᠯᠤᠰ ᠬᠢᠭᠡᠳ ᠪᠦᠬᠦ ᠤᠯᠤᠰ ᠤᠨ ᠡᠯ᠎ᠡ ᠭᠠᠵᠠᠷ ᠤᠷᠤᠨ ᠠᠴᠠ ᠬᠦᠷᠦᠯᠴᠡᠨ ᠢᠷᠡᠭᠰᠡᠨ 50 ᠲᠦᠯᠦᠭᠡᠯᠡᠭᠴᠢᠳ ᠤᠨ ᠪᠦᠯᠬᠦᠮ ᠤᠨ 2514 ᠳᠠᠮᠢᠷᠴᠢᠨ ᠤᠷᠤᠯᠴᠠᠬᠤ ᠪᠤᠯᠤᠨ᠎ᠠ᠃ ᠠᠩᠬᠠᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠪᠦᠳᠦᠭᠡᠯᠴᠢ ᠰᠤᠶᠤᠯ ᠤᠨ ᠴᠤᠭᠯᠠᠭᠠᠨ ᠨᠢ ︽ᠤᠶᠤᠨ ᠤᠬᠠᠭᠠᠨ ᠢᠶᠠᠨ ᠪᠠᠳᠠᠷᠠᠭᠤᠯᠤᠨ ᠢᠷᠡᠭᠡᠳᠦᠢ ᠪᠠᠨ ᠬᠠᠮᠳᠤᠪᠠᠷ ᠴᠤᠭᠴᠠᠯᠠᠶ᠎ᠠ︾ ᠭᠡᠬᠦ ᠭᠤᠤᠯ ᠰᠡᠳᠦᠪ ᠤᠨ ᠲᠤᠭᠤᠷᠢᠨ ᠳᠤ ᠶᠠᠷᠢᠶᠠᠨ ᠤ ᠳᠠᠪᠴᠠᠩ᠂ ᠪᠦᠳᠦᠭᠡᠯᠴᠢ ᠲᠦᠰᠦᠪ ᠤᠨ ᠤᠷᠤᠯᠳᠤᠭᠠᠨ᠂ ᠰᠢᠨ᠎ᠡ ᠶᠢ ᠡᠭᠦᠳᠬᠦ ᠤᠷᠤᠯᠳᠤᠭᠠᠨ ᠵᠡᠷᠭᠡ ᠠᠵᠢᠯᠯᠠᠭ᠎ᠠ ᠶᠢ ᠶᠠᠪᠤᠭᠳᠠᠭᠤᠯᠬᠤ ᠪᠤᠯᠤᠨ᠎ᠠ᠃ 8 ᠳ᠋ᠤᠭᠠᠷ ᠰᠠᠷ᠎ᠠ ᠶᠢᠨ 22᠎ ᠠᠴᠠ 27᠎ ᠤ ᠡᠳᠤᠷ ᠪᠤᠯᠳᠠᠯ᠎ᠠ᠂ ᠡᠯ᠎ᠡ ᠲᠦᠷᠦᠯ ᠤᠨ ᠳᠠᠮᠢᠷ ᠤᠨ ᠤᠷᠤᠯᠳᠤᠭᠠᠨ ᠵᠢᠴᠢ ᠪᠦᠳᠦᠭᠡᠯᠴᠢ ᠰᠤᠶᠤᠯ ᠤᠨ ᠠᠵᠢᠯᠯᠠᠭ᠎ᠠ ᠨᠤᠭᠤᠳ ᠨᠢ ᠪᠤᠬᠢᠷᠳᠤᠯ ᠦᠭᠡᠢ᠂ ᠴᠠᠭ ᠤᠨ ᠦᠩᠭᠡ ᠲᠠᠢ᠂ ᠳᠠᠩᠰᠤᠭ ᠰᠠᠶᠢᠬᠠᠨ ᠤᠷᠳᠤᠰ ᠢ ᠳᠡᠯᠡᠭᠡᠢ ᠳᠠᠬᠢᠨ᠎ᠠ ᠬᠠᠷᠠᠭᠤᠯᠬᠤ ᠪᠤᠯᠤᠨ᠎ᠠ᠃ ᠲᠦᠪᠯᠡᠷᠡᠭᠰᠡᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠤᠨ ᠤᠷᠠᠨ ᠰᠠᠶᠢᠬᠠᠨ ᠤ ᠲᠤᠭᠯᠠᠯᠳᠠ 5 ᠪᠦᠯᠦᠭ ᠬᠤᠪᠢᠶᠠᠭᠳᠠᠨ ᠶᠠᠪᠤᠭᠳᠠᠵᠤ᠂ ᠪᠦᠬᠦ᠋ᠢᠯᠡ ᠦᠳᠡᠰᠢᠯᠡᠭᠡ ᠨᠢ ᠤᠷᠳᠤᠰ ᠤᠨ ᠰᠤᠩᠭᠤᠳᠠᠭ ᠠᠷᠠᠳ ᠤᠨ ᠲᠠᠭᠤᠤ ᠪᠦᠵᠢᠭ ᠢᠶᠠᠷ ᠭᠤᠤᠯ ᠰᠢᠵᠢᠮ ᠪᠤᠯᠭᠠᠨ ᠤᠷᠳᠤᠰ ᠤᠨ ᠦᠨᠳᠤᠰᠤᠳᠡᠨ ᠤ ᠰᠤᠶᠤᠯ ᠤᠨ ᠷᠢᠳᠢ ᠰᠢᠳᠢ ᠶᠢ ᠲᠦᠪᠯᠡᠷᠡᠬᠦᠯᠦᠨ ᠲᠠᠯᠬᠡᠵᠤ᠂ ᠦᠨᠳᠤᠰᠤᠳᠡᠨ ᠤ ᠪᠦᠯᠬᠦᠮᠳᠡᠯ ᠪᠣᠯᠣᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠬᠦᠭ ᠠᠶᠠᠰ ᠢ ᠴᠢᠪᠬᠠᠳᠠᠵᠠᠢ᠃ ᠨᠠᠷᠠᠳᠤ ᠤᠷᠠᠯᠢᠬᠴᠢᠨ ᠲᠡᠭᠷᠢ᠂ HAYA ᠬᠠᠮᠳᠤᠯᠢᠭ᠂ ᠤᠯᠠᠭᠠᠨᠳᠤᠶᠠᠭ᠎ᠠ᠂ ᠬᠦᠰᠡᠯᠡᠩ ᠨᠠᠷ ᠠᠬᠤᠢ ᠲᠠᠯᠠᠪᠠᠢ ᠳᠤ ᠰᠠᠭᠠᠳᠠᠨ ᠦᠳᠡᠰᠢᠯᠡᠭᠡ ᠳᠤ ᠬᠦᠭ ᠨᠡᠮᠡᠭᠰᠡᠨ ᠪᠠᠶᠢᠨ᠎ᠠ᠃      ᠭᠤᠷᠪᠠᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠨᠠᠭᠠᠳᠤᠮ ᠵᠢᠴᠢ ᠠᠩᠬᠠᠳᠤᠭᠠᠷ ᠬᠤᠭᠤᠴᠠᠭᠠᠨ ᠤ ᠤᠷᠳᠤᠰ ᠤᠨ ᠤᠯᠠᠨ ᠤᠯᠤᠰ ᠤᠨ ᠪᠦᠳᠦᠭᠡᠯᠴᠢ ᠰᠤᠶᠤᠯ ᠤᠨ ᠴᠤᠭᠯᠠᠭᠠᠨ ᠨᠢ ᠳᠠᠯ᠎ᠠ ᠨᠤᠳᠤᠭ ᠤᠨ ᠤᠯᠠᠮᠵᠢᠯᠠᠯᠳᠤ ᠳᠡᠮᠢᠷ ᠤᠨ ᠬᠦᠳᠡᠯᠭᠡᠭᠡᠨ ᠬᠢᠬᠡᠳ ᠪᠦᠳᠦᠭᠡᠯᠴᠢ ᠰᠤᠶᠤᠯ ᠢ ᠤᠶᠠᠯᠳᠤᠭᠤᠯᠤᠭᠰᠠᠨ ᠦᠪᠡᠳᠡᠭᠰᠢ ᠶᠡᠭᠡ ᠨᠠᠶᠢᠷ ᠴᠤᠭᠯᠠᠭᠠᠨ ᠪᠤᠯᠵᠤ᠂ ᠤᠯᠠᠨ ᠤᠯᠤᠰ ᠤᠨ ᠰᠤᠯᠢᠯᠴᠠᠭᠠᠨ ᠤ ᠳᠠᠪᠴᠠᠩ ᠢ ᠪᠠᠶᠢᠭᠤᠯᠤᠨ᠂ ᠳᠠᠯ᠎ᠠ ᠨᠤᠳᠤᠭ ᠤᠨ ᠦᠨᠳᠦᠰᠦᠲᠡᠨ ᠨᠦᠬᠦᠳ ᠤᠨ ᠠᠷᠠᠳ ᠲᠦᠮᠡᠨ ᠤᠶᠤᠨ ᠤᠬᠠᠭᠠᠨ ᠢᠶᠠᠨ ᠪᠠᠳᠠᠷᠠᠭᠤᠯᠤᠨ ᠢᠷᠡᠭᠡᠳᠦᠢ ᠪᠠᠨ ᠬᠠᠮᠳᠤᠪᠠᠷ ᠴᠤᠭᠴᠠᠯᠠᠵᠤ᠂ ᠰᠢᠨ᠎ᠡ ᠶᠢ ᠡᠭᠦᠳᠬᠦ ᠵᠤᠷᠢᠭ ᠰᠠᠨᠠᠭ᠎ᠠ ᠪᠠᠷ ᠦᠢ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠨ ᠲᠥᠭ ᠲᠥᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠦᠢᠯᠡᠳᠦᠯᠬᠡᠵᠢᠬᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号