ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠤᠨ ᠠᠴᠠ ᠨᠠᠰᠢᠬᠢ ᠬᠦᠨᠳᠦ ᠰᠦᠷᠡᠬᠡᠢ ᠭᠠᠩ ᠤᠨ | ᠭᠠᠮᠰᠢᠭ ᠲᠤ ᠴᠢᠭᠯᠡᠭᠦᠯᠦᠨ᠂ ᠤᠯᠤᠰ ᠤᠨ ᠭᠠᠮᠰᠢᠭ ᠢ ᠪᠠᠭᠠᠰᠬᠠᠬᠤ ᠵᠦᠪᠯᠡᠯ ᠪᠤᠯᠤᠨ ᠠᠷᠠᠳ ᠤᠨ ᠶᠠᠪᠤᠳᠠᠯ ᠤᠨ | ᠶᠠᠮᠤᠨ 22 ᠤᠨ ᠡᠳᠦᠷ ᠤᠨ 17 ᠴᠠᠭ ᠠᠴᠠ ᠤᠯᠤᠰ ᠤᠨ IV ᠳᠡᠰ ᠤᠨ ᠭᠠᠮᠰᠢᠭ ᠠᠴᠠ ᠠᠪᠤᠷᠠᠬᠤ ᠪᠠᠴᠢᠮ | ᠠᠷᠭᠠᠴᠠᠬᠤ ᠲᠦᠰᠦᠯ ᠢ ᠭᠡᠷᠡᠭᠵᠢᠬᠦᠯᠵᠦ᠂ ᠠᠵᠢᠯᠯᠠᠬᠤ ᠳᠤᠭᠤᠢᠢᠯᠠᠩ ᠲᠤᠮᠢᠯᠠᠨ ᠭᠠᠮᠰᠢᠭᠳᠠᠭᠰᠠᠨ ᠤᠷᠤᠨ ᠢᠶᠠᠷ | ᠭᠠᠮᠰᠢᠭ ᠤᠨ ᠪᠠᠶᠢᠳᠠᠯ ᠢ ᠪᠠᠶᠢᠴᠠᠭᠠᠨ ᠦᠵᠡᠵᠤ᠂ ᠭᠠᠮᠰᠢᠭᠳᠠᠭᠰᠠᠨ ᠤᠯᠠᠨ ᠲᠦᠮᠡᠨ ᠤ ᠠᠮᠢᠳᠤᠷᠠᠯ ᠢ ᠠᠪᠤᠷᠠᠨ | ᠲᠤᠰᠠᠯᠠᠬᠤ ᠠᠵᠢᠯ ᠢ ᠬᠠᠮᠵᠢᠭᠤᠯᠬᠤ ᠪᠠ ᠵᠢᠯᠤᠭᠤᠳᠤᠭᠤᠯᠬᠤ ᠪᠠᠷ ᠪᠤᠯᠪᠠ᠃ | ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ | ᠮᠡᠳᠡᠬᠦᠯᠦᠯᠳᠠ ᠶᠢ ᠦᠨᠳᠦᠰᠦᠯᠡᠪᠡᠯ᠂ ᠵᠤᠨ ᠠᠴᠠ ᠨᠠᠰᠢ ᠦᠪᠤᠷ ᠮᠤᠩᠭᠤᠯ ᠳᠤ ᠠᠭᠠᠬᠢᠮ᠎ᠠ ᠬᠠᠯᠠᠭᠤᠨ ᠭᠠᠩ | ᠬᠠᠭᠤᠷᠠᠢ ᠠᠭᠤᠷ ᠠᠮᠢᠰᠬᠤᠯ ᠦᠷᠬᠦᠯᠵᠢᠯᠡᠵᠤ᠂ ᠢᠯᠠᠩᠭᠤᠶ᠎ᠠ ᠵᠡᠬᠦᠨ ᠪᠠᠶ᠎ᠠ ᠶᠢᠨ ᠭᠠᠵᠠᠷ ᠤᠷᠤᠨ ᠳᠤ ᠬᠦᠨᠳᠤ | ᠨᠤᠴᠢᠳᠠᠢ ᠭᠠᠩ ᠬᠠᠭᠰᠠᠷᠠᠭᠠᠨ ᠡᠬᠦᠰᠴᠦ᠂ ᠰᠢᠯᠢ ᠶᠢᠨ ᠭᠤᠤᠯ ᠠᠶᠢᠮᠠᠭ ᠠᠴᠠ ᠵᠡᠬᠦᠨᠰᠢᠬᠢ ᠠᠶᠢᠮᠠᠭ ᠬᠤᠳᠠ ᠶᠢᠨ | ᠲᠤᠮᠳᠠᠴᠢ ᠲᠤᠯᠠᠭᠠᠨ ᠤ ᠬᠡᠮᠵᠢᠶ᠎ᠠ ᠡᠩ ᠤᠨ ᠵᠢᠯ ᠤᠨ ᠬᠢ ᠠᠴᠠ 1 — 2 ᠭᠷᠠᠳᠦ᠋ᠰ ᠦᠨᠳᠤᠷ ᠪᠠᠶᠢᠵᠤ᠂ ᠬᠦᠯᠦᠨ | ᠪᠤᠶᠢᠷ ᠬᠤᠳᠠ ᠶᠢᠨ ᠵᠠᠷᠢᠮ ᠭᠠᠵᠠᠷ ᠤᠨ ᠬᠠᠯᠠᠭᠤᠨ ᠤ ᠬᠡᠮᠵᠢᠶ᠎ᠠ 44.1 ᠭᠷᠠᠳᠦ᠋ᠰ ᠲᠤ ᠬᠦᠷᠴᠠᠢ᠃ ᠡᠬᠦᠨ ᠤ | ᠵᠡᠷᠬᠡᠪᠡᠷ ᠬᠤᠷ᠎ᠠ ᠲᠤᠨᠤᠳᠠᠰᠤ ᠶᠢᠨ ᠬᠡᠮᠵᠢᠶ᠎ᠠ ᠡᠩ ᠤᠨ ᠵᠢᠯ ᠤᠨ ᠬᠢ ᠠᠴᠠ 35% — 75% ᠢᠶᠠᠷ ᠪᠠᠭᠠᠰᠴᠦ᠂ | ᠦᠶᠠᠷ ᠤᠨ ᠬᠤᠭᠤᠴᠠᠭ᠎ᠠ ᠳᠤ ᠤᠷᠤᠭᠰᠠᠨ ᠠᠴᠠ ᠨᠠᠰᠢᠬᠢ 2 ᠰᠠᠷ᠎ᠠ ᠭᠠᠷᠤᠢ ᠶᠢᠨ ᠬᠤᠭᠤᠴᠠᠭᠠᠨ ᠳᠤ ᠪᠦᠳᠦᠮᠵᠢᠳᠠᠢ | ᠬᠤᠷ᠎ᠠ ᠲᠤᠨᠤᠳᠠᠰᠤ ᠤᠷᠤᠭᠰᠠᠨ ᠦᠬᠡᠢ︔ 8 ᠰᠠᠷ᠎ᠠ ᠶᠢᠨ ᠰᠢᠨᠡᠳ ᠢᠶᠠᠷ ᠤᠷᠤᠭᠰᠠᠨ ᠬᠤᠷ᠎ᠠ ᠲᠤᠨᠤᠳᠠᠰᠤ ᠶᠢᠨ | ᠬᠡᠮᠵᠢᠶ᠎ᠠ 10 ᠮᠢᠯᠯᠢᠮᠧᠲᠷ ᠲᠤ ᠴᠦ ᠬᠦᠷᠬᠦ ᠦᠬᠡᠢ ᠪᠠᠶᠢᠵᠤ᠂ ᠡᠩ ᠤᠨ ᠵᠢᠯ ᠤᠨ ᠬᠢ ᠠᠴᠠ 80% — | 100% ᠢᠶᠠᠷ ᠪᠠᠭᠠᠰᠴᠠᠢ᠃ ᠠᠭᠠᠬᠢᠮ᠎ᠠ ᠬᠠᠯᠠᠭᠤᠨ ᠭᠠᠩ ᠬᠠᠭᠤᠷᠠᠢ ᠠᠭᠤᠷ ᠠᠮᠢᠰᠬᠤᠯ ᠦᠷᠬᠦᠯᠵᠢᠯᠡᠭᠰᠡᠨ ᠠᠴᠠ | ᠥᠪᠦᠷ ᠮᠤᠩᠭᠤᠯ ᠴᠠᠭ ᠠᠭᠤᠷ ᠤᠨ ᠳᠡᠮᠳᠡᠭᠯᠡᠯ ᠲᠠᠢ ᠪᠤᠯᠤᠭᠰᠠᠨ ᠠᠴᠠ ᠨᠠᠰᠢᠬᠢ ᠬᠠᠮᠤᠭ ᠤᠨ ᠬᠦᠨᠳᠦ ᠨᠤᠴᠢᠳᠠᠢ | ᠭᠠᠩ ᠤᠨ ᠭᠠᠮᠰᠢᠭ ᠲᠤ ᠲᠠᠭᠠᠷᠢᠭᠳᠠᠪᠠ᠃ ᠪᠦᠷᠢᠳᠭᠡᠯ ᠢ ᠦᠨᠳᠦᠰᠦᠯᠡᠪᠡᠯ᠂ 8 ᠰᠠᠷ᠎ᠠ ᠶᠢᠨ 22 ᠤᠨ ᠡᠳᠦᠷ | ᠪᠤᠯᠲᠠᠯ᠎ᠠ᠂ ᠭᠠᠩ ᠤᠨ ᠭᠠᠮᠰᠢᠭ ᠨᠢ ᠤᠯᠠᠭᠠᠨᠬᠠᠳᠠ᠂ ᠲᠦᠩᠯᠢᠶᠤᠤ᠂ ᠰᠢᠯᠢ ᠶᠢᠨ ᠭᠤᠤᠯ᠂ ᠬᠦᠯᠦᠨ ᠪᠤᠶᠢᠷ ᠵᠡᠷᠭᠡ 9 | ᠠᠶᠢᠮᠠᠭ ᠬᠤᠲᠠ ᠶᠢᠨ 55 ᠰᠢᠶᠠᠨ ︵ᠲᠤᠭᠤᠷᠢᠭ᠂ ᠬᠤᠰᠢᠭᠤ︶ ᠤ 385.7 ᠲᠦᠮᠡᠨ ᠬᠦᠮᠦᠨ ᠢ | ᠭᠠᠮᠰᠢᠭᠳᠠᠭᠤᠯᠵᠤ᠂ 132.9 ᠲᠦᠮᠡᠨ ᠬᠦᠮᠦᠨ ᠲᠤ ᠠᠮᠢᠳᠤᠷᠠᠯ ᠤᠨ ᠠᠪᠤᠷᠠᠨ ᠲᠤᠰᠠᠯᠠᠯᠲᠠ ᠱᠠᠭᠠᠷᠳᠠᠭᠳᠠᠵᠤ | ᠪᠠᠶᠢᠬᠤ ᠪᠦᠭᠡᠳ ᠲᠠᠷᠢᠮᠠᠯ ᠤᠨ ᠭᠠᠮᠰᠢᠭᠳᠠᠭᠰᠠᠨ ᠲᠠᠯᠠᠪᠠᠢ 2521 ᠮᠢᠩᠭᠠᠨ ᠾᠧᠺᠲ᠋ᠠᠷ ᠲᠤ ᠬᠦᠷᠴᠤ᠂ ᠨᠤᠳᠤᠭ | ᠪᠡᠯᠴᠢᠭᠡᠷ ᠤᠨ ᠭᠠᠮᠰᠢᠭᠳᠠᠭᠰᠠᠨ ᠲᠠᠯᠠᠪᠠᠢ 33428 ᠮᠢᠩᠭᠠᠨ ᠾᠧᠺᠲ᠋ᠠᠷ ᠲᠤ ᠬᠦᠷᠴᠤ᠂ ᠠᠵᠤ ᠠᠬᠤᠢ ᠶᠢᠨ | ᠰᠢᠭᠤᠳ ᠬᠤᠬᠢᠷᠠᠯ 83 ᠳ᠋ᠦᠩᠰᠢᠭᠤᠷ ᠲᠦᠭᠦᠷᠢᠭ ᠲᠤ ᠬᠦᠷᠴᠠᠢ᠃ |